《ᠥᠩᠭᠡᠷᠡᠭ᠌ᠰᠡᠨ ᠳ᠋ᠤ᠌ ᠣᠯᠠᠨ ᠨᠡᠢᠲᠡ ᠢ᠋ᠢᠨ ᠲᠠᠯᠠᠪᠤᠷ ᠤ᠋ᠨ ᠠᠷᠢᠭᠤᠨ ᠴᠡᠪᠡᠷ ᠤ᠋ᠨ ᠵᠥᠪᠱᠢᠶᠡᠷᠡᠯ ᠤ᠋ᠨ ᠦᠨᠡᠮᠯᠡᠯ ᠢ᠋ ᠠᠪᠬᠤ ᠳ᠋ᠤ ᠣᠯᠠᠨ ᠨᠡᠢᠲᠡ ᠢ᠋ᠢᠨ ᠲᠠᠯᠠᠪᠤᠷ ᠤ᠋ᠨ ᠠᠷᠢᠭᠤᠨ ᠴᠡᠪᠡᠷ ᠤ᠋ᠨ ᠱᠢᠯᠭᠠᠨ ᠪᠠᠢᠴᠠᠭᠠᠯᠲᠠ ᠢ᠋ᠢᠨ ᠮᠡᠳᠡᠭᠦᠯᠦᠯᠲᠡ᠂ ᠡᠷᠡᠭᠦᠯ ᠮᠡᠨᠳᠦ᠍ ᠢ᠋ᠢᠨ ᠦᠨᠡᠮᠯᠡᠯ ᠵᠡᠷᠭᠡ ᠮᠠᠲ᠋ᠧᠷᠢᠶᠠᠯ ᠲᠤᠳᠠᠭᠳᠠᠪᠠᠯ ᠠᠪᠴᠤ ᠲᠡᠢᠯᠬᠦ ᠦᠬᠡᠢ ᠪᠡᠢᠵᠡᠢ᠃ ᠣᠲᠣ ᠪᠢ ᠣᠯᠠᠨ ᠨᠡᠢᠲᠡ ᠢ᠋ᠢᠨ ᠲᠠᠯᠠᠪᠤᠷ ᠤ᠋ᠨ ᠠᠷᠢᠭᠤᠨ ᠴᠡᠪᠡᠷ ᠤ᠋ᠨ ᠵᠥᠪᠱᠢᠶᠡᠷᠡᠯ ᠢ᠋ ᠮᠡᠳᠡᠭᠳᠡᠬᠦ ᠠᠮᠠᠯᠠᠯᠲᠠ ᠢ᠋ᠢᠨ ᠪᠢᠴᠢᠭ ᠢ᠋ ᠲᠠᠭᠯᠠᠭᠰᠠᠨ ᠤ᠋ ᠳᠠᠷᠠᠭ᠎ᠠ ᠲᠤᠬᠠᠢ ᠢ᠋ᠢᠨ ᠲᠠᠯᠠᠪᠤᠷ ᠲᠦ᠍ ᠦᠨᠡᠮᠯᠡᠯ ᠢ᠋ᠢᠡᠨ ᠲᠠᠷᠤᠢᠬᠠᠨ ᠠᠪᠴᠢᠬᠠᠨᠡ》 ᠬᠡᠵᠤ ᠤᠯᠠᠭᠠᠨᠬᠠᠳᠠ ᠬᠣᠲᠠ ᠢ᠋ᠢᠨ ᠰᠦᠩᠱᠠᠨ ᠲᠣᠭᠣᠷᠢᠭ ᠤ᠋ᠨ ᠱᠢᠶᠠᠩᠶᠠᠩ ᠵᠡᠭᠡᠯᠢ ᠭᠤᠳᠤᠮᠵᠢ ᠢ᠋ᠢᠨ ᠰᠠᠭᠤᠭᠠᠯᠢ ᠠᠷᠠᠳ ᠮᠤᠤ ᠹᠧᠩ ᠴᠢ ᠰᠦᠩᠱᠠᠨ ᠲᠣᠭᠣᠷᠢᠭ ᠤ᠋ᠨ《ᠢᠲᠡᠭᠡᠮᠵᠢ + ᠮᠡᠳᠡᠭ᠌ᠳᠡᠬᠦ᠌ ᠠᠮᠠᠯᠠᠯᠲᠠ》 ᠢ᠋ᠢ ᠬᠡᠷᠡᠭ᠌ᠵᠢᠭᠦᠯᠦᠭ᠌ᠰᠡᠨ ᠡᠴᠡ ᠪᠣᠯᠤᠭ᠍ᠰᠠᠨ ᠳᠥᠭᠥᠮ ᠳᠥᠲᠡ ᠨᠥᠬᠥᠴᠡᠯ ᠢ᠋ ᠮᠠᠭ᠍ᠲᠠᠨ ᠰᠠᠢᠱᠢᠶᠠᠵᠤ ᠪᠠᠢᠯ᠎ᠠ᠃
《ᠮᠡᠳᠡᠭ᠌ᠳᠡᠬᠦ᠌ ᠠᠮᠠᠯᠠᠯᠲᠠ》 ᠭᠡᠳᠡᠭ ᠨᠢ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ ᠭᠤᠶᠤᠴᠢᠯᠠᠨ ᠭᠦᠶ᠋ᠴᠡᠳᠭᠡᠬᠦ᠌ ᠦᠶ᠎ᠡ ᠳ᠋ᠤ᠌ ᠵᠠᠩᠭᠢᠯᠠᠭ᠎ᠠ ᠢ᠋ᠢᠨ ᠮᠠᠲ᠋ᠧᠷᠢᠶᠠᠯ ᠨᠢ ᠪᠦᠷᠢᠨ ᠭᠦᠶ᠋ᠴᠡᠳ ᠪᠣᠯᠪᠠᠴᠤ᠌ ᠴᠢᠬᠤᠯᠠ ᠪᠤᠰᠤ ᠮᠠᠲ᠋ᠧᠷᠢᠶᠠᠯ ᠨᠢ ᠲᠤᠳᠠᠵᠤ ᠪᠠᠢᠪᠠᠯ᠂ ᠰᠦᠩᠱᠠᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪᠡᠴᠡ ᠱᠢᠭᠤᠳ ᠵᠠᠰᠠᠭ ᠵᠠᠬᠢᠷᠭᠠᠨ ᠤ᠋ ᠲᠣᠭ᠍ᠲᠠᠭᠠᠯ ᠭᠠᠷᠭᠠᠵᠤ᠂ ᠭᠤᠶᠤᠴᠢᠯᠠᠭ᠍ᠴᠢ ᠬᠢᠨᠠᠨ ᠪᠠᠢᠴᠠᠭᠠᠬᠤ ᠦᠶ᠎ᠡ ᠳ᠋ᠤ᠌ ᠱᠠᠭᠠᠷᠳᠠᠯᠭ᠎ᠠ ᠳ᠋ᠤ ᠨᠡᠢᠴᠡᠪᠡᠯ ᠪᠣᠯᠴᠢᠬᠠᠨ᠎ᠠ᠃ 《ᠣᠲᠣᠬᠠᠨ ᠪᠣᠯᠲᠠᠯ᠎ᠠ ᠰᠦᠩᠱᠠᠨ ᠲᠣᠭᠣᠷᠢᠭ ᠤ᠋ᠨ ᠮᠡᠳᠡᠭᠳᠡᠬᠦ ᠠᠮᠠᠯᠠᠯᠲᠠ ᠢ᠋ᠢᠨ ᠵᠦᠶ᠋ᠯᠡᠰ ᠤ᠋ᠨ ᠨᠠᠷᠢᠨ ᠲᠠᠨᠭᠰᠠᠨ ᠳ᠋ᠤ ᠡᠷᠡᠭᠦᠯ ᠬᠠᠮᠠᠭᠠᠯᠠᠯ ᠡᠷᠡᠭᠦᠯ ᠮᠡᠨᠳᠦ᠍ ᠢ᠋ᠢᠨ ᠵᠥᠪᠯᠡᠯ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠢ᠋ᠢᠨ ᠲᠣᠪᠴᠢᠶ᠎ᠠ᠂ ᠭᠠᠯ ᠤᠨᠲᠠᠷᠠᠭᠠᠬᠤ ᠶᠡᠬᠡ ᠠᠩᠭᠢ ᠵᠡᠷᠭᠡ 12 ᠰᠠᠯᠠᠭ᠎ᠠ ᠮᠥᠴᠢᠷ ᠲᠦ᠍ ᠮᠡᠳᠡᠭᠳᠡᠬᠦ ᠠᠮᠠᠯᠠᠯᠳᠡ ᠢ᠋ᠢᠨ ᠵᠦᠶ᠋ᠯᠡᠰ 33 ᠪᠠᠭᠳᠠᠵᠤ ᠪᠠᠢᠨ᠎ᠠ》 ᠬᠡᠵᠤ ᠰᠦᠩᠱᠠᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠬᠢᠭᠡᠳ ᠳ᠋ᠠᠢᠲ᠋ᠠ ᠢ᠋ᠢᠨ ᠬᠠᠮᠢᠶᠠᠷᠤᠯᠲᠠ ᠢ᠋ᠢᠨ ᠲᠣᠪᠴᠢᠶ᠎ᠠ ᠢ᠋ᠢᠨ ᠳᠠᠷᠤᠭ᠎ᠠ ᠸᠠᠩ ᠵᠣᠣ ᠮᠢᠩ ᠬᠡᠯᠡᠭᠰᠡᠨ ᠵᠢᠡᠨ ᠵᠠᠯᠭᠠᠭᠠᠳ 《ᠭᠤᠤᠯᠳᠠᠭᠤ ᠣᠯᠠᠨ ᠨᠡᠢᠲᠡ ᠢ᠋ᠢᠨ ᠲᠠᠯᠠᠪᠤᠷ ᠤ᠋ᠨ ᠡᠷᠡᠭᠦᠯ ᠬᠠᠮᠠᠭᠠᠯᠠᠯ ᠤ᠋ᠨ ᠵᠥᠪᠱᠢᠶᠡᠷᠡᠯ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠤᠤᠷ᠎ᠠ ᠲᠦᠭ᠌ᠰᠢᠭᠦᠷᠢᠲᠦ ᠢᠳᠡᠭᠡᠨ ᠦᠶ᠋ᠯᠡᠳᠪᠦᠷᠢᠯᠡᠬᠦ᠌ ᠵᠥᠪᠱᠢᠶᠡᠷᠡᠯ ᠵᠡᠷᠭᠡ ᠲᠤᠬᠠᠢᠯᠠᠭᠰᠠᠨ ᠠᠵᠢᠯ ᠢ᠋ ᠤᠯᠠᠨ ᠬᠦᠢᠴᠡᠳᠬᠡᠵᠤ ᠪᠠᠢᠨ᠎ᠡ》 ᠬᠡᠪᠡ ᠃
2024 ᠣᠨ ᠡᠴᠡ ᠨᠠᠭᠠᠰᠢ᠂ ᠰᠦᠩᠱᠠᠨ ᠲᠣᠭᠣᠷᠢᠭ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢ ᠶᠡᠬᠡ ᠪᠡᠷ ᠠᠬᠢᠭᠤᠯᠵᠤ᠂ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠵᠠᠭᠠᠯᠳᠤᠯᠭ᠎ᠠ ᠵᠢᠨ ᠴᠤᠩᠬᠤᠪᠴᠢ ᠭᠠᠷᠭᠠᠬᠤ᠂ ᠦᠨᠡᠨᠴᠢ ᠢᠲᠡᠭᠡᠮᠵᠢ ᠢ᠋ᠢᠨ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠬᠤ᠂ 《ᠢᠲᠡᠭᠡᠮᠵᠢ + ᠮᠡᠳᠡᠭ᠌ᠳᠡᠬᠦ᠌ ᠠᠮᠠᠯᠠᠯᠲᠠ》 ᠪᠠ 《ᠢᠲᠡᠭᠡᠮᠵᠢ + ᠵᠠᠷᠢᠮ ᠮᠠᠲ᠋ᠸᠷᠢᠶᠠᠯ ᠲᠤᠳᠠᠬᠤ ᠢ᠋ᠢ ᠬᠦᠯᠢᠶᠡᠬᠦ》 ᠵᠡᠷᠭᠡ ᠠᠯᠢ ᠣᠯᠠᠨ ᠠᠷᠭ᠎ᠠ ᠬᠡᠮᠵᠢᠶ᠎ᠡ ᠪᠡᠷ ᠳᠠᠮᠵᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠪᠠ ᠦᠷ᠎ᠡ ᠪᠦᠲᠦᠮᠵᠢ ᠢ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠢ᠋ᠢ ᠨᠠᠩ ᠥᠨᠳᠥᠷ ᠪᠦᠲᠦᠮᠵᠢᠲᠡᠶ ᠳᠥᠭᠥᠮ ᠳᠥᠲᠡ ᠪᠤᠯᠭᠠᠭᠰᠠᠨ ᠪᠠᠢᠨ᠎ᠡ ᠃
ᠠᠵᠤ ᠠᠬᠤᠢᠯᠠᠯ ᠪᠣᠯᠤᠨ ᠤᠯᠠᠨ ᠲᠦᠮᠡᠨ ᠤ᠋ 《ᠤᠯᠠᠨ ᠤᠳᠠᠭ᠎ᠠ ᠭᠦᠶᠦᠬᠦ᠌》 ᠬᠦᠴᠢᠷ ᠠᠰᠠᠭᠤᠳᠠᠯ ᠢ᠋ ᠪᠦᠲᠦᠮᠵᠢᠲᠡᠢ ᠱᠢᠢᠳᠪᠦᠷᠢᠯᠡᠬᠦ᠌ ᠢ᠋ᠢᠨ ᠲᠥᠯᠥᠭᠡ᠂ ᠰᠦᠩᠱᠠᠨ ᠲᠣᠭᠣᠷᠢᠭ《ᠢᠲᠡᠭᠡᠮᠵᠢ + ᠵᠠᠷᠢᠮ ᠮᠠᠲ᠋ᠸᠷᠢᠶᠠᠯ ᠲᠤᠳᠠᠬᠤ ᠢ᠋ᠢ ᠬᠦᠯᠢᠶᠡᠬᠦ》 ᠢ᠋ᠢ ᠬᠡᠷᠡᠭ᠌ᠵᠢᠭᠦᠯᠵᠦ᠍᠂ 《ᠮᠠᠲ᠋ᠧᠷᠢᠶᠠᠯ ᠢ᠋ ᠰᠡᠭᠦᠯᠡᠷ ᠨᠥᠬᠥᠪᠥᠷᠢᠯᠡᠵᠦ᠍᠂ ᠦᠷ᠎ᠡ ᠪᠦᠲᠦᠮᠵᠢ ᠢ᠋ᠢ ᠪᠠᠭᠤᠷᠠᠭᠤᠯᠬᠤ ᠦᠭᠡᠢ》 ᠪᠠᠢᠬᠤ ᠢ᠋ᠢ ᠪᠡᠶᠡᠯᠡᠭᠦᠯᠪᠡ᠃ 《ᠵᠠᠷᠢᠮ ᠮᠠᠲ᠋ᠸᠷᠢᠶᠠᠯ ᠲᠤᠳᠠᠬᠤ ᠢ᠋ᠢ ᠬᠦᠯᠢᠶᠡᠬᠦ》 ᠭᠡᠳᠡᠭ ᠨᠢ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ ᠭᠤᠶᠤᠴᠢᠯᠠᠨ ᠭᠦᠶ᠋ᠴᠡᠳᠭᠡᠬᠦ᠌ ᠦᠶ᠎ᠡ ᠳ᠋ᠤ᠌ ᠵᠠᠩᠭᠢᠯᠠᠭ᠎ᠠ ᠢ᠋ᠢᠨ ᠮᠠᠲ᠋ᠧᠷᠢᠶᠠᠯ ᠨᠢ ᠪᠦᠷᠢᠨ ᠭᠦᠶ᠋ᠴᠡᠳ ᠪᠣᠯᠪᠠᠴᠤ᠌ ᠴᠢᠬᠤᠯᠠ ᠪᠤᠰᠤ ᠮᠠᠲ᠋ᠧᠷᠢᠶᠠᠯ ᠨᠢ ᠲᠤᠳᠠᠪᠠᠯ᠂ ᠰᠦᠩᠱᠠᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠡᠴᠡ ᠤᠷᠢᠳ ᠵᠢᠡᠷ ᠲᠣᠰ ᠲᠤᠬᠠᠢᠯᠠᠭ᠍ᠰᠠᠨ ᠠᠵᠢᠯ ᠢ᠋ ᠭᠥᠯᠢᠶᠡᠨ ᠠᠪᠴᠤ᠌ ᠱᠢᠶ᠋ᠳᠪᠦᠷᠢᠯᠡᠨ᠂ ᠭᠤᠶᠤᠴᠢᠯᠠᠭ᠍ᠴᠢ ᠨᠢ ᠲᠣᠭ᠍ᠲᠠᠭ᠍ᠰᠠᠨ ᠴᠠᠭ ᠤ᠋ᠨ ᠳᠣᠲᠣᠷ᠎ᠠ ᠮᠠᠲ᠋ᠧᠷᠢᠶᠠᠯ ᠵᠢᠡᠨ ᠨᠥᠬᠥᠪᠥᠷᠢᠯᠡᠭ᠌ᠰᠡᠨ ᠤ᠋ ᠳᠠᠷᠠᠭ᠎ᠠ ᠦᠷᠭᠦᠯᠵᠢᠯᠡᠨ ᠬᠢᠨᠠᠨ ᠵᠥᠪᠱᠢᠶᠡᠷᠡᠬᠦ᠌ ᠠᠵᠢᠯ ᠶᠠᠪᠤᠳᠠᠯ ᠭᠦᠶ᠋ᠴᠡᠳᠭᠡᠬᠦ᠌ ᠵᠠᠭ᠍ᠪᠤᠷ ᠢ᠋ ᠵᠢᠭᠠᠵᠤ ᠪᠣᠶ᠃
《ᠣᠲᠣ ᠰᠦᠩᠱᠠᠨ ᠲᠣᠭᠣᠷᠢᠭ ᠤ᠋ᠨ ᠵᠠᠷᠢᠮ ᠮᠠᠲ᠋ᠸᠷᠢᠶᠠᠯ ᠲᠤᠳᠠᠬᠤ ᠢ᠋ᠢ ᠬᠦᠯᠢᠶᠡᠬᠦ ᠵᠦᠶ᠋ᠯᠡᠰ ᠤ᠋ᠨ ᠨᠠᠷᠢᠨ ᠲᠠᠨᠭᠰᠠᠨ ᠳ᠋ᠤ ᠵᠠᠮ ᠲᠡᠭᠡᠭᠡᠪᠦᠷᠢ ᠢ᠋ᠢᠨ ᠡᠵᠡᠩᠨᠡᠯᠲᠡ ᠢ᠋ᠢᠨ ᠵᠥᠪᠱᠢᠶᠡᠷᠡᠯ᠂ ᠡᠵᠡᠩᠨᠡᠯᠲᠡ ᠢ᠋ᠢᠨ ᠴᠢᠨᠠᠷᠲᠠᠶ ᠲᠣᠭ᠍ᠯᠠᠯᠲᠠ ᠢ᠋ᠢᠨ ᠠᠵᠢᠯᠯᠠᠭ᠎ᠠ ᠢ᠋ᠢᠨ ᠬᠢᠨᠠᠨ ᠵᠥᠪᠱᠢᠶᠡᠷᠡᠯ᠂ ᠺᠣᠮᠫᠠᠨᠢ(ᠳᠣᠲᠣᠭᠠᠳᠤ ᠪᠠᠯᠠ) ᠪᠠᠢᠭᠤᠯᠬᠤ ᠢ᠋ᠢ ᠲᠡᠨᠭᠰᠡᠯᠠᠬᠤ ᠵᠡᠷᠭᠡ 150 ᠵᠦᠶ᠋ᠯ ᠤ᠋ᠨ ᠲᠤᠬᠠᠢᠯᠠᠭ᠍ᠰᠠᠨ ᠠᠵᠢᠯ ᠪᠠᠭ᠍ᠲᠠᠵᠤ ᠪᠠᠢᠨ᠎ᠠ》 ᠭᠡᠵᠦ᠍ ᠸᠠᠩ ᠵᠤᠤ ᠮᠢᠩ ᠬᠡᠯᠡᠨ᠎ᠡ᠃
ᠰᠦᠩᠱᠠᠨ ᠲᠣᠭᠣᠷᠢᠭ ᠪᠠᠰᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠤᠬᠠᠢᠯᠠᠭ᠍ᠰᠠᠨ ᠠᠵᠢᠯ ᠤ᠋ᠨ ᠭᠦᠶ᠋ᠴᠡᠳᠭᠡᠬᠦ᠌ ᠴᠣᠩᠬᠤᠪᠴᠢ ᠳ᠋ᠤ᠌《ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠵᠠᠭᠠᠯᠳᠤᠯᠭ᠎ᠠ ᠵᠢᠨ ᠴᠣᠩᠬᠤᠪᠴᠢ》 ᠲᠤᠬᠢᠷᠠᠭᠤᠯᠵᠤ᠂ ᠭᠤᠤᠯᠳᠠᠭᠤ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠤ᠋ᠨ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠂ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠵᠡᠷᠭᠡ ᠬᠦᠷᠢᠶᠡᠨ ᠳ᠋ᠡᠬᠢ ᠠᠮᠠᠯᠠᠯᠳᠡ ᠬᠢᠭᠰᠡᠨ ᠵᠦᠶ᠋ᠯᠡᠰ ᠤ᠋ᠨ ᠭᠡᠷ᠎ᠡ ᠡᠴᠡ ᠵᠥᠷᠢᠴᠡᠵᠦ᠍ ᠢᠳᠡᠬᠡᠯ ᠠᠯᠳᠠᠭ᠍ᠰᠠᠨ ᠦᠶ᠋ᠯᠡ ᠠᠵᠢᠯᠯᠠᠭ᠎ᠠ ᠢ᠋ᠢ ᠲᠥᠪᠯᠡᠷᠡᠭᠦᠯᠦᠨ ᠭᠥᠯᠢᠶᠡᠨ ᠠᠪᠴᠤ᠌ ᠱᠢᠶ᠋ᠳᠪᠦᠷᠢᠯᠡᠨ᠂ ᠰᠦᠯᠵᠢᠶ᠎ᠡ ᠪᠠ ᠠᠬᠤᠢ ᠲᠠᠯᠠᠪᠤᠷ ᠢ᠋ ᠠᠭᠤᠰᠤᠯᠴᠠᠭᠤᠯᠤᠨ ᠭᠥᠯᠢᠶᠡᠨ ᠠᠪᠴᠤ᠌ ᠱᠢᠶ᠋ᠳᠪᠦᠷᠢᠯᠡᠬᠦ᠌᠂ ᠭᠦᠶ᠋ᠴᠡᠳᠭᠡᠬᠦ᠌ ᠶᠡᠪᠤᠴᠡ ᠳ᠋ᠤ᠌ ᠪᠢᠲᠡᠭᠦᠮᠵᠢᠯᠡᠭ᠌ᠰᠡᠨ ᠬᠠᠮᠢᠶᠠᠷᠤᠯᠲᠠ ᠢ᠋ᠢ ᠪᠡᠶᠡᠯᠡᠭᠦᠯᠵᠦ᠍᠂ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠦᠶ᠋ᠯᠡᠴᠢᠯᠡᠭᠡᠨ ᠤ᠋ ᠲᠦᠪᠰᠢᠨ ᠢ᠋ ᠪᠥᠬᠥ᠌ ᠲᠠᠯ᠎ᠠ ᠪᠠᠷ ᠳᠡᠭᠡᠭ᠌ᠰᠢᠯᠡᠭᠦᠯᠦᠨ᠂ ᠠᠵᠤ ᠠᠬᠤᠢᠯᠠᠯ ᠬᠢᠬᠡᠳ ᠣᠯᠠᠨ ᠲᠦᠮᠡᠨ ᠤ᠋ ᠬᠦᠷᠲᠡᠮᠵᠢ ᠢ᠋ᠢᠨ ᠲᠥᠷᠥᠭ᠌ᠳᠡᠯ ᠪᠠ ᠬᠠᠨᠤᠮᠵᠢ ᠢ᠋ᠢᠨ ᠬᠡᠮᠵᠢᠶ᠎ᠡ ᠢ᠋ᠢ ᠲᠡᠭᠡᠭᠰᠢᠯᠡᠬᠦᠯᠵᠡᠢ᠃ ᠡᠭᠦᠨ ᠤ᠋ ᠬᠠᠮᠲᠤ ᠴᠣᠩᠬᠤᠪᠴᠢ ᠳ᠋ᠤ᠌ 《ᠰᠠᠢᠨ ᠮᠠᠭᠤ ᠦᠨᠡᠯᠡᠯᠲᠡ ᠬᠢᠬᠦ᠌》 ᠱᠢᠰᠲ᠋ᠧᠮ᠂ 《ᠬᠤᠶᠠᠷ ᠬᠡᠮᠵᠢᠯᠳᠤ ᠺᠣᠳ᠋ ᠢ᠋ᠢᠡᠷ ᠬᠢᠨᠠᠯᠲᠠ ᠲᠠᠯᠪᠢᠬᠤ》 ᠢᠯᠡ ᠨᠡᠢᠲᠡᠯᠡᠬᠦ᠌ ᠲᠠᠪᠴᠠᠩ᠂ 24 ᠴᠠᠭ ᠢ᠋ᠢᠡᠷ ᠬᠢᠨᠠᠯᠲᠠ ᠲᠠᠯᠪᠢᠬᠤ ᠵᠠᠭᠠᠯᠳᠤᠯᠭ᠎ᠠ ᠢ᠋ᠢᠨ ᠤᠲᠠᠰᠤ ᠲᠣᠬᠢᠷᠠᠭᠤᠯᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠦᠶ᠋ᠯᠡ ᠠᠵᠢᠯᠯᠠᠭ᠎ᠠ ᠢ᠋ᠢ ᠴᠠᠭ ᠲᠤᠬᠠᠶ ᠳ᠋ᠤᠨᠢ ᠬᠢᠨᠠᠨ ᠡᠵᠡᠮᠳᠡᠬᠦ᠌ ᠪᠠ ᠠᠵᠢᠯ ᠶᠠᠪᠤᠳᠡᠯ ᠵᠢᠡᠨ ᠬᠦᠢᠴᠡᠳᠬᠡᠭᠰᠡᠨ ᠤ᠋ ᠳᠠᠷᠠᠭ᠎ᠠ ᠦᠨᠡᠯᠡᠯᠲᠡ ᠦᠭᠴᠤ ᠪᠠᠢᠨ᠎ᠡ᠃
《ᠦᠨᠡᠨᠴᠢ》 ᠪᠡᠷ ᠠᠵᠤ ᠠᠬᠤᠢᠯᠠᠯ ᠳ᠋ᠤ ᠠᠱᠢᠭ ᠬᠦᠷᠲᠡᠭᠡᠨ᠂ 《ᠢᠳᠡᠬᠡᠯ》ᠢ᠋ᠢᠡᠷ ᠠᠷᠠᠳ ᠲᠦᠮᠡᠨ ᠳ᠋ᠤ ᠲᠦᠬᠦᠮ ᠦᠵᠡᠭᠦᠯᠵᠦ᠍᠂ ᠰᠦᠩᠱᠠᠨ ᠲᠣᠭᠣᠷᠢᠭ 《ᠠᠮᠠᠯᠠᠯᠲᠠ》 ᠪᠡᠷ ᠤᠯᠠᠨ ᠲᠦᠮᠡᠨ ᠢ᠋ ᠤᠷᠤᠯᠠᠨ ᠬᠦᠶᠦᠯᠬᠡᠵᠤ᠂ ᠤᠯᠠᠨ ᠲᠦᠮᠡᠨ ᠤ᠋ ᠤᠴᠢᠷ ᠶᠠᠪᠤᠳᠠᠯ ᠬᠦᠢᠴᠡᠳᠬᠡᠬᠦ ᠳ᠋ᠤ᠌ ᠲᠦᠬᠦᠮ ᠦᠵᠡᠬᠦᠯᠪᠡ᠃ 《ᠪᠢᠳᠡ ᠠᠵᠤ ᠠᠬᠤᠢᠯᠠᠯ ᠪᠠ ᠬᠤᠪᠢ ᠬᠥᠮᠦᠨ ᠤ᠋ ᠬᠡᠷᠡᠭ᠌ᠴᠡᠭᠡ ᠢ᠋ᠢ ᠦᠷᠭᠦᠯᠵᠢᠯᠡᠨ ᠭᠤᠤᠯᠳᠠᠯᠭ᠎ᠠ ᠲᠠᠢ ᠠᠨᠭᠬᠠᠷᠴᠤ᠂ ᠢᠲᠡᠭᠡᠮᠵᠢ ᠪᠡᠷ ᠰᠠᠭᠤᠷᠢ ᠪᠣᠯᠭᠠᠨ᠂ 〈ᠵᠠᠷᠢᠮ ᠮᠠᠲ᠋ᠸᠷᠢᠶᠠᠯ ᠲᠤᠳᠠᠬᠤ ᠢ᠋ᠢ ᠬᠦᠯᠢᠶᠡᠬᠦ〉 ᠪᠠ 〈ᠮᠡᠳᠡᠭ᠌ᠳᠡᠬᠦ᠌ ᠠᠮᠠᠯᠠᠯᠳᠡ〉 ᠵᠢᠨ ᠬᠡᠪᠴᠢᠶ᠎ᠡ ᠢ᠋ᠢ ᠤᠯᠠᠮ ᠨᠢᠭᠡ ᠠᠯᠬᠤᠮ ᠥᠷᠭᠡᠳᠭᠡᠵᠦ᠍᠂ ᠣᠯᠠᠨ ᠲᠦᠮᠡᠨ ᠤ᠋ ᠤᠯᠠᠨ ᠤᠳᠠᠭ᠎ᠠ ᠮᠠᠲ᠋ᠧᠷᠢᠶᠠᠯ ᠨᠥᠬᠥᠪᠥᠷᠢᠯᠡᠬᠦ᠌ ᠬᠦᠴᠢᠷᠳᠡᠯ ᠢ᠋ ᠬᠦᠴᠦᠯᠡᠨ ᠱᠢᠶ᠋ᠳᠪᠦᠷᠢᠯᠡᠵᠦ᠍᠂ ᠣᠯᠠᠨ ᠲᠦᠮᠡᠨ ᠤ᠋ ᠴᠠᠭ ᠬᠤᠭᠤᠴᠠᠭᠠᠨ ᠤ᠋ ᠥᠪᠡᠷ ᠤ᠋ᠨ ᠥᠷᠲᠡᠭ ᠪᠠ ᠠᠵᠤ ᠠᠬᠤᠶ ᠢ᠋ᠢᠨ ᠥᠪᠡᠷ ᠤ᠋ᠨ ᠥᠷᠲᠡᠭ ᠢ᠋ ᠪᠠᠭᠤᠷᠠᠭᠤᠯᠤᠨ᠂ ᠲᠤᠬᠠᠢᠯᠠᠭ᠍ᠰᠠᠨ ᠠᠵᠢᠯ ᠤ᠋ᠨ ᠭᠦᠶ᠋ᠴᠡᠳᠭᠡᠬᠦ᠌ ᠦᠷ᠎ᠡ ᠪᠦᠲᠦᠮᠵᠢ ᠪᠠ ᠦᠶ᠋ᠯᠡᠴᠢᠯᠡᠭᠡᠨ ᠤ᠋ ᠶᠠᠰᠤ ᠴᠢᠨᠠᠷ ᠢ᠋ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ 〈ᠦᠨᠡᠨᠴᠢ ᠢᠲᠡᠭᠡᠮᠵᠢᠲᠡᠶ ᠪᠡᠷ ᠲᠥᠬᠥᠮ ᠦᠵᠡᠭᠦᠯᠵᠦ᠍᠂ ᠢᠲᠡᠭᠡᠯ ᠠᠯᠳᠠᠪᠠᠯ ᠬᠢᠵᠠᠭᠠᠷᠯᠠᠭ᠍ᠳᠠᠬᠤ〉 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠥᠬᠥ᠌ ᠬᠦᠴᠦᠨ ᠵᠢᠡᠷ ᠵᠢᠡᠨ ᠪᠣᠶ ᠪᠣᠯᠭᠠᠨ᠎ᠠ》 ᠬᠡᠵᠤ ᠸᠠᠩ ᠵᠣᠣ ᠮᠢᠩ ᠲᠠᠨᠢᠯᠴᠠᠭᠤᠯᠵᠤ ᠪᠠᠢᠯᠡ᠃