ᠡᠨᠡ ᠬᠡᠳᠦᠨ ᠡᠳᠦᠷ᠂ ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠤ ᠰᠠᠢᠬᠠᠨᠲᠤᠤᠷᠠᠢ ᠰᠤᠮᠤ᠎ᠶᠢᠨ ᠨᠠᠮ᠎ᠤᠨ ᠬᠣᠷᠢᠶ᠎ᠠ ᠢ᠋ᠢᠨ ᠱᠦᠵᠢ ᠡᠷᠳᠡᠨᠢᠴᠢᠮᠡᠭ ᠰᠤᠮᠤᠨ᠎ᠤ ᠪᠠᠨ ᠤᠳᠤᠷᠢᠳᠬᠤ ᠺᠠᠳ᠋ᠷᠴᠤᠳ᠎ᠢ ᠳᠠᠭᠠᠭᠤᠯᠤᠨ ᠭᠠᠴᠠᠭᠠᠨ᠎ᠳᠤ ᠬᠦᠷᠴᠦ ᠲᠠᠷᠢᠶᠠᠴᠢᠨ ᠡᠷᠦᠬᠡ᠎ᠪᠡᠷ ᠬᠦᠨᠵᠡᠭᠡᠢᠷᠡᠨ᠂ ᠡᠯ᠎ᠡ ᠭᠠᠴᠠᠭ᠎ᠠ᠎ᠶᠢᠨ ᠲᠠᠷᠢᠶᠠᠯᠠᠩ ᠮᠠᠯ ᠠᠵᠤ ᠠᠬᠤᠢ ᠵᠢᠴᠢ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠣᠢᠯᠠᠭᠠᠬᠰᠠᠨ ᠪᠠᠢᠨ᠎ᠠ᠃《ᠰᠤᠮᠤ ᠵᠢᠨ ᠨᠠᠮ᠎ᠤᠨ ᠬᠣᠷᠢᠶ᠎ᠠ᠎ᠶᠢᠨ ᠤᠳᠤᠷᠢᠳᠬᠤ ᠺᠠᠳ᠋ᠷ ᠪᠣᠯᠤᠭᠰᠠᠨ᠎ᠤ ᠬᠤᠪᠢ᠎ᠳᠤ᠂ ᠭᠠᠭᠴᠠ ᠬᠦ᠌ ᠰᠤᠮᠤ ᠵᠢᠨ ᠡᠯ᠎ᠡ ᠭᠠᠴᠠᠭ᠎ᠠ᠎ᠶᠢᠨ ᠬᠥᠭᠵᠢᠯᠲᠡ᠎ᠶᠢᠨ ᠣᠳᠣᠬᠢ ᠪᠠᠢᠳᠠᠯ᠎ᠢ ᠴᠠᠭ ᠢᠮᠠᠭᠲᠠ ᠰᠠᠢᠳᠤᠷ ᠣᠢᠯᠠᠭᠠᠵᠤ᠂ ᠰᠡᠳᠬᠢᠯ᠎ᠳᠡᠭᠡᠨ ᠬᠠᠳᠠᠩᠰᠢᠭᠤᠯᠪᠠᠯ ᠰᠠᠶᠢ ᠰᠤᠮᠤ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠠᠷᠭ᠎ᠠ ᠵᠠᠮ᠎ᠢ ᠦᠷᠬᠦᠯᠵᠢᠯᠡᠨ ᠰᠦᠪᠡᠭᠴᠢᠯᠡᠵᠦ᠂ ᠠᠵᠤ ᠦᠢᠯᠡᠰ᠎ᠦᠨ ᠬᠥᠭᠵᠢᠯᠲᠡ᠎ᠪᠡᠷ ᠳᠠᠮᠵᠢᠭᠤᠯᠤᠨ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭᠳᠡᠭᠦᠯᠦᠨ ᠪᠠᠶᠠᠵᠢᠯ ᠤᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ ᠂ ᠮᠠᠯᠴᠢᠨ ᠲᠠᠷᠢᠶᠠᠴᠢᠨ᠎ᠢ ᠤᠯᠠᠮ ᠪᠠᠶᠠᠨ ᠴᠢᠨᠡᠭᠡᠯᠢᠭ ᠪᠣᠯᠭᠠᠵᠤ ᠴᠢᠳᠠᠨ᠎ᠠ!》ᠭᠡᠵᠦ ᠡᠷᠳᠡᠨᠢᠴᠢᠮᠡᠭ ᠬᠡᠯᠡᠬᠦ ᠶᠤᠮ ᠃
ᠰᠠᠢᠬᠠᠨᠲᠤᠤᠷᠠᠢ ᠰᠤᠮᠤ ᠮᠠᠨ᠎ᠤ ᠣᠷᠣᠨ᠎ᠤ ᠬᠠᠮᠤᠭ᠎ᠤᠨ ᠪᠠᠷᠠᠭᠤᠨ ᠵᠠᠬ᠎ᠠ ᠢ᠋ᠢᠨ ᠡᠵᠡᠨ᠎ᠡ ᠬᠣᠰᠢᠭᠤᠨ᠎ᠳᠤ ᠪᠠᠢᠷᠢᠯᠠᠵᠤ᠂ ᠤᠮᠠᠷᠠᠰᠢ᠎ᠪᠠᠨ ᠮᠣᠩᠭᠣᠯ ᠤᠯᠤᠰ᠎ᠲᠠᠢ ᠬᠢᠯᠢ ᠨᠡᠢᠯᠡᠵᠦ᠂ ᠬᠢᠯᠢ᠎ᠶᠢᠨ ᠱᠤᠭᠤᠮ᠎ᠤᠨ ᠤᠷᠳᠤ ᠨᠢ 141.8 ᠺᠢᠯᠤᠮᠸᠲᠷ᠂ ᠶᠡᠷᠦᠩᠬᠡᠢ ᠲᠠᠯᠠᠪᠠᠢ ᠨᠢ 2.4 ᠲᠦᠮᠡᠨ ᠲᠡᠭᠰᠢ ᠳᠥᠷᠪᠡᠯᠵᠢᠨ ᠺᠢᠯᠤᠮᠸᠲᠷ ᠪᠠᠢᠵᠤ᠂ ᠪᠦᠬᠦ ᠬᠥᠮᠥᠨ ᠠᠮᠠ᠎ᠶᠢᠨ ᠲᠣᠭ᠎ᠠ ᠨᠢ 1880 ᠪᠠᠢᠵᠤ᠂ 2 ᠭᠠᠴᠠᠭ᠎ᠠ᠎ᠶᠢ ᠬᠠᠷᠢᠶᠠᠯᠠᠵᠤ ᠪᠤᠢ᠃
《ᠣᠢᠷ᠎ᠠ᠎ᠶᠢᠨ ᠵᠢᠯ᠎ᠡᠴᠡ ᠰᠤᠮᠤ ᠵᠢᠨ ᠨᠠᠮ᠎ᠤᠨ ᠬᠣᠷᠢᠶ᠎ᠠ ᠵᠢᠨ ᠬᠢᠨ ᠤᠬᠠᠮᠰᠠᠷ ᠡᠴᠡ᠎ᠪᠠᠨ 〈ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ〉 ᠪᠠ 〈ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ〉 ᠶ᠋ᠢ ᠪᠠᠲᠤ ᠴᠣᠭᠴᠠᠯᠠᠬᠤ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠪᠡ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠰᠢᠨ᠎ᠡ ᠴᠠᠭ ᠦᠶ᠎ᠡ᠎ᠶᠢᠨ ᠠᠭᠤᠤ ᠶᠡᠬᠡ ᠦᠢᠯᠡᠳᠦᠯᠭᠡ᠎ᠳᠦ ᠠᠭᠤᠰᠤᠯᠴᠠᠭᠤᠯᠵᠤ᠂ ᠵᠣᠷᠢᠭ᠋ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠲᠦᠮᠡᠨ ᠠᠭᠲᠠ ᠢ᠋ᠢᠨ ᠲᠦᠪᠡᠷᠭᠡᠨᠤ ᠰᠦᠷ ᠬᠦᠴᠦᠨ᠎ᠢᠶᠡᠷ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠤᠷᠤᠬᠤ ᠬᠠᠷᠠᠯᠲᠠ ᠲᠡᠢᠰᠢ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠠᠮᠤᠭᠤᠯᠠᠩ ᠪᠠᠢᠬᠤ ᠰᠠᠢᠨ ᠰᠠᠢᠬᠠᠨ ᠪᠠᠢᠳᠠᠯ᠎ᠢ ᠪᠤᠢ ᠪᠣᠯᠭᠠᠵᠠᠢ》 ᠭᠡᠵᠦ ᠡᠷᠳᠡᠨᠢᠴᠢᠮᠡᠭ ᠰᠤᠷᠪᠤᠯᠵᠢᠯᠠᠭ᠍ᠴᠢ᠎ᠳᠤ ᠬᠡᠯᠡᠪᠡ᠃
ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠰᠡᠳᠬᠢᠯ ᠨᠢᠭᠡᠲᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠪᠡᠷ ᠬᠦᠴᠦᠯᠡᠬᠦ ᠴᠡᠭ ᠪᠣᠯᠭᠠᠵᠤ᠂ ᠣᠢᠷ᠎ᠠ᠎ᠶᠢᠨ ᠵᠢᠯ᠎ᠦᠳ᠎ᠲᠦ᠂ ᠲᠣᠰ ᠰᠤᠮᠤ ᠵᠢᠨ ᠨᠠᠮ᠎ᠤᠨ ᠬᠣᠷᠢᠶ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠡᠨᠡ ᠬᠦ᠌ ᠭᠣᠣᠯ ᠰᠢᠵᠢᠮ ᠢ᠋ ᠴᠢᠩᠭ᠎ᠠ ᠠᠳᠬᠤᠨ᠂ ᠦᠨᠳᠦᠰᠦᠲᠡᠨ᠎ᠨᠦᠭᠦᠳ᠎ᠦᠨ 《ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ》 ᠭᠣᠣᠯ ᠰᠡᠳᠦᠪ᠎ᠦᠨ ᠲᠣᠭᠣᠷᠢᠨ᠎ᠳᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠢ ᠭᠦᠨᠵᠡᠭᠡᠢᠷᠡᠭᠦᠯᠦᠨ᠂ ᠴᠠᠭ ᠦᠶ᠎ᠡ᠎ᠶᠢᠨ ᠣᠨᠴᠠᠯᠢᠭ᠋᠎ᠢᠶᠠᠷ ᠪᠠᠶᠠᠯᠢᠭ᠋᠂ ᠭᠠᠵᠠᠷ ᠣᠷᠣᠨ᠎ᠤ ᠣᠨᠴᠠᠯᠢᠭ᠋᠎ᠲᠠᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠠᠮ᠎ᠢ ᠨᠡᠭᠡᠭᠡᠭᠰᠡᠨ ᠪᠠᠢᠨ᠎ᠠ᠃ ᠨᠡᠢᠲᠡᠯᠢᠭ ᠵᠢᠱ᠌ᠢᠶ᠎ᠡ᠎ᠪᠡᠷ ᠬᠥᠲᠥᠯᠥᠨ ᠳᠠᠭᠠᠭᠤᠯᠬᠤ᠎ᠶᠢ ᠴᠢᠬᠤᠯᠠᠴᠢᠯᠠᠵᠤ᠂ ᠲᠣᠰ ᠰᠤᠮᠤ 《ᠨᠠᠮ᠎ᠤᠨ ᠪᠠᠢᠭᠤᠯᠤᠯᠲᠠ + 》 ᠵᠠᠭᠪᠤᠷ᠎ᠢ ᠬᠡᠷᠡᠭᠯᠡᠨ᠂ ᠤᠶᠤᠨᠰᠤᠶᠤᠯ ᠵᠡᠷᠭᠡ 3 ᠪᠥᠬᠥ ᠤᠯᠤᠰ᠎ᠤᠨ ᠨᠠᠮ᠎ᠤᠨ ᠲᠥᠯᠥᠭᠡᠯᠡᠭᠴᠢ᠎ᠶᠢᠨ ᠶᠠᠳᠠᠭᠤ ᠡᠴᠡ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠵᠤ ᠦᠢᠯᠡᠰ᠎ᠦᠨ ᠬᠥᠭᠵᠢᠯᠲᠡ᠂ ᠨᠡᠢᠭᠡᠮ᠎ᠦᠨ ᠵᠠᠰᠠᠯᠲᠠ ᠵᠡᠷᠭᠡ ᠲᠠᠯ᠎ᠠ᠎ᠪᠠᠷ ᠬᠢ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ 2016 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠶᠠᠳᠠᠭᠤ ᠬᠦᠴᠢᠷᠳᠡᠯᠲᠡᠢ ᠭᠠᠴᠠᠭ᠎ᠠ ᠰᠠᠢᠬᠠᠨᠲᠤᠤᠷᠠᠢ ᠭᠠᠴᠠᠭ᠎ᠠ᠎ᠶᠢ ᠠᠮᠵᠢᠯᠲᠠ᠎ᠲᠠᠢ᠎ᠪᠠᠷ ᠶᠠᠳᠠᠭᠤ ᠡᠴᠡ ᠠᠩᠭᠢᠵᠢᠷᠠᠭᠤᠯᠪᠠ; 2019 ᠣᠨ᠎ᠤ 10 ᠰᠠᠷ᠎ᠠ᠎ᠳᠤ᠂ ᠰᠤᠮᠤ᠎ᠶᠢᠨ ᠶᠠᠳᠠᠭᠤ ᠬᠦᠴᠢᠷᠳᠡᠯᠲᠡᠢ ᠡᠷᠦᠬᠡ᠎ᠶᠢ ᠪᠦᠬᠦᠨ᠎ᠢ ᠶᠠᠳᠠᠭᠤ ᠡᠴᠡ ᠠᠩᠭᠢᠵᠢᠷᠠᠭᠤᠯᠪᠠ; 2023 ᠣᠨ᠎ᠤ ᠡᠴᠦᠰ᠎ᠲᠦ᠂ ᠬᠠᠷᠢᠶᠠᠨ᠎ᠳᠡᠬᠢ 2 ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ ᠨᠢ ᠴᠥᠮ 20 ᠲᠦᠮᠡᠨ ᠲᠥᠭᠥᠷᠢᠭ᠎ᠢ ᠳᠠᠪᠠᠭᠰᠠᠨ ᠪᠠᠢᠨ᠎ᠠ᠃
ᠪᠣᠬᠢᠷᠲᠤᠯ ᠦᠭᠡᠢ ᠬᠥᠭᠵᠢᠭᠦᠯᠤᠨ᠂ ᠨᠣᠭᠣᠭᠠᠷᠠᠭᠤᠯᠬᠤ ᠪᠠᠶᠠᠵᠢᠭᠤᠯᠬᠤ᠎ᠶᠢ ᠵᠡᠷᠭᠡ ᠪᠡᠷ ᠮᠠᠨᠳᠤᠭᠤᠯᠬᠤ᠎ᠶᠢ ᠪᠡᠶᠡᠯᠡᠭᠦᠯᠤᠨ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠶᠢᠨ ᠲᠥᠯᠥᠭᠡ᠂ ᠲᠤᠰ ᠰᠤᠮᠤ ᠵᠢᠨ ᠨᠠᠮ᠎ᠤᠨ ᠬᠣᠷᠢᠶ᠎ᠠ ᠰᠢ᠎ᠶᠢᠨ ᠫᠢᠩ ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠨᠥᠬᠥᠪᠦᠷᠢ ᠱᠠᠩᠨᠠᠯ᠎ᠤᠨ ᠲᠦᠷᠦ᠎ᠶᠢᠨ ᠪᠣᠳᠣᠯᠭ᠎ᠠ᠂ ᠤᠢ ᠰᠢᠭᠤᠢ᠎ᠶᠢᠨ ᠠᠮᠢ ᠠᠬᠤᠢ᠎ᠶᠢᠨ ᠦᠷ᠎ᠡ ᠠᠰᠢᠭ᠋᠎ᠤᠨ ᠨᠥᠬᠥᠪᠦᠷᠢ᠎ᠶᠢᠨ ᠳᠦᠷᠢᠮ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ 《ᠤᠮᠠᠷᠠᠲᠤ ᠢ᠋ᠢᠨ ᠭᠤᠷᠪᠠᠨ ᠤᠷᠤᠨ》 ᠤ᠋ ᠬᠠᠯᠬᠠᠪᠴᠢ ᠤᠢ᠂ ᠲᠠᠷᠢᠶᠠᠯᠠᠬᠤ᠎ᠶᠢ ᠵᠣᠭᠰᠣᠭᠠᠵᠤ ᠤᠢᠵᠢᠭᠤᠯᠬᠤ᠂ ᠮᠠᠯᠵᠢᠬᠤ᠎ᠶᠢ ᠵᠣᠭᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠢ ᠬᠡᠷᠡᠭᠵᠢᠭᠦᠯᠵᠦ᠂ 35 ᠲᠦᠮᠡᠨ ᠮᠦ᠍ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠂ 50 ᠲᠦᠮᠡᠨ ᠮᠦ᠍ ᠤᠢ ᠰᠢᠭᠤᠢ᠎ᠶᠢᠨ ᠦᠢᠯᠡᠰ᠎ᠦᠨ ᠪᠦᠲᠦᠭᠡᠨ ᠪᠠᠢᠭᠤᠯᠤᠯᠲᠠ ᠵᠢ ᠪᠡᠶᠡᠯᠡᠭᠦᠯᠪᠡ᠃ ᠬᠠᠷ᠎ᠠ ᠭᠣᠣᠯ᠎ᠤᠨ ᠤᠰᠤᠨ᠎ᠤ ᠡᠬᠢ ᠪᠠᠶᠠᠯᠢᠭ᠋᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠭᠣᠣᠯ ᠳᠠᠭᠠᠤ᠎ᠶᠢᠨ 70 ᠲᠦᠮᠡᠨ ᠮᠸ᠋ ᠪᠡᠯᠴᠢᠭᠡᠷ᠎ᠢ ᠪᠦᠲᠦᠮᠵᠢᠲᠡᠶ᠎ᠪᠡᠷ ᠤᠰᠤᠯᠠᠪᠠ᠃ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠲᠠᠷᠢᠮᠠᠯ᠎ᠤᠨ ᠪᠦᠲᠦᠴᠡ᠎ᠳᠦ ᠰᠠᠨᠠᠭᠠᠴᠢᠯᠠᠭ᠎ᠠ ᠡᠴᠡ᠎ᠪᠠᠨ ᠲᠣᠬᠢᠷᠠᠭᠤᠯᠤᠯᠲᠠ ᠬᠢᠵᠦ᠂ 2.2 ᠲᠦᠮᠡᠨ ᠮᠦ᠍ ᠲᠠᠷᠢᠶᠠᠯᠠᠬᠤ ᠪᠠᠨ ᠵᠣᠭᠰᠣᠵᠤ ᠡᠪᠡᠰᠦ ᠪᠡᠯᠴᠢᠭᠡᠷ᠎ᠢ ᠰᠡᠷᠭᠦᠭᠡᠵᠦ᠂ 10 ᠲᠦᠮᠡᠨ ᠮᠦ᠍ ᠵᠠᠬ᠎ᠤᠨ ᠣᠶ᠎ᠶᠢᠨ ᠠᠵᠤ ᠠᠬᠤᠢ᠎ᠶᠢ ᠬᠥᠭᠵᠢᠭᠦᠯᠦᠨ᠂ 42 ᠡᠷᠦᠬᠡ᠎ᠶᠢᠨ ᠭᠡᠷ ᠪᠦᠯᠢ᠎ᠶᠢᠨ ᠠᠮᠢ ᠠᠬᠤᠢ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢ ᠪᠠᠢᠭᠤᠯᠵᠤ᠂ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ᠎ᠶᠢᠨ ᠣᠷᠣᠯᠭ᠎ᠠ 1.5 ᠲᠦᠮᠡᠨ ᠲᠥᠭᠥᠷᠢᠭ ᠨᠡᠮᠡᠭᠳᠡᠪᠡ᠃
ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ᠂ ᠬᠢᠯᠢ ᠬᠢᠵᠠᠭᠠᠷ ᠣᠷᠣᠨ᠎ᠳᠤ ᠦᠨᠳᠦᠰᠦᠯᠡᠬᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠲᠦ ᠦᠢᠯᠡᠴᠢᠯᠡᠨ ᠪᠠᠲᠤᠯᠠᠬᠤ᠎ᠪᠠᠷ ᠭᠣᠣᠯᠳᠠᠯᠭ᠎ᠠ ᠪᠤᠯᠭᠠᠪᠠ᠃ ᠣᠢᠷ᠎ᠠ᠎ᠶᠢᠨ ᠵᠢᠯ᠎ᠳᠦ ᠲᠣᠰ ᠰᠤᠮᠤ᠎ᠶᠢᠨ ᠨᠠᠮ᠎ᠤᠨ ᠬᠣᠷᠢᠶ᠎ᠠ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠎ᠪᠡᠷ ᠥᠪᠡᠷ᠎ᠦᠨ ᠡᠭᠦᠷᠭᠡ᠎ᠪᠡᠨ ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠢ ᠢᠳᠡᠪᠬᠢᠲᠡᠢ ᠥᠷᠨᠢᠭᠦᠯᠦᠨ᠂ ᠲᠠᠩᠨᠠᠭᠤᠯ ᠢ ᠰᠡᠷᠬᠡᠢᠯᠡᠨ ᠨᠢᠭᠤᠴᠠ᠎ᠶᠢ ᠬᠠᠮᠠᠭᠠᠯᠠᠬᠤ᠂ ᠴᠡᠷᠢᠭ᠎ᠦᠨ ᠶᠠᠪᠤᠳᠠᠯ᠎ᠤᠨ ᠲᠥᠬᠦᠭᠡᠷᠦᠮᠵᠢ᠎ᠶᠢ ᠬᠠᠮᠠᠭᠠᠯᠠᠬᠤ᠂ ᠬᠢᠯᠢ᠎ᠬᠢᠵᠠᠭᠠᠷ᠎ᠢ ᠬᠠᠮᠢᠶᠠᠷᠴᠤ ᠬᠢᠯᠢ ᠬᠢᠵᠠᠭᠠᠷ᠎ᠢ ᠡᠵᠡᠮᠳᠡᠬᠦ ᠬᠢᠯᠢ ᠬᠢᠵᠠᠭᠠᠷ ᠵᠢᠡᠨ ᠪᠦᠲᠦᠭᠡᠨ ᠪᠠᠶ᠋ᠢᠭᠤᠯᠬᠤ ᠵᠡᠷᠭᠡ ᠠᠵᠢᠯ᠎ᠢ ᠪᠠᠢᠩᠭᠤ ᠥᠷᠨᠢᠭᠦᠯᠵᠦ᠂ 2021 ᠣᠨ᠎ᠳᠤ ᠤᠯᠤᠰ᠎ᠡᠴᠨ ᠡᠵᠡᠨ᠎ᠡ᠎ᠶᠢᠨ ᠳ᠋ᠦᠩᠹᠧᠩ ᠭᠠᠵᠠᠷᠳᠠᠬᠤ ᠲᠠᠯᠠᠪᠤᠷ ᠢ᠋ ᠭᠤᠤᠯ ᠭᠠᠵᠠᠷᠳᠠᠬᠤ ᠲᠠᠯᠠᠪᠤᠷ ᠪᠤᠯᠭᠠᠬᠰᠠᠨ ᠤ᠋ ᠲᠠᠷᠠᠭ᠎ᠠ᠂ ᠰᠤᠮᠤ ᠨᠢ ᠭᠤᠤᠯ ᠭᠠᠵᠠᠷᠳᠠᠬᠤ ᠤᠷᠤᠨ ᠪᠤᠯᠤᠬᠰᠠᠨ ᠤ᠋ ᠬᠤᠪᠢ ᠳ᠋ᠸ᠋᠂ ᠤᠯᠤᠰ᠎ᠤᠨ ᠪᠠᠲᠤᠯᠠᠨ ᠬᠠᠮᠠᠭᠠᠯᠠᠯᠲᠠ ᠰᠠᠨᠰᠠᠷ᠎ᠤᠨ ᠠᠶᠠᠯᠠᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠰᠢᠨ᠎ᠡ ᠡᠬᠢᠯᠡᠯᠲᠡ᠎ᠶᠢᠨ ᠴᠡᠭ᠎ᠢ ᠨᠡᠭᠡᠭᠡᠪᠡ᠃ ᠰᠠᠭᠤᠭ᠎ᠠ ᠴᠡᠷᠢᠭ ᠠᠩᠭᠢ᠎ᠲᠠᠢ ᠬᠠᠮᠵᠢᠯᠴᠠᠨ ᠤᠷᠢᠳ ᠬᠣᠵᠢᠳ ᠬᠤᠪᠢᠯᠭᠠᠨ ᠣᠩᠭᠣᠴᠠ 《ᠠᠷᠪᠠᠨ ᠬᠣᠶᠠᠳᠤᠭᠠᠷ》 ᠡᠴᠡ 《ᠠᠷᠪᠠᠨ ᠳᠣᠯᠣᠳᠤᠭᠠᠷ》 ᠬᠦᠷᠲᠡᠯᠡᠬᠢ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠨᠢᠰᠬᠦ ᠣᠩᠭᠣᠴᠠ᠎ᠶᠢᠨ ᠪᠤᠴᠠᠯᠳᠠ ᠵᠢᠨ ᠦᠷᠦᠭᠡ᠎ᠶᠢ ᠡᠷᠢᠬᠦ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
《ᠨᠠᠮ᠎ᠤᠨ ᠰᠡᠳᠬᠢᠯ ᠠᠷᠠᠳ᠎ᠤᠨ ᠰᠡᠳᠬᠢᠯ᠎ᠲᠠᠢ ᠬᠣᠯᠪᠣᠯᠳᠤᠵᠤ ᠪᠠᠢᠳᠠᠭ᠂ ᠠᠷᠠᠳ᠎ᠤᠨ ᠠᠮᠢᠳᠤᠷᠠᠯ ᠪᠣᠯ ᠳᠠᠷᠤᠢ ᠬᠠᠷᠢᠭᠤᠴᠠᠯᠭ᠎ᠠ ᠮᠥᠨ》᠃ ᠲᠤᠰ ᠰᠤᠮᠤ᠎ᠶᠢᠨ ᠨᠠᠮ᠎ᠤᠨ ᠬᠣᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠡᠷᠡᠰ ᠭᠤᠢᠪᠢᠰᠢ ᠦᠭᠡᠢ ᠨᠡᠮᠡᠭᠳᠡᠭᠦᠯᠪᠡ᠃ ᠰᠠᠭᠤᠷᠢ ᠲᠥᠬᠦᠭᠡᠷᠦᠮᠵᠢ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠎ᠪᠡᠷ ᠭᠣᠣᠯᠳᠠᠯᠭ᠎ᠠ ᠪᠣᠯᠭᠠᠵᠤ᠂ 43 ᠲᠥᠷᠥᠯ᠎ᠦᠨ ᠤᠰᠤᠨ ᠠᠰᠢᠭ᠍ᠯᠠᠯᠲᠠ᠎ᠶᠢᠨ ᠲᠥᠬᠦᠭᠡᠷᠦᠮᠵᠢ᠎ᠶᠢ ᠰᠢᠨ᠎ᠡ᠎ᠪᠡᠷ ᠪᠠᠢᠭᠤᠯᠵᠤ᠂ 56 ᠡᠷᠦᠬᠡ ᠪᠣᠶ᠋ᠢᠳᠠ ᠪᠥᠭᠯᠡᠭᠦᠦ ᠲᠠᠷᠠᠬᠠᠢ ᠪᠤᠲᠠᠷᠬᠠᠢ ᠡᠷᠦᠬᠡ᠎ᠶᠢᠨ ᠬᠥᠮᠥᠨ ᠮᠠᠯ᠎ᠤᠨ ᠠᠮᠤᠷ ᠲᠦᠪᠰᠢᠨ ᠵᠢᠡᠷ ᠤᠰᠤ ᠤᠮᠳᠠ ᠵᠢᠨ ᠠᠰᠠᠭᠤᠳᠠᠯ ᠢ ᠰᠢᠢᠳᠪᠦᠷᠢᠯᠡᠵᠡᠢ; 92 ᠺᠢᠯᠣᠮᠧᠲᠷ᠎ᠦᠨ ᠬᠥᠳᠡᠭᠡ ᠲᠣᠰᠬᠣᠨ᠎ᠤ ᠴᠠᠬᠢᠯᠭᠠᠨ ᠲᠣᠣᠷ᠎ᠢ ᠥᠭᠡᠷᠡᠴᠢᠯᠡᠨ ᠵᠠᠰᠠᠵᠤ᠂ 77 ᠢᠵᠢ ᠭᠡᠷᠡᠯ ᠰᠠᠯᠬᠢ ᠵᠢ ᠬᠠᠪᠰᠤᠷᠭᠠᠭᠰᠠᠨ ᠲᠥᠬᠦᠭᠡᠷᠦᠮᠵᠢ ᠤᠭᠰᠠᠷᠠᠨ᠂ ᠭᠣᠣᠯ ᠳᠠᠭᠠᠤ ᠲᠠᠷᠠᠬᠠᠢ ᠪᠤᠲᠠᠷᠬᠠᠢ 17 ᠡᠷᠦᠬᠡ᠎ᠳᠦ ᠪᠠᠢᠩᠭᠤ ᠵᠢᠨ ᠴᠠᠬᠢᠯᠭᠠᠨ ᠬᠠᠩᠭᠠᠪᠠ; ᠰᠤᠮᠤ ᠵᠢᠨ ᠬᠢᠯᠢ ᠳᠣᠲᠣᠷᠠᠬᠢ ᠪᠡᠭᠡᠵᠢᠩ᠎ᠡᠴᠡ ᠦᠷᠦᠮᠴᠢ ᠬᠦᠷᠬᠦ ᠲᠦᠷᠬᠡᠨ ᠤ᠋ ᠵᠠᠰᠠᠮᠠᠯ ᠵᠠᠮ᠂ 331 ᠤᠯᠤᠰ ᠤ᠋ᠨ ᠵᠠᠰᠠᠮᠠᠯ ᠵᠠᠮ᠂ ᠤᠯᠤᠰ᠎ᠤ᠋ᠨ ᠬᠢᠯᠢ᠎ᠶᠢᠨ ᠬᠠᠮᠠᠭᠠᠯᠠᠯᠲᠠ᠎ᠶᠢᠨ ᠵᠠᠰᠠᠮᠠᠯ ᠵᠠᠮ᠂ ᠲᠣᠰᠬᠣᠨ᠎ᠳᠤ ᠨᠡᠪᠲᠡᠷᠡᠬᠦ ᠵᠠᠰᠠᠮᠠᠯ ᠵᠠᠮ ᠵᠡᠷᠭᠡ 16 ᠲᠥᠷᠦᠯ ᠵᠦᠢᠯ᠎ᠢ ᠬᠡᠷᠡᠭᠵᠢᠭᠦᠯᠵᠦ᠂ 1 ᠳ᠋ᠦᠩᠰᠢᠭᠤᠷ ᠲᠥᠭᠥᠷᠢᠭ᠎ᠦᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠵᠦ᠂ ᠵᠠᠮ ᠳᠠᠭᠠᠤ᠎ᠶᠢᠨ ᠠᠵᠤ ᠠᠬᠤᠢ᠎ᠶᠢᠨ ᠦᠢᠯᠡᠴᠢᠯᠡᠭᠡᠨ᠎ᠦ ᠲᠣᠭᠣᠷᠢᠭ᠋᠎ᠢ ᠶᠡᠬᠡ ᠪᠡᠷ ᠬᠥᠭᠵᠢᠭᠦᠯᠵᠦ᠂ ᠦᠢᠯᠡᠰ ᠪᠣᠰᠬᠠᠨ ᠠᠷᠠᠳ᠎ᠢᠶᠠᠨ ᠪᠠᠶᠠᠵᠢᠭᠤᠯᠬᠤ ᠵᠢᠷᠭᠠᠯ ᠤ᠋ᠨ ᠵᠠᠮ᠎ᠢ ᠲᠡᠪᠢᠰᠪᠡ; ᠴᠢᠮᠡᠭᠡ ᠬᠣᠯᠪᠣᠭᠠᠨ᠎ᠤ ᠰᠠᠭᠤᠷᠢ ᠥᠷᠲᠡᠭᠡ᠎ᠵᠢ ᠰᠢᠨ᠎ᠡ᠎ᠪᠡᠷ 8 ᠪᠠᠢᠭᠤᠯᠵᠤ᠂ ᠤᠲᠠᠰᠤᠲᠤ ᠲᠧᠯᠸᠢᠰ ᠵᠢᠴᠢ ᠥᠷᠭᠡᠨ ᠪᠦᠰᠡᠲᠦ ᠰᠦᠯᠵᠢᠶ᠎ᠡ ᠵᠠᠯᠭᠠᠬᠤ ᠢᠨᠵᠧᠨᠧᠷᠢᠩ᠎ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ᠎ᠤ ᠤᠷᠲᠤ ᠬᠤᠭᠤᠴᠠᠭ᠎ᠠ᠎ᠪᠠᠷ ᠳᠣᠬᠢᠶ᠎ᠠ ᠦᠭᠡᠢ ᠣᠷᠣᠨ᠎ᠳᠤ ᠣᠷᠣᠰᠢᠵᠤ ᠪᠠᠢᠭᠰᠠᠨ ᠬᠦᠴᠢᠷᠳᠡᠯ᠎ᠢ ᠰᠢᠢᠳᠪᠦᠷᠢᠯᠡᠪᠡ᠃ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠰᠠᠢᠵᠢᠷᠠᠭᠤᠯᠬᠤ᠎ᠶᠢ ᠦᠷᠭᠦᠯᠵᠢᠯᠡᠨ ᠠᠬᠢᠭᠤᠯᠵᠤ᠂ 51 ᠢᠵᠢ ᠠᠰᠠᠷ ᠪᠠᠢᠰᠢᠩ᠂ 144 ᠢᠵᠢ ᠲᠣᠭᠣᠰᠬᠠᠨ ᠪᠠᠢᠰᠢᠩ᠎ᠢ ᠰᠢᠨ᠎ᠡ᠎ᠪᠡᠷ ᠪᠠᠷᠢᠵᠤ᠂ 38 ᠡᠷᠦᠬᠡ᠎ᠶᠢᠨ ᠨᠤᠷᠠᠬᠤ ᠠᠶᠤᠯᠲᠠᠢ ᠭᠡᠷ ᠪᠠᠢᠰᠢᠩ᠎ᠢ ᠥᠭᠡᠷᠡᠴᠢᠯᠡᠨ ᠵᠠᠰᠠᠵᠤ᠂ 71 ᠡᠷᠦᠬᠡ᠎ᠶᠢᠨ ᠵᠣᠷᠯᠣᠩ᠎ᠢ ᠥᠭᠡᠷᠡᠴᠢᠯᠡᠨ ᠵᠠᠰᠠᠪᠠ ᠁ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠬᠡᠪᠦᠷᠢ ᠨᠢ ᠮᠠᠯᠴᠢᠨ ᠲᠠᠷᠢᠶᠠᠴᠢᠨ᠎ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ᠎ᠶᠢᠨ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ᠃
ᠣᠢᠷ᠎ᠠ᠎ᠶᠢᠨ ᠵᠢᠯ᠎ᠳᠦ ᠲᠣᠰ ᠰᠤᠮᠤ ᠤᠷᠢᠳ ᠬᠣᠵᠢᠳ 《ᠪᠥᠬᠥ ᠤᠯᠤᠰ᠎ᠤᠨ ᠠᠷᠠᠳ ᠲᠦᠮᠡᠨ᠎ᠳᠦ ᠲᠠᠭᠠᠰᠢᠶᠠᠭᠳᠠᠭᠰᠠᠨ ᠠᠯᠪᠠᠲᠠᠨ᠎ᠤ ᠬᠠᠮᠲᠤ》᠂ 《ᠪᠥᠬᠥ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢᠨ ᠵᠢᠱ᠌ᠢᠶ᠎ᠡ ᠦᠵᠡᠭᠦᠯᠬᠦ ᠰᠤᠮᠤ》᠂ 《ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠲᠣᠰᠬᠣᠨ ᠪᠠᠯᠭᠠᠰᠤ》᠂ 《ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠬᠤᠭᠤᠴᠠᠭᠠᠨ᠎ᠤ ᠠᠷᠠᠳ ᠲᠦᠮᠡᠨ᠎ᠳᠦ ᠲᠠᠭᠠᠰᠢᠶᠠᠭᠳᠠᠭᠰᠠᠨ ᠠᠯᠪᠠᠲᠠᠨ᠎ᠤ ᠬᠠᠮᠲᠤ》 ᠵᠡᠷᠭᠡ ᠢᠷᠠᠭᠤ ᠠᠯᠳᠠᠷ᠎ᠢ ᠭᠥᠷᠳᠡᠪᠡ᠃
ᠡᠳᠦᠭᠡ ᠰᠠᠢᠬᠠᠨᠲᠤᠤᠷᠠᠢ ᠰᠤᠮᠤ ᠵᠢᠨ ᠡᠯ᠎ᠡ ᠭᠠᠴᠠᠭ᠎ᠠ ᠲᠣᠰᠬᠣᠨ᠎ᠢᠶᠠᠷ ᠲᠤᠭᠤᠷᠢᠬᠤ ᠳ᠋ᠸ᠋᠂ ᠲᠡᠭᠰᠢ ᠳᠠᠷᠳᠠᠩ ᠵᠠᠰᠠᠮᠠᠯ ᠵᠠᠮ᠎ᠤᠨ ᠬᠣᠶᠠᠷ ᠬᠠᠵᠠᠭᠤ᠎ᠪᠠᠷ᠂ ᠡᠮᠬᠢ ᠴᠡᠭᠴᠡ᠎ᠲᠠᠢ᠂ ᠲᠥᠬᠦᠭᠡᠷᠦᠮᠵᠢ ᠪᠦᠷᠢᠨ ᠲᠡᠭᠦᠯᠳᠡᠷ ᠰᠢᠨ᠎ᠡ ᠲᠣᠰᠬᠣᠨ᠎ᠤ ᠭᠡᠷ ᠪᠠᠢᠰᠢᠩ᠎ᠳᠤ ᠠᠮᠢᠳᠤᠷᠠᠯ ᠨᠢ ᠵᠣᠯ ᠵᠢᠷᠭᠠᠯ᠎ᠲᠠᠢ᠂ ᠠᠵᠤ ᠦᠢᠯᠡᠰ ᠨᠢ ᠬᠥᠭᠵᠢᠨ ᠮᠠᠨᠳᠤᠭᠰᠠᠨ ᠰᠢᠨ᠎ᠡ ᠦᠵᠡᠮᠵᠢ ᠪᠠᠢᠳᠠᠯ ᠢᠯᠡᠷᠡᠨ᠎ᠡ᠃
《ᠲᠠᠷᠠᠭᠠᠴᠢ᠎ᠶᠢᠨ ᠠᠯᠬᠤᠮ᠎ᠳᠤ ᠮᠠᠨ᠎ᠤ ᠰᠤᠮᠤ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠠᠷᠠᠳ ᠣᠯᠠᠨ᠎ᠤ ᠪᠠᠶᠠᠷ ᠭᠤᠨᠢᠬ ᠢ ᠰᠡᠳᠬᠢᠯ᠎ᠳᠡᠭᠡᠨ ᠪᠤᠳᠤᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠢᠭᠡᠳᠦᠭᠡᠷ ᠳᠣᠬᠢᠶ᠎ᠠ ᠪᠣᠯᠭᠠᠵᠤ᠂ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ᠎ᠶᠢ ᠨᠢᠭᠡᠳᠦᠭᠡᠷ ᠪᠠᠷᠢᠮᠵᠢᠶ᠎ᠠ ᠪᠣᠯᠭᠠᠵᠤ᠂ ᠮᠠᠨ᠎ᠤ 〈ᠶᠠᠳᠠᠷᠠᠯ ᠵᠦᠳᠡᠷᠡᠯ᠎ᠦᠨ ᠵᠢᠭᠠᠯᠲᠠ ᠲᠣᠭ᠎ᠠ〉 ᠪᠠᠷ ᠣᠯᠠᠨ ᠲᠦᠮᠡᠨ᠎ᠦ 〈ᠵᠣᠯ ᠵᠢᠷᠭᠠᠯ᠎ᠤᠨ ᠵᠢᠭᠠᠯᠲᠠ ᠲᠣᠭ᠎ᠠ〉 ᠵᠢ ᠦᠷᠭᠦᠯᠵᠢᠯᠡᠨ ᠳᠡᠭᠡᠭᠰᠢᠯᠡᠭᠦᠯᠵᠦ᠂ ᠭᠠᠴᠠᠭ᠎ᠠ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠨᠠᠩ ᠠᠮᠢᠵᠢᠷᠠᠯ᠎ᠤᠨ ᠬᠦᠴᠦᠨ᠎ᠲᠠᠢ᠂ ᠨᠠᠩ ᠦᠷᠭᠦᠯᠵᠢᠯᠡᠬᠦ ᠬᠥᠭᠵᠢᠯᠲᠡ᠎ᠲᠠᠢ ᠪᠣᠯᠭᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠲᠦᠷᠭᠡᠳᠬᠡᠨ ᠬᠥᠭᠵᠢᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠦᠷᠭᠦᠯᠵᠢᠯᠡᠨ ᠨᠡᠮᠡᠭᠳᠡᠭᠦᠯᠦᠨ᠎ᠡ》 ᠭᠡᠵᠦ ᠡᠷᠳᠡᠨᠢᠴᠢᠮᠡᠭ ᠬᠡᠯᠡᠨ᠎ᠡ᠃