ᠱᠢᠯᠢ᠎ᠶ᠋ᠢᠨ ᠭᠤᠤᠯ ᠠᠢᠮᠠᠭ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠡᠬᠢ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ ᠪᠣᠶ
2024-07-28 11:26:28
ᠵᠣᠬᠢᠶᠠᠭ᠍ᠴᠢ᠄
​ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠱᠢᠯᠢ᠎ᠶ᠋ᠢᠨ ᠭᠤᠤᠯ ᠠᠢᠮᠠᠭ ᠤᠢᠷ᠎ᠠ᠎ᠳᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠲᠤᠬᠠᠶ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠲᠣᠰ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ ᠵᠢᠨ ᠬᠦᠷᠢᠶᠡᠨ᠎ᠳᠡᠬᠢ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠠᠵᠢᠯ᠎ᠤᠨ ᠲᠤᠬᠠᠢ ᠪᠠᠢᠳᠠᠯ᠎ᠢ ᠮᠡᠳᠡᠭ᠌ᠳᠡᠪᠡ᠃

ᠲᠠᠨᠢᠯᠴᠠᠭᠤᠯᠤᠭ᠍ᠰᠠᠨ᠎ᠢᠶᠠᠷ᠂ ᠡᠨᠡ ᠵᠢᠯ᠎ᠦᠨ 4 ᠰᠠᠷ᠎ᠠ᠎ᠳᠤ ᠱᠢᠯᠢ᠎ᠶ᠋ᠢᠨ ᠭᠤᠤᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠲᠣᠰ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠂ ᠪᠠᠢᠴᠠᠭᠠᠬᠤ ᠬᠤᠪᠢᠶᠠᠷᠢ ᠬᠣᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠯᠤᠭᠡ ᠬᠠᠮᠲᠤᠷᠠᠨ᠂ 2024 ᠣᠨ᠎ᠤ ᠪᠥᠬᠥ᠌ ᠠᠢᠮᠠᠭ᠎ᠤᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠬᠤᠷᠠᠯ᠎ᠬᠤᠷᠠᠯᠳᠤᠭᠤᠯᠵᠤ᠂ 2023 ᠣᠨ᠎ᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠣᠯᠤᠭ᠍ᠰᠠᠨ ᠦᠷ᠎ᠡ ᠪᠦᠲᠦᠮᠵᠢ᠎ᠶ᠋ᠢ ᠳ᠋ᠦᠩᠨᠡᠵᠦ᠍᠂ ᠣᠳᠣᠬᠠᠨ᠎ᠤ ᠰᠠᠭᠤᠷᠢ ᠮᠥᠩᠭᠥ᠎ᠶ᠋ᠢᠨ ᠠᠮᠤᠷ ᠲᠦᠪᠱᠢᠨ᠎ᠳᠦ ᠲᠤᠯᠭᠠᠷᠠᠵᠤ ᠪᠠᠢᠭ᠎ᠠ ᠪᠤᠳᠤᠯᠢᠶᠠᠨᠲᠠᠶ ᠪᠠᠢᠳᠠᠯ᠎ᠢ ᠰᠤᠳᠤᠯᠤᠨ ᠮᠠᠭᠠᠳᠯᠠᠵᠤ᠂ ᠣᠳᠣᠬᠠᠨ᠎ᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠪᠠᠢᠷᠢᠯᠠᠭᠤᠯᠪᠠ᠃ ᠡᠭᠦᠨ᠎ᠳᠤ ᠭᠤᠤᠯᠳᠠᠭᠤ ᠬᠤᠳᠠᠯ ᠬᠠᠭᠤᠷᠮᠠᠭ᠎ᠢᠶᠠᠷ ᠣᠨᠣᠱᠢᠯᠠᠨ ᠡᠮᠨᠡᠬᠦ᠌᠂ ᠬᠤᠳᠠᠯ ᠬᠠᠭᠤᠷᠮᠠᠭ᠎ᠢᠶᠠᠷ ᠡᠮ ᠬᠤᠳᠠᠯᠳᠤᠨ ᠠᠪᠬᠤ᠂ ᠡᠮᠴᠢᠯᠡᠭᠡᠨ᠎ᠦ ᠳᠠᠭᠠᠳᠭᠠᠯ᠎ᠤᠨ ᠡᠮ᠎ᠦᠨ ᠵᠦᠶ᠋ᠯ᠎ᠢ ᠰᠠᠷᠢᠭᠠᠯᠠᠬᠤ ᠵᠡᠷᠭᠡ ᠳᠠᠭᠠᠳᠭᠠᠯ᠎ᠢ ᠮᠡᠬᠡᠯᠡᠨ ᠠᠪᠬᠤ ᠠᠵᠢᠯᠯᠠᠭ᠎ᠠ᠎ᠳᠤ ᠴᠣᠬᠢᠯᠲᠠ ᠥᠭ᠌ᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ ᠲᠤᠰᠭᠠᠶ ᠴᠡᠭ᠌ᠴᠡᠯᠡᠨ ᠵᠠᠰᠠᠬᠤ ᠠᠵᠢᠯ ᠥᠷᠨᠢᠭᠦᠯᠵᠠᠢ᠃ ᠰᠠᠭᠤᠷᠢ ᠮᠥᠩᠭᠥ᠎ᠶ᠋ᠢᠨ ᠵᠠᠷᠤᠯᠭ᠎ᠠ᠎ᠶ᠋ᠢᠨ ᠬᠡᠮᠵᠢᠶ᠎ᠡ᠎ᠨᠢ ᠬᠡᠲᠦᠷᠬᠡᠢ ᠶᠡᠬᠡ᠂ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠤᠭᠰᠠᠨ ᠤᠳᠠᠭ᠎ᠠ᠎ᠨᠢ ᠬᠡᠲᠦᠷᠬᠡᠢ ᠠᠷᠪᠢᠨ᠂ ᠨᠢᠭᠡ ᠤᠳᠠᠭᠠᠨ᠎ᠤ ᠳᠥᠯᠥᠭᠰᠡᠨ ᠵᠣᠭᠣᠰ᠎ᠤᠨ ᠲᠣᠭ᠎ᠠ᠎ᠨᠢ ᠨᠡᠯᠢᠶᠡᠳ ᠠᠷᠪᠢᠨ᠂ ᠬᠡᠮᠵᠢᠶ᠎ᠡ᠎ᠡᠴᠡ ᠬᠡᠲᠦᠷᠡᠭᠦᠯᠦᠨ ᠡᠮ ᠬᠡᠷᠡᠭ᠌ᠯᠡᠬᠦ᠌ ᠵᠡᠷᠭᠡ ᠬᠡᠪ᠎ᠦᠨ ᠪᠤᠰᠤ ᠪᠠᠢᠳᠠᠯ᠎ᠢ ᠴᠢᠩᠭ᠎ᠠ ᠠᠩᠬᠠᠷᠴᠤ᠌ ᠭᠤᠤᠯᠳᠠᠯᠭ᠎ᠠ᠎ᠲᠠᠶ ᠬᠠᠷᠭᠤᠭᠤᠯᠤᠨ ᠪᠠᠢᠴᠠᠭᠠᠪᠠ᠃ 4 ᠰᠠᠷ᠎ᠠ᠎ᠠᠴᠠ ᠡᠬᠢᠯᠡᠨ᠂ ᠲᠣᠭ᠍ᠲᠠᠭ᠍ᠰᠠᠨ ᠴᠡᠭ᠎ᠦᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠂ ᠱᠢᠳᠦᠨ᠎ᠤ ᠰᠠᠯᠠᠭᠠᠨ᠎ᠤ ᠡᠭᠦᠳᠡᠨ ᠡᠮᠨᠡᠯᠭᠡ᠂ ᠬᠤᠪᠢ᠎ᠶ᠋ᠢᠨ ᠡᠮᠴᠢᠯᠡᠭᠡᠨ᠎ᠦ ᠭᠠᠵᠠᠷ᠎ᠲᠤ ᠵᠥᠪᠳᠡᠯᠴᠡᠬᠡᠷ᠎ᠦᠨ ᠬᠠᠮᠢᠶᠠᠷᠤᠯᠲᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠲᠤᠬᠠᠢ ᠲᠤᠰᠭᠠᠶ ᠪᠠᠢᠴᠠᠭᠠᠯᠲᠠ ᠬᠢᠵᠦ᠂ ᠣᠳᠣᠬᠠᠨ ᠪᠣᠯᠲᠠᠯ᠎ᠠ 510 ᠲᠣᠭ᠍ᠲᠠᠭ᠍ᠰᠠᠨ ᠴᠡᠭ᠎ᠦᠨ ᠡᠮᠴᠢᠯᠡᠭᠡᠨ᠎ᠤ ᠪᠠᠢᠭᠤᠯᠤᠮᠵᠢ ᠵᠢ ᠲᠤᠬᠠᠢ ᠵᠢᠨ ᠲᠠᠯᠠᠪᠠᠢ᠎ᠳᠤ ᠪᠠᠢᠴᠠᠭᠠᠵᠤ᠂ 91 ᠪᠠᠢᠭᠤᠯᠤᠮᠵᠢ ᠵᠢᠨ ᠠᠰᠠᠭᠤᠳᠠᠯ᠎ᠢ᠎ᠨᠢ ᠱᠢᠶ᠋ᠳᠪᠦᠷᠢᠯᠡᠪᠡ᠂ ᠡᠭᠦᠨ᠎ᠳᠦ 30᠎ᠪᠠᠢᠭᠤᠯᠤᠮᠵᠢ ᠲᠠᠢ ᠨᠢ ᠪᠣᠯᠵᠣᠨ ᠶᠠᠷᠢᠯᠴᠠᠵᠤ᠂ 53᠎ᠪᠠᠢᠭᠤᠯᠤᠮᠵᠢ ᠵᠢᠨ ᠡᠮ ᠡᠮᠨᠡᠯᠭᠡ ᠵᠢᠨ ᠳᠠᠭᠠᠳᠭᠠᠯ᠎ᠤᠨ ᠬᠡᠯᠡᠯᠴᠡᠭᠡᠷ᠎ᠢ ᠨᠢ ᠲᠦᠷ ᠵᠣᠭ᠍ᠰᠣᠭᠠᠵᠤ᠂ 25 ᠪᠠᠢᠭᠤᠯᠤᠮᠵᠢ᠎ᠳᠤ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠤᠯᠭᠤᠬᠤ ᠵᠢ ᠵᠤᠭᠰᠤᠭᠠᠵᠦ (ᠨᠡᠬᠡᠮᠵᠢᠯᠡᠨ ᠠᠪᠴᠢᠷᠠᠪᠠ)᠂ 28.99 ᠲᠦᠮᠡᠨ ᠲᠥᠭᠥᠷᠢᠭ᠎ᠦᠨ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠌ ᠤᠯᠭᠤᠬᠤ ᠵᠢ ᠵᠤᠭᠰᠤᠭᠠᠵᠦ ᠨᠡᠭᠡᠮᠵᠢᠯᠡᠨ ᠠᠪᠴᠢᠷᠠᠵᠠᠢ᠃

《ᠡᠮᠴᠢᠯᠡᠭᠡᠨ᠎ᠤ ᠪᠠᠲᠤᠯᠠᠭ᠎ᠠ ᠨᠢ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠴᠢᠬᠤᠯᠠ ᠲᠤᠯᠭᠠᠭᠤᠷᠢ ᠪᠣᠯᠤᠭ᠍ᠰᠠᠨ᠎ᠤ ᠬᠤᠪᠢ᠎ᠳᠤ᠂ ᠥᠷᠭᠡᠨ ᠣᠯᠠᠨ ᠠᠷᠠᠳ ᠲᠦᠮᠡᠨ᠎ᠦ ᠠᠱᠢᠭ ᠲᠤᠰᠠ ᠪᠠ ᠡᠷᠡᠭᠦᠯ ᠮᠡᠨᠳᠦ ᠠᠵᠠ ᠵᠢᠷᠭᠠᠯ᠎ᠲᠠᠶ ᠱᠢᠭᠤᠳ ᠬᠣᠯᠪᠣᠭ᠍ᠳᠠᠵᠤ ᠪᠠᠢᠳᠠᠭ》 ᠭᠡᠵᠦ ᠱᠢᠯᠢ᠎ᠶ᠋ᠢᠨ ᠭᠤᠤᠯ ᠠᠢᠮᠠᠭ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠮᠥᠩᠬᠡᠪᠠᠶᠠᠷ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号