ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ ᠦᠵᠡᠭ᠌ᠴᠢᠳ᠎ᠢ 350 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌ ᠵᠣᠴᠢᠯᠠᠪᠠ
2024-07-03 10:29:03
ᠵᠣᠬᠢᠶᠠᠭ᠍ᠴᠢ᠄
​ᠳ᠋ᠦᠩ ᠪᠥᠸᠧ ᠲᠢᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ 103 ᠵᠢᠯ᠎ᠦᠨ ᠤᠢ᠎ᠪᠠᠨ ᠤᠭ᠍ᠲᠤᠬᠤ ᠲᠠᠱᠢᠷᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ ᠲᠣᠭᠣᠷᠢᠨ ᠦᠵᠡᠬᠦ᠌ ᠬᠠᠯᠠᠭᠤᠨ ᠥᠷᠨᠢᠯᠲᠡ᠎ᠪᠡᠨ ᠳᠠᠬᠢᠨᠲᠠ ᠤᠭ᠍ᠲᠤᠨ ᠠᠪᠤᠯ᠎ᠠ᠃ ᠰᠤᠷᠪᠤᠯᠵᠢᠯᠠᠭ᠍ᠴᠢ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠎ᠡᠴᠡ ᠣᠢᠯᠠᠭᠠᠭ᠍ᠰᠠᠨ᠎ᠢᠶᠠᠷ᠂ 2021 ᠣᠨ᠎ᠤ 6 ᠰᠠᠷ᠎ᠠ᠎ᠶ᠋ᠢᠨ 18 ᠎ᠤ᠋ ᠡᠳᠦᠷ ᠡᠭᠦᠳᠡ᠎ᠪᠡᠨ ᠨᠡᠭᠡᠭᠡᠭ᠌ᠰᠡᠨ᠎ᠡᠴᠡ ᠨᠠᠭᠠᠰᠢ᠂ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠎ᠨᠢ ᠦᠵᠡᠭ᠌ᠴᠢᠳ᠎ᠢ ᠨᠡᠢᠲᠡ 350 ᠭᠠᠷᠤᠶ ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠪᠦᠯᠬᠦᠮ ᠳᠤᠭᠤᠢᠯᠠᠩ᠎ᠢ 1 ᠲᠦᠮᠡ ᠭᠠᠷᠤᠶ ᠭᠥᠯᠢᠶᠡᠨ ᠠᠪᠴᠤ᠌᠂ ᠡᠭᠦᠨ᠎ᠳᠦ ᠵᠠᠯᠠᠭᠤᠴᠤᠳ ᠪᠠᠭᠠᠴᠤᠳ 55 ᠲᠦᠮᠡᠨ ᠬᠥᠮᠦᠨ ᠤᠳᠠᠭ᠎ᠠ᠎ᠳᠤ ᠬᠦᠷᠴᠡᠶ᠃

ᠣᠢᠯᠠᠭᠠᠭ᠍ᠰᠠᠨ᠎ᠢᠶᠠᠷ᠂ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ ᠤᠢ᠍ᠢᠷ᠎ᠠ᠎ᠶ᠋ᠢᠨ ᠬᠤᠭᠤᠴᠠᠭᠠᠨ᠎ᠳᠤ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠬᠠᠮᠢᠶ᠎ᠠ ᠪᠦᠬᠦᠢ ᠦᠵᠡᠭᠦᠯᠭᠡ᠎ᠶ᠋ᠢᠨ ᠠᠭᠤᠯᠭ᠎ᠠ᠎ᠶ᠋ᠢ ᠲᠤᠰᠭᠠᠢᠯᠠᠨ ᠡᠮᠬᠢᠳᠭᠡᠵᠦ᠍᠂ ᠭᠣᠣᠯᠳᠠᠯᠭ᠎ᠠ᠎ᠲᠠᠶ ᠲᠠᠢᠯᠪᠤᠷᠢᠯᠠᠵᠤ᠂ ᠤᠬᠠᠭᠤᠯᠭ᠎ᠠ᠎ᠪᠠᠨ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ ᠠᠷᠠᠳ ᠤᠯᠠᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠷ ᠳᠠᠯᠠᠢᠴᠠᠲᠠᠢ ᠲᠡᠦᠬᠡ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠬᠤ᠎ᠶ᠋ᠢᠨ ᠬᠠᠮᠲᠤ᠂ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠭᠤᠯᠪᠠ᠃

《ᠨᠠᠮ᠎ᠤᠨ ᠲᠡᠦᠬᠡ ᠪᠣᠯ ᠬᠠᠮᠤᠭ᠎ᠤᠨ ᠠᠮᠢᠳᠤᠯᠢᠭ᠂ ᠬᠠᠮᠤᠭ᠎ᠤᠨ ᠢᠲᠡᠭᠡᠭᠦᠯᠬᠦ᠌ ᠬᠦᠴᠦᠨ᠎ᠲᠡᠶ ᠰᠤᠷᠬᠤ ᠪᠢᠴᠢᠭ ᠮᠥᠨ》᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠣᠷᠳᠣᠨ᠎ᠤ ᠳᠠᠷᠤᠭ᠎ᠠ ᠦ᠋ ᠱᠢᠶᠠᠩ ᠳ᠋ᠦᠩ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠴᠢᠬᠤᠯᠠ ᠭᠣᠭ᠍ᠴᠣᠭ᠎ᠠ᠎ᠶ᠋ᠢ ᠠᠳᠭᠤᠵᠤ᠂ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠦᠨ᠎ᠡ ᠥᠷᠲᠡᠭ ᠪᠠ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠬᠥᠮᠦᠵᠢᠯ᠎ᠦᠨ ᠴᠢᠳᠠᠮᠵᠢ᠎ᠶ᠋ᠢ ᠭᠦᠶ᠋ᠴᠡᠳ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ ᠨᠠᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ᠍ ᠢᠯᠡᠳᠭᠡᠪᠡ᠃


(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 6 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号