ᠶᠡᠷᠦᠩᠬᠡᠢ ᠱᠦᠵᠢ ᠰᠢ ᠵᠢᠨ ᠫᠢᠩ᠄《ᠥᠭᠡᠷᠡᠴᠢᠯᠡᠯᠲᠡ ᠨᠡᠭᠡᠭᠡᠯᠲᠡ ᠪᠣᠯ ᠤᠷᠢᠳ ᠡᠮᠦᠨ᠎ᠡ ᠪᠠᠢᠭ᠎ᠠ ᠦᠭᠡᠢ ᠴᠣ ᠰᠢᠨ᠎ᠡ ᠦᠢᠯᠡᠰ ᠮᠥᠨ᠂ ᠡᠷᠬᠡᠪᠰᠢ ᠵᠥᠪ ᠠᠷᠭ᠎ᠠ᠎ᠶᠢᠨ ᠤᠨᠤᠯ᠎ᠢ ᠪᠠᠷᠢᠮᠲᠠᠯᠠᠵᠤ᠂ ᠲᠠᠰᠤᠷᠠᠯᠲᠠ ᠦᠭᠡᠢ ᠦᠢᠯᠡᠳᠦᠯᠭᠡ᠎ᠶᠢᠨ ᠰᠦᠪᠡᠭᠴᠢᠯᠡᠯᠲᠡ ᠬᠢᠬᠦ ᠳᠤᠮᠳᠠ ᠠᠬᠢᠭᠤᠯᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠬᠢᠨᠠᠨ ᠵᠦᠪᠯᠡᠵᠦ ᠪᠠᠲᠤᠯᠠᠭᠰᠠᠨ《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ( ᠳᠣᠷᠣᠭ᠍ᠰᠢ 《ᠲᠣᠭᠲᠠᠭᠠᠯ》 ᠭᠡᠵᠦ ᠳᠥᠭᠥᠮᠴᠢᠯᠡᠨ᠎ᠡ)᠎ᠳ᠋ᠸ᠋ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ《ᠰᠢᠰᠲᠧᠮ᠎ᠵᠢᠨ ᠬᠣᠷᠠᠭᠤᠯᠬᠤᠵᠢ ᠨᠡᠩ ᠴᠢᠬᠤᠯᠠᠴᠢᠯᠠᠵᠤ᠂ ᠭᠣᠣᠯᠳᠠᠯᠭ᠎ᠠ᠎ᠶᠢ ᠲᠤᠪᠤᠢ᠍ᠢᠯᠭᠠᠬᠤ᠎ᠶᠢ ᠨᠡᠩ ᠴᠢᠬᠤᠯᠠᠴᠢᠯᠠᠵᠤ ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠨᠡᠩ ᠴᠢᠬᠤᠯᠠᠴᠢᠯᠠᠵᠤ᠂ ᠦᠢᠯᠡᠳᠪᠦᠷᠢᠯᠡᠯ᠎ᠦᠨ ᠬᠠᠷᠢᠴᠠᠭ᠎ᠠ ᠪᠠ ᠦᠢᠯᠡᠳᠪᠦᠷᠢᠯᠡᠯ᠎ᠦᠨ ᠬᠦᠴᠦᠨ᠂ ᠳᠠᠪᠬᠤᠷᠭ᠎ᠠ ᠪᠠ ᠠᠵᠤ ᠠᠬᠤᠢ᠎ᠶᠢᠨ ᠰᠠᠭᠤᠷᠢ᠂ ᠤᠯᠤᠰ᠎ᠤᠨ ᠵᠠᠰᠠᠯᠲᠠ ᠪᠠ ᠨᠡᠢᠭᠡᠮ᠎ᠦᠨ ᠬᠥᠭᠵᠢᠯᠲᠡ᠎ᠶᠢ ᠨᠡᠩ ᠰᠠᠢᠨ ᠵᠣᠬᠢᠴᠠᠭᠤᠯᠬᠤ᠎ᠶᠢ ᠠᠬᠢᠭᠤᠯᠬᠤ ᠬᠡᠷᠡᠭᠲᠡᠢ》ᠭᠡᠵᠦ ᠲᠣᠳᠣᠷᠬᠠᠢ ᠳᠤᠷᠠᠳᠤᠨ ᠭᠠᠷᠭᠠᠵᠠᠢ᠃ 《ᠭᠤᠷᠪᠠ᠎ᠶᠢ ᠨᠡᠩ ᠴᠢᠬᠤᠯᠠᠴᠢᠯᠠᠬᠤ》᠎ᠨᠢ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠬᠠᠬᠤ᠎ᠶᠢ ᠴᠢᠬᠤᠯᠠᠴᠢᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠦᠢᠯᠡᠳᠦᠯᠭᠡ ᠵᠢᠴᠢ ᠲᠡᠭᠦᠨ᠎ᠦ ᠠᠷᠭ᠎ᠠ᠎ᠶᠢᠨ ᠤᠨᠤᠯ᠎ᠤᠨ ᠲᠤᠬᠠᠢ ᠰᠢᠰᠲᠧᠮ᠎ᠲᠠᠢ ᠳ᠋ᠦᠩᠨᠡᠯᠲᠡ ᠪᠣᠯᠣᠨ᠎ᠠ᠃ ᠪᠢᠳᠡ ᠡᠷᠬᠡᠪᠰᠢ ᠥᠭᠡᠷᠡᠴᠢᠯᠡᠯᠲᠡ᠎ᠶᠢᠨ ᠳᠤᠮᠳᠠ ᠴᠢᠩᠭ᠎ᠠ ᠵᠢᠷᠤᠮᠯᠠᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠨ᠂ ᠥᠭᠡᠷᠡᠴᠢᠯᠡᠯᠲᠡ ᠶᠢᠨ ᠰᠢᠰᠲᠧᠮ᠎ᠵᠢᠨ ᠬᠣᠷᠠᠭᠤᠯᠬᠤ ᠵᠢ ᠠᠬᠢᠭᠤᠯᠵᠤ᠂ ᠭᠣᠣᠯᠳᠠᠯᠭ᠎ᠠ᠎ᠶᠢ ᠲᠣᠪᠤᠢᠯᠭᠠᠨ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃
ᠰᠢᠰᠲᠧᠮ᠎ᠵᠢᠨ ᠬᠣᠷᠠᠭᠤᠯᠬᠤᠵᠢ ᠨᠠᠩ ᠴᠢᠬᠤᠯᠠᠴᠢᠯᠠᠵᠤ ᠰᠢᠰᠲᠧᠮ᠎ᠦᠨ ᠦᠵᠡᠯᠲᠡ᠎ᠪᠡᠷ ᠥᠭᠡᠷᠡᠴᠢᠯᠡᠯᠲᠡ ᠬᠥᠭᠵᠢᠯᠲᠡ᠎ᠶᠢᠨ ᠪᠥᠬᠥ ᠲᠠᠯ᠎ᠠ᠎ᠶᠢ ᠶᠡᠷᠦᠩᠬᠡᠢᠯᠡᠨ ᠵᠢᠯᠣᠭᠣᠳᠤᠭᠤᠯᠤᠨᠠ
ᠰᠢᠰᠲᠧᠮ᠎ᠵᠢᠨ ᠬᠣᠷᠠᠭᠤᠯᠬᠤᠵᠢ ᠴᠢᠬᠤᠯᠠᠴᠢᠯᠠᠬᠤ ᠪᠣᠯ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ᠎ᠶᠢᠨ ᠦᠨᠳᠦᠰᠦᠨ ᠱᠠᠭᠠᠷᠳᠠᠯᠭ᠎ᠠ ᠮᠥᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠴᠢᠬᠤᠯᠠ ᠠᠷᠭ᠎ᠠ ᠮᠥᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠦᠨᠳᠦᠰᠦᠨ ᠵᠢᠷᠤᠮᠯᠠᠯ ᠮᠥᠨ᠃
ᠰᠢᠰᠲᠧᠮ᠎ᠵᠢᠨ ᠬᠣᠷᠠᠭᠤᠯᠬᠤᠵᠢ ᠴᠢᠬᠤᠯᠠᠴᠢᠯᠠᠬᠤ ᠪᠣᠯ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ᠎ᠶᠢᠨ ᠦᠨᠳᠦᠰᠦᠨ ᠱᠠᠭᠠᠷᠳᠠᠯᠭ᠎ᠠ ᠮᠥᠨ᠃ ᠰᠢᠰᠲᠧᠮᠲᠦ ᠣᠢᠯᠠᠭᠠᠭᠳᠠᠬᠤᠨ ᠪᠣᠯ ᠬᠤᠪᠢᠰᠤᠩᠭᠤᠢ ᠪᠣᠳᠠᠰᠴᠢ ᠦᠵᠡᠯ᠎ᠦᠨ ᠴᠢᠬᠤᠯᠠ ᠲᠠᠨᠢᠯᠲᠠ᠎ᠶᠢᠨ ᠤᠨᠤᠯ ᠪᠠ ᠠᠷᠭ᠎ᠠ᠎ᠶᠢᠨ ᠤᠨᠤᠯ ᠮᠥᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠰᠠᠭᠤᠷᠢ ᠴᠢᠨᠠᠷᠲᠠᠢ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠮᠥᠨ᠃ ᠬᠤᠪᠢᠰᠤᠩᠭᠤᠢ ᠪᠣᠳᠠᠰᠴᠢ ᠦᠵᠡᠯ᠎ᠦᠨ ᠦᠵᠡᠬᠦ᠎ᠪᠡᠷ᠂ ᠲᠦᠮᠡᠨ ᠬᠡᠷᠡᠭ ᠪᠣᠳᠠᠰ ᠪᠣᠯ ᠬᠠᠷᠢᠯᠴᠠᠨ ᠬᠣᠯᠪᠣᠯᠳᠤᠵᠤ᠂ ᠬᠠᠷᠢᠯᠴᠠᠨ ᠲᠦᠰᠢᠭᠯᠡᠯᠴᠡᠳᠡᠭ᠂ ᠡᠢᠮᠦᠷᠬᠦᠦ ᠬᠣᠯᠪᠣᠭ᠎ᠠ ᠪᠠ ᠲᠦᠰᠢᠭᠯᠡᠯ ᠨᠢ ᠬᠡᠷᠡᠭ ᠪᠣᠳᠠᠰ ᠵᠢᠴᠢ ᠬᠡᠷᠡᠭ ᠪᠣᠳᠠᠰ᠎ᠤᠨ ᠳᠣᠲᠣᠭᠠᠳᠤ᠎ᠶᠢᠨ ᠣᠯᠠᠨ ᠡᠯᠧᠮᠧᠨ᠋ᠲ᠎ᠦᠨ ᠬᠣᠭᠣᠷᠣᠨᠳᠤ ᠬᠠᠷᠢᠯᠴᠠᠨ ᠨᠥᠯᠥᠭᠡᠯᠡᠬᠦ᠂ ᠬᠠᠷᠢᠯᠴᠠᠨ ᠬᠢᠵᠠᠭᠠᠷᠯᠠᠬᠤ ᠪᠠ ᠬᠠᠷᠢᠯᠴᠠᠨ ᠦᠢᠯᠡᠳᠦᠯᠴᠡᠬᠦ ᠬᠠᠷᠢᠴᠠᠭ᠎ᠠ ᠪᠣᠯᠵᠤ ᠢᠯᠡᠷᠡᠳᠡᠭ᠃ ᠭᠠᠭᠴᠠ ᠬᠦ᠌ ᠰᠢᠰᠲᠧᠮ᠎ᠦᠨ ᠦᠵᠡᠯᠲᠡ᠎ᠶᠢ ᠪᠠᠷᠢᠮᠲᠠᠯᠠᠵᠤ᠂ ᠲᠦᠭᠡᠮᠡᠯ ᠬᠣᠯᠪᠣᠭ᠎ᠠ᠎ᠲᠠᠢ᠂ ᠪᠦᠬᠦ ᠲᠠᠯ᠎ᠠ᠎ᠶᠢᠨ ᠰᠢᠰᠲᠧᠮ᠎ᠲᠠᠢ᠂ ᠬᠥᠭᠵᠢᠯᠲᠡ ᠬᠤᠪᠢᠷᠠᠯᠲᠠ᠎ᠶᠢᠨ ᠦᠵᠡᠯᠲᠡ᠎ᠪᠡᠷ ᠬᠡᠷᠡᠭ ᠪᠣᠳᠠᠰ᠎ᠢ ᠠᠵᠢᠭ᠍ᠯᠠᠪᠠᠯ ᠰᠠᠶᠢ ᠬᠡᠷᠡᠭ ᠪᠣᠳᠠᠰ᠎ᠤᠨ ᠬᠥᠭᠵᠢᠯᠲᠡ᠎ᠶᠢᠨ ᠵᠢᠮ᠎ᠡ ᠶᠣᠰᠣ᠌᠎ᠶᠢ ᠡᠵᠡᠮᠰᠢᠵᠦ ᠴᠢᠳᠠᠨ᠎ᠠ᠃ ᠮᠠᠨ᠎ᠤ ᠤᠯᠤᠰ ᠪᠣᠯ ᠨᠢᠭᠡᠨ ᠬᠥᠭᠵᠢᠵᠦ ᠪᠠᠢᠭ᠎ᠠ ᠲᠣᠮᠣ᠌ ᠤᠯᠤᠰ ᠮᠥᠨ᠂ ᠮᠥᠨ ᠯᠡ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠰᠢᠵᠤ᠂ ᠶᠠᠭ ᠨᠡᠢᠭᠡᠮ᠎ᠦᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠬᠤᠪᠢᠰᠤᠯᠲᠠ᠎ᠶᠢ ᠥᠩᠭᠡᠷᠡᠭᠡᠵᠦ ᠪᠠᠢᠨ᠎ᠠ᠃ ᠰᠢᠰᠲᠧᠮ᠎ᠦᠨ ᠣᠢᠯᠠᠭᠠᠭᠳᠠᠬᠤᠨ᠎ᠢᠶᠠᠷ ᠡᠯ᠎ᠡ ᠲᠠᠯ᠎ᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠨ᠂ ᠡᠯ᠎ᠡ ᠲᠠᠯ᠎ᠠ᠎ᠶᠢᠨ ᠠᠰᠢᠭ᠋ ᠲᠤᠰᠠ᠎ᠶᠢ ᠰᠠᠢᠲᠤᠷ ᠨᠢᠭᠡᠳᠦᠯᠲᠡᠢ ᠲᠥᠯᠥᠪᠯᠡᠵᠦ᠂ ᠡᠯ᠎ᠡ ᠲᠠᠯ᠎ᠠ᠎ᠶᠢᠨ ᠬᠢᠨ᠎ᠦ ᠢᠳᠡᠪᠬᠢᠵᠢᠯ᠎ᠢ ᠰᠠᠢᠲᠤᠷ ᠳᠠᠢᠴᠢᠯᠠᠬᠤ᠎ᠶᠢ ᠨᠡᠩ ᠱᠠᠭᠠᠷᠳᠠᠵᠤ ᠪᠠᠢᠨ᠎ᠠ᠃
ᠰᠢᠰᠲᠧᠮ᠎ᠵᠢᠨ ᠬᠣᠷᠠᠭᠤᠯᠬᠤᠵᠢ ᠴᠢᠬᠤᠯᠠᠴᠢᠯᠠᠬᠤ ᠪᠣᠯ ᠰᠢᠨ᠎ᠡ ᠴᠠᠭ ᠦᠶ᠎ᠡ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠴᠢᠬᠤᠯᠠ ᠠᠷᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯᠯᠠᠭᠤᠯᠤᠬᠰᠠᠨ ᠨᠠᠮ᠎ᠤᠨ ᠲᠥᠪ ᠬᠣᠷᠢᠶ᠎ᠠ ᠂ ᠨᠠᠮ ᠪᠣᠯᠣᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠢ ᠰᠢᠰᠲᠧᠮ᠎ᠲᠠᠢ ᠲᠥᠯᠥᠪᠵᠢᠭᠦᠯᠬᠦ ᠪᠠ ᠨᠢᠭᠡᠳᠦᠯᠲᠡᠢ ᠲᠥᠯᠥᠪᠯᠠᠨ ᠠᠬᠢᠭᠤᠯᠬᠤ᠎ᠶᠢ ᠪᠠᠷᠢᠮᠲᠠᠯᠠᠵᠤ᠂ ᠪᠥᠬᠥ ᠨᠠᠮ ᠪᠥᠬᠥ ᠴᠡᠷᠢᠭ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠭᠤᠤ ᠶᠡᠬᠡ ᠲᠡᠦᠬᠡ᠎ᠶᠢᠨ ᠰᠠᠨᠠᠭᠠᠴᠢᠯᠠᠭ᠎ᠠ᠂ ᠯᠤᠲᠤ ᠶᠡᠬᠡ ᠤᠯᠤᠰ ᠲᠥᠷᠥ᠎ᠶᠢᠨ ᠰᠥᠰᠥ ᠵᠣᠷᠢᠭ᠋᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠥᠭᠡᠷᠡᠴᠢᠯᠡᠯᠲᠡ᠎ᠶᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠡᠬᠢᠯᠡᠭᠦᠯᠵᠦ᠂ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢ ᠠᠬᠢᠭᠤᠯᠪᠠ᠃ ᠥᠭᠡᠷᠡᠴᠢᠯᠡᠯᠲᠡ᠎ᠶᠢ ᠠᠬᠢᠭᠤᠯᠬᠤ ᠶᠠᠪᠤᠴᠠ ᠳᠤᠮᠳᠠ᠂ ᠰᠢᠰᠲᠧᠮᠲᠦ ᠰᠡᠳᠬᠢᠬᠦᠢ᠎ᠶᠢ ᠪᠠᠷᠢᠮᠲᠠᠯᠠᠨ ᠪᠦᠬᠦ ᠲᠠᠯ᠎ᠠ᠎ᠪᠠᠷ ᠲᠥᠯᠥᠪᠯᠡᠵᠤ᠂ ᠦᠵᠦ ᠲᠥᠯᠥᠪᠯᠡᠭᠡ᠎ᠶᠢ ᠴᠢᠩᠭᠠᠳᠬᠠᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ᠎ᠳᠦ ᠵᠣᠷᠢᠭ᠍ᠲᠠᠢ᠎ᠪᠠᠷ ᠬᠠᠨᠳᠤᠵᠤ᠂ ᠡᠯ᠎ᠡ ᠲᠠᠯ᠎ᠠ᠎ᠶᠢᠨ ᠪᠠᠢᠭᠤᠯᠤᠯ ᠲᠣᠭᠲᠠᠴᠠ᠎ᠶᠢᠨ ᠭᠡᠮ ᠰᠣᠭᠣᠭ᠎ᠢ ᠡᠷᠡᠰ ᠠᠷᠢᠯᠭᠠᠵᠤ᠂ ᠠᠯᠢ ᠣᠯᠠᠨ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠴᠤ᠂ ᠠᠯᠢ ᠣᠯᠠᠨ ᠴᠢᠬᠤᠯᠠ ᠶᠡᠬᠡ ᠴᠢᠭᠯᠡᠯᠲᠡ ᠲᠥᠷᠥ᠎ᠶᠢᠨ ᠪᠣᠳᠣᠯᠭ᠎ᠠ᠎ᠶᠢ ᠨᠡᠢᠲᠡᠯᠡᠵᠤ᠂ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ ᠭᠠᠷᠭᠠᠵᠤ᠂ ᠠᠯᠢ ᠣᠯᠠᠨ ᠴᠢᠬᠤᠯᠠ ᠶᠡᠬᠡ ᠠᠵᠢᠯ᠎ᠢ ᠠᠬᠢᠭᠤᠯᠵᠤ᠂ ᠥᠭᠡᠷᠡᠴᠢᠯᠡᠯᠲᠡ᠎ᠶᠢ ᠬᠡᠰᠡᠭ ᠲᠠᠯ᠎ᠠ᠎ᠠᠴᠠ ᠬᠠᠢᠨ ᠰᠦᠪᠡᠭᠴᠢᠯᠡᠵᠤ ᠮᠥᠰᠥᠬᠠᠭᠠᠯᠵᠦ ᠪᠦᠰᠡᠯᠡᠯᠲᠡ᠎ᠶᠢ ᠰᠢᠪᠲᠤᠯᠬᠤ ᠡᠴᠡ ᠪᠠᠨ ᠰᠢᠰᠲᠧᠮ᠎ᠵᠢᠨ ᠬᠣᠷᠠᠭᠤᠯᠵᠤ ᠪᠦᠬᠦ ᠲᠠᠯ᠎ᠠ᠎ᠪᠠᠷ ᠭᠦᠨᠵᠡᠭᠡᠢᠷᠡᠭᠰᠡᠨ ᠬᠤᠪᠢᠷᠠᠯᠲᠠ ᠵᠢ ᠪᠡᠶᠡᠯᠡᠬᠦᠯᠵᠦ᠂ ᠡᠯ᠎ᠡ ᠬᠦᠷᠢᠶᠡᠨ᠎ᠦ ᠰᠠᠭᠤᠷᠢ ᠴᠢᠨᠠᠷᠲᠠᠢ ᠪᠠᠢᠭᠣᠯᠣᠯ᠎ᠦᠨ ᠪᠣᠷᠣ᠌ ᠲᠥᠯᠥᠪ᠎ᠢ ᠦᠨᠳᠦᠰᠦᠨ᠎ᠳᠡᠭᠡᠨ ᠪᠠᠢᠭᠤᠯᠵᠤ᠂ ᠮᠠᠰᠢ ᠣᠯᠠᠨ ᠬᠦᠷᠢᠶᠡᠨ᠎ᠳᠦ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲᠧᠮᠲᠦ ᠴᠢᠨᠠᠷᠳᠠᠢ ᠲᠠᠬᠢᠨ ᠴᠣᠭᠴᠠᠯᠠᠯᠳᠠ᠂ ᠪᠦᠬᠦᠯᠢ ᠴᠣᠭᠴᠠᠳᠣ ᠴᠢᠨᠠᠷᠳᠠᠢ ᠲᠠᠬᠢᠨ ᠪᠠᠢᠭᠣᠯᠣᠯᠳᠠᠶᠢ ᠪᠡᠶᠡᠯᠡᠭᠦᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ ᠨᠠᠩ ᠪᠣᠯᠪᠠᠰᠤᠷᠠᠩᠭᠤᠢ ᠪᠣᠯᠵᠦ ᠨᠡᠩ ᠲᠣᠭᠳᠠᠪᠣᠷᠢᠵᠢᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ ᠢᠯᠡᠳᠲᠡ ᠳᠡᠭᠡᠭᠰᠢᠯᠡᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠵᠤ᠂ ᠨᠠᠮ᠎ᠤᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠳᠦ ᠬᠦᠴᠦᠲᠡᠢ ᠪᠠᠢᠭᠤᠯᠤᠯ᠎ᠦᠨ ᠪᠠᠲᠤᠯᠠᠭ᠎ᠠ ᠬᠠᠩᠭᠠᠪᠠ᠃
ᠰᠢᠰᠲᠧᠮ᠎ᠵᠢᠨ ᠬᠣᠷᠠᠭᠤᠯᠬᠤᠵᠢ ᠴᠢᠬᠤᠯᠠᠴᠢᠯᠠᠬᠤ ᠪᠣᠯ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠦᠨᠳᠦᠰᠦᠨ ᠵᠢᠷᠤᠮᠯᠠᠯ ᠮᠥᠨ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠡᠴᠡ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠰᠢᠨ᠎ᠡ ᠴᠠᠭ ᠦᠶ᠎ᠡ᠎ᠶᠢ ᠨᠡᠭᠡᠭᠡᠭᠰᠡᠨ᠎ᠡᠴᠡ ᠠᠪᠤᠭᠠᠳ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠡᠴᠡ ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠥᠭᠡᠷᠡᠴᠢᠯᠡᠯᠲᠡ᠎ᠶᠢ ᠰᠢᠰᠲᠧᠮ᠎ᠲᠠᠢ᠎ᠪᠡᠷ ᠪᠦᠬᠦᠯᠢ ᠴᠣᠭᠴᠠ᠎ᠪᠠᠷ ᠨᠢ ᠲᠥᠯᠥᠪᠯᠡᠨ ᠠᠬᠢᠭᠤᠯᠬᠤ ᠰᠢᠨ᠎ᠡ ᠠᠶᠠᠨ ᠵᠠᠮ᠎ᠢ ᠡᠬᠢᠯᠡᠭᠦᠯᠦᠭᠰᠡᠨ ᠬᠦᠷᠲᠡᠯ᠎ᠡ᠂ ᠮᠠᠨ᠎ᠤ ᠤᠯᠤᠰ᠎ᠤᠨ ᠥᠭᠡᠷᠡᠴᠢᠯᠡᠯᠲᠡ ᠨᠢᠭᠡᠨᠲᠡ ᠬᠡᠰᠡᠭ ᠲᠠᠯ᠎ᠠ᠎ᠪᠠᠷ ᠬᠠᠢᠨ ᠰᠦᠪᠡᠭᠴᠢᠯᠡᠵᠦ ᠮᠥᠰᠥᠬᠠᠭᠠᠯᠵᠦ ᠪᠦᠰᠡᠯᠡᠯᠲᠡ ᠰᠢᠪᠲᠤᠯᠬᠣ ᠡᠴᠡ ᠪᠠᠨ ᠰᠢᠰᠲᠧᠮ᠎ᠵᠢᠨ ᠬᠣᠷᠠᠭᠤᠯᠵᠤ ᠪᠦᠬᠦ ᠲᠠᠯ᠎ᠠ᠎ᠪᠠᠷ ᠭᠦᠨᠵᠡᠭᠡᠢᠷᠡᠬᠦ ᠱᠠᠲᠤᠨ᠎ᠳᠤ ᠣᠷᠣᠭᠰᠠᠨ ᠪᠠᠢᠨ᠎ᠠ᠃ ᠣᠳᠣᠬᠠᠨ᠎ᠳᠤ ᠮᠠᠨ᠎ᠤ ᠤᠯᠤᠰ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠲᠣᠭᠲᠠᠭᠠᠭᠰᠠᠨ ᠥᠭᠡᠷᠡᠴᠢᠯᠡᠯᠲᠡ᠎ᠶᠢᠨ ᠡᠭᠦᠷᠭᠡ᠎ᠶᠢ ᠶᠡᠷᠦᠩᠬᠡᠢ᠎ᠳᠡᠭᠡᠨ ᠪᠡᠶᠡᠯᠡᠭᠦᠯᠵᠦ᠂ ᠡᠯ᠎ᠡ ᠲᠠᠯ᠎ᠠ᠎ᠶᠢᠨ ᠳᠦᠷᠢᠮ᠎ᠦᠨ ᠨᠡᠩ ᠪᠣᠯᠪᠠᠰᠤᠷᠠᠩᠭᠤᠢ ᠪᠣᠯᠵᠣ ᠨᠡᠩ ᠲᠣᠭᠳᠠᠪᠣᠷᠢᠳᠠᠢ ᠪᠣᠯᠬᠣ᠎ᠳᠤ ᠢᠯᠡᠳᠲᠡ ᠦᠷ᠎ᠡ ᠪᠦᠲᠦᠮᠵᠢ ᠣᠯᠬᠤ ᠬᠠᠷᠠᠯᠲᠠ᠎ᠶᠢ ᠪᠡᠶᠡᠯᠡᠭᠦᠯᠪᠡ᠃ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠶᠢ ᠲᠣᠭᠲᠠᠭᠠᠵᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ ᠢ ᠪᠠᠶ᠋ᠢᠭᠤᠯᠬᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠᠢᠭᠤᠯᠤᠯ ᠲᠣᠭᠲᠠᠴᠠ᠎ᠶᠢ ᠪᠦᠷᠢᠨᠰᠢᠭᠦᠯᠬᠦ ᠵᠡᠷᠭᠡ ᠲᠠᠯ᠎ᠠ᠎ᠪᠠᠷ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ᠎ᠶᠢᠨ ᠥᠭᠡᠷᠡᠴᠢᠯᠡᠯᠲᠡ᠎ᠶᠢᠨ ᠰᠢᠨ᠎ᠡ ᠠᠶᠠᠨ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠡᠭᠦᠷᠭᠡ ᠪᠠ ᠱᠠᠭᠠᠷᠳᠠᠯᠭ᠎ᠠ᠎ᠶᠢ ᠲᠣᠳᠣᠷᠬᠠᠢᠯᠠᠪᠠ᠃
ᠭᠣᠣᠯᠳᠠᠯᠭ᠎ᠠ᠎ᠶᠢ ᠲᠤᠪᠤᠢ᠍ᠢᠯᠭᠠᠬᠤ᠎ᠶᠢ ᠨᠡᠩ ᠴᠢᠬᠤᠯᠠᠴᠢᠯᠠᠵᠤ ᠶᠡᠷᠦᠩᠬᠡᠢ ᠬᠠᠷᠠᠯᠲᠠ᠎ᠶᠢ ᠴᠢᠩᠭ᠎ᠠ ᠠᠳᠬᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠨ᠎ᠡ
ᠭᠣᠣᠯᠳᠠᠯᠭ᠎ᠠ᠎ᠶᠢ ᠲᠤᠪᠤᠢ᠍ᠢᠯᠭᠠᠬᠤ᠎ᠶᠢ ᠴᠢᠬᠤᠯᠠᠴᠢᠯᠠᠬᠤ ᠪᠣᠯ ᠪᠣᠳᠠᠰᠴᠢ ᠬᠤᠪᠢᠰᠤᠩᠭᠤᠢ ᠠᠷᠭ᠎ᠠ᠎ᠶᠢ ᠪᠠᠷᠢᠮᠲᠠᠯᠠᠬᠤ᠎ᠶᠢᠨ ᠦᠨᠳᠦᠰᠦᠨ ᠱᠠᠭᠠᠷᠳᠠᠯᠭ᠎ᠠ ᠮᠥᠨ᠂ ᠥᠭᠡᠷᠡᠴᠢᠯᠡᠯᠲᠡ᠎ᠶᠢ ᠪᠦᠬᠥ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠶᠢ ᠪᠠᠲᠤ ᠡᠵᠡᠮᠳᠡᠵᠦ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠭᠣᠣᠯᠳᠠᠯᠭ᠎ᠠ᠎ᠲᠠᠢ᠎ᠪᠠᠷ ᠪᠦᠬᠥ ᠲᠠᠯ᠎ᠠ᠎ᠶᠢ ᠲᠠᠢ᠍ᠢᠴᠢᠯᠠᠵᠤ᠂ ᠥᠭᠡᠷᠡᠴᠢᠯᠡᠯᠲᠡ᠎ᠶᠢ ᠪᠦᠬᠥ ᠲᠠᠯ᠎ᠠ᠎ᠪᠠᠷ ᠭᠦᠨᠵᠡᠭᠡᠢᠷᠡᠭᠦᠯᠬᠦ ᠡᠯ᠎ᠡ ᠵᠦᠢᠯ᠎ᠦᠨ ᠡᠭᠦᠷᠭᠡ᠎ᠶᠢ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃
ᠭᠣᠣᠯᠳᠠᠯᠭ᠎ᠠ᠎ᠶᠢ ᠲᠤᠪᠤᠢ᠍ᠢᠯᠭᠠᠬᠤ ᠪᠣᠯ ᠪᠣᠳᠠᠰᠴᠢ ᠬᠤᠪᠢᠰᠤᠩᠭᠤᠢ ᠠᠷᠭ᠎ᠠ᠎ᠶᠢ ᠪᠠᠷᠢᠮᠲᠠᠯᠠᠬᠤ᠎ᠶᠢᠨ ᠦᠨᠳᠦᠰᠦᠨ ᠱᠠᠭᠠᠷᠳᠠᠯᠭ᠎ᠠ ᠮᠥᠨ᠃ ᠡᠰᠡᠷᠭᠦᠴᠡᠯᠳᠦᠯ ᠨᠢᠭᠡᠳᠦᠯ᠎ᠦᠨ ᠵᠢᠮ᠎ᠡ ᠶᠣᠰᠣ᠌᠂ ᠲᠤᠬᠠᠢᠯᠠᠪᠠᠯ ᠵᠥᠷᠢᠴᠡᠯ᠎ᠦᠨ ᠵᠢᠮ᠎ᠡ ᠶᠣᠰᠣ᠌ ᠪᠣᠯ ᠪᠣᠳᠠᠰᠴᠢ ᠬᠤᠪᠢᠰᠤᠩᠭᠤᠢ ᠠᠷᠭ᠎ᠠ᠎ᠶᠢᠨ ᠦᠨᠳᠦᠰᠦᠨ ᠵᠢᠮ᠎ᠡ ᠶᠣᠰᠣ᠌ ᠮᠥᠨ᠂ ᠲᠡᠷᠡ ᠨᠢ ᠬᠡᠷᠡᠭ ᠪᠣᠳᠠᠰ᠎ᠤᠨ ᠬᠥᠭᠵᠢᠯᠲᠡ᠎ᠶᠢᠨ ᠡᠬᠢ ᠪᠤᠯᠠᠭ ᠪᠠ ᠬᠥᠳᠡᠯᠭᠡᠭᠴᠢ ᠬᠦᠴᠦᠨ᠎ᠢ ᠢᠯᠡᠷᠡᠭᠦᠯᠪᠡ᠃ ᠵᠥᠷᠢᠴᠡᠯ ᠪᠣᠯ ᠠᠯᠢᠪᠠ ᠬᠡᠷᠡᠭ ᠪᠣᠳᠠᠰ᠎ᠤᠨ ᠳᠣᠲᠣᠭᠠᠳᠤ᠎ᠳᠤ ᠣᠷᠣᠰᠢᠵᠤ ᠪᠠᠢᠳᠠᠭ᠂ ᠬᠡᠷᠡᠭ ᠪᠣᠳᠠᠰ᠎ᠤᠨ ᠣᠷᠣᠰᠢᠵᠤ ᠬᠥᠭᠵᠢᠬᠦ ᠨᠢ ᠴᠥᠮ ᠳᠣᠲᠣᠭᠠᠳᠤ᠎ᠶᠢᠨ ᠵᠥᠷᠢᠴᠡᠯ ᠦᠨ ᠲᠡᠮᠡᠴᠡᠯ ᠪᠠ ᠨᠢᠭᠡᠳᠦᠯ᠎ᠢᠶᠡᠷ ᠲᠠᠮᠵᠢᠨ ᠪᠡᠶᠡᠯᠡᠭᠳᠡᠳᠡᠭ ᠶᠤᠮ᠃ ᠬᠡᠷᠡᠭ ᠪᠣᠳᠠᠰ᠎ᠤᠨ ᠳᠣᠲᠣᠭᠠᠳᠤ᠎ᠶᠢᠨ ᠵᠥᠷᠢᠴᠡᠯ᠎ᠦᠨ ᠲᠡᠮᠡᠴᠡᠯ ᠳᠤᠮᠳᠠ᠂ ᠭᠣᠣᠯ ᠵᠥᠷᠢᠴᠡᠯ ᠪᠣᠯ ᠬᠡᠷᠡᠭ ᠪᠣᠳᠠᠰ᠎ᠤᠨ ᠬᠥᠭᠵᠢᠯᠲᠡ᠎ᠶᠢᠨ ᠴᠢᠭᠯᠡᠯ ᠪᠠ ᠬᠥᠳᠡᠯᠭᠡᠭᠴᠢ ᠬᠦᠴᠦᠨ ᠢ ᠲᠣᠭᠲᠠᠭᠠᠬᠤ ᠵᠥᠷᠢᠴᠡᠯ ᠮᠥᠨ᠂ ᠬᠡᠷᠡᠭ ᠪᠣᠳᠠᠰ᠎ᠤᠨ ᠬᠥᠭᠵᠢᠯᠲᠡ᠎ᠶᠢᠨ ᠶᠠᠪᠤᠴᠠ᠎ᠳᠠᠬᠢ ᠭᠣᠣᠯ ᠰᠢᠢᠳᠪᠦᠷᠢᠯᠡᠭᠴᠢ ᠬᠦᠴᠦᠨ ᠵᠦᠢᠯ ᠮᠥᠨ᠃ ᠳᠡᠳ᠋ ᠵᠥᠷᠢᠴᠡᠯ ᠪᠣᠯ ᠭᠣᠣᠯ ᠵᠥᠷᠢᠴᠡᠯ᠎ᠦᠨ ᠰᠠᠭᠤᠷᠢᠨ ᠳᠡᠭᠡᠷ᠎ᠡ ᠪᠤᠢ ᠪᠣᠯᠵᠤ᠂ ᠭᠣᠣᠯ ᠵᠥᠷᠢᠴᠡᠯ᠎ᠦᠨ ᠬᠢᠵᠠᠭᠠᠷᠯᠠᠯ ᠪᠠ ᠨᠥᠯᠥᠭᠡ᠎ᠶᠢ ᠬᠦᠯᠢᠶᠡᠳᠡᠭ᠃ ᠥᠭᠡᠷᠡᠴᠢᠯᠡᠯᠲᠡ᠎ᠶᠢ ᠠᠬᠢᠭᠤᠯᠬᠤ᠎ᠳᠤ ᠵᠥᠷᠢᠴᠡᠯ ᠢ ᠵᠠᠳᠠᠯᠬᠤ ᠠᠷᠭ᠎ᠠ᠎ᠶᠢ ᠡᠵᠡᠮᠰᠢᠵᠦ᠂ ᠬᠣᠶᠠᠷ ᠲᠠᠯᠠᠲᠤ ᠤᠨᠤᠯ ᠪᠠ ᠭᠣᠣᠯᠳᠠᠯᠭ᠎ᠠ ᠲᠠᠢ ᠤᠨᠤᠯ᠎ᠤᠨ ᠬᠤᠪᠢᠰᠤᠩᠭᠤᠢ ᠨᠢᠭᠡᠳᠦᠯ ᠢ ᠪᠠᠷᠢᠮᠲᠠᠯᠠᠵᠤ᠂ ᠭᠣᠣᠯᠳᠠᠯᠭ᠎ᠠ᠎ᠶᠢ ᠲᠣᠪᠤᠢᠯᠭᠠᠨ᠂ ᠥᠭᠡᠷᠡᠴᠢᠯᠡᠯᠲᠡ᠎ᠶᠢᠨ ᠭᠣᠣᠯ ᠵᠥᠷᠢᠴᠡᠯ᠎ᠢ ᠠᠳᠬᠤᠵᠤ᠂ ᠭᠣᠣᠯ ᠵᠥᠷᠢᠴᠡᠯ᠎ᠢ ᠰᠢᠢᠳᠪᠦᠷᠢᠯᠡᠬᠦ᠎ᠪᠡᠷ ᠳᠠᠮᠵᠢᠭᠤᠯᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠠᠬᠢᠭᠤᠯᠬᠤ ᠬᠡᠷᠡᠭᠲᠡᠢ; ᠪᠠᠰᠠ ᠨᠢᠭᠡᠳᠦᠯᠲᠡᠢ ᠲᠥᠯᠥᠪᠯᠡᠨ ᠨᠡᠢ᠍ᠢᠳᠡ ᠳ᠋ᠦ᠍ᠨᠢ ᠬᠠᠷᠠᠭᠠᠯᠵᠠᠵᠤ᠂ ᠳᠡᠳ᠋ ᠴᠢᠬᠤᠯᠠ ᠪᠤᠰᠤ ᠵᠥᠷᠢᠴᠡᠯ᠎ᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃
ᠭᠣᠣᠯᠳᠠᠯᠭ᠎ᠠ᠎ᠶᠢ ᠲᠤᠪᠤᠢ᠍ᠢᠯᠭᠠᠬᠤ ᠪᠣᠯ ᠮᠠᠨ ᠤ ᠤᠯᠤᠰ ᠤᠨ ᠥᠭᠡᠷᠡᠴᠢᠯᠡᠯᠲᠡ᠎ᠶᠢᠨ ᠴᠢᠬᠤᠯᠠ ᠠᠷᠭ᠎ᠠ ᠮᠥᠨ᠃ ᠮᠠᠨ ᠤ ᠤᠯᠤᠰ ᠤᠨ ᠥᠭᠡᠷᠡᠴᠢᠯᠡᠯᠲᠡ᠎ᠶᠢᠨ ᠦᠨᠳᠦᠰᠦᠨ ᠥᠩᠭᠡᠷᠡᠯᠲᠡ᠎ᠡᠴᠡ ᠦᠵᠡᠪᠡᠯ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠥᠭᠡᠷᠡᠴᠢᠯᠡᠯᠲᠡ᠎ᠶᠢ ᠰᠠᠢᠲᠤᠷ ᠠᠳᠬᠤᠵᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠥᠭᠡᠷᠡᠴᠢᠯᠡᠯᠲᠡ᠎ᠪᠡᠷ ᠪᠤᠰᠤᠳ ᠬᠦᠷᠢᠶᠡᠨ᠎ᠳᠡᠬᠢ ᠥᠭᠡᠷᠡᠴᠢᠯᠡᠯᠲᠡ᠎ᠶᠢ ᠪᠦᠭᠦ ᠲᠠᠯ᠎ᠠ᠎ᠪᠠᠷ ᠠᠬᠢᠭᠤᠯᠬᠤ ᠪᠣᠯ ᠮᠠᠨ᠎ᠤ ᠤᠯᠤᠰ᠎ᠤᠨ ᠥᠭᠡᠷᠡᠴᠢᠯᠡᠯᠲᠡ᠎ᠶᠢᠨ ᠴᠢᠬᠤᠯᠠ ᠠᠷᠭ᠎ᠠ ᠮᠥᠨ᠃
ᠭᠣᠣᠯᠳᠠᠯᠭ᠎ᠠ᠎ᠶᠢ ᠳᠣᠪᠣᠶ᠋ᠢᠯᠭᠠᠬᠤ᠎ᠶᠢ ᠴᠢᠬᠤᠯᠠᠴᠢᠯᠠᠵᠤ ᠥᠭᠡᠷᠡᠴᠢᠯᠡᠯᠲᠡ᠎ᠶᠢᠨ ᠶᠡᠷᠦᠩᠬᠡᠢ ᠬᠠᠷᠠᠯᠲᠠ᠎ᠶᠢᠨ ᠲᠣᠭᠣᠷᠢᠨ᠎ᠳᠤ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠠᠬᠢᠭᠤᠯᠬᠤ ᠬᠡᠷᠡᠭᠲᠡᠢ᠃ ᠭᠣᠣᠯ ᠵᠥᠷᠢᠴᠡᠯ ᠪᠠ ᠵᠥᠷᠢᠴᠡᠯ᠎ᠦᠨ ᠭᠣᠣᠯ ᠲᠠᠯ᠎ᠠ᠎ᠶᠢ ᠠᠳᠬᠤᠵᠤ᠂ ᠶᠡᠷᠦᠩᠬᠡᠢ ᠬᠠᠷᠠᠯᠲᠠ᠎ᠲᠠᠢ ᠤᠶᠠᠯᠳᠤᠭᠤᠯᠤᠨ᠂ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠥᠭᠡᠷᠡᠴᠢᠯᠡᠯᠲᠡ᠎ᠶᠢᠨ ᠭᠣᠣᠯᠳᠠᠯᠭ᠎ᠠ᠎ᠲᠠᠢ ᠰᠢᠪᠲᠤᠯᠤᠯᠲᠠ ᠪᠠ ᠵᠤᠬᠢᠴᠠᠭᠤᠯᠤᠨ ᠠᠬᠢᠭᠤᠯᠬᠤ᠎ᠶᠢ ᠪᠡᠶᠡᠯᠡᠭᠦᠯᠬᠦ ᠬᠡᠷᠡᠭᠲᠡᠢ᠃ ᠡᠩ ᠲᠡᠷᠢᠭᠦᠨ᠎ᠳᠦ《ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ》 ᠶᠡᠷᠦᠩᠬᠡᠢ ᠬᠠᠷᠠᠯᠲᠠ᠎ᠲᠠᠢ ᠨᠢᠭ᠍ᠲᠠ ᠤᠶᠠᠯᠳᠤᠭᠤᠯᠵᠤ᠂《2035 ᠣᠨ ᠪᠣᠯᠬᠤ᠎ᠳᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠥᠬᠥ ᠲᠠᠯ᠎ᠠ᠎ᠪᠠᠷ ᠪᠠᠢᠭᠤᠯᠤᠨ ᠪᠦᠳᠦᠬᠡᠵᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠨᠠᠩ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ》᠂ 《 2029 ᠣᠨ ᠪᠣᠯᠬᠤ᠎ᠳᠤ᠂ ᠲᠣᠰ ᠲᠣᠭᠲᠠᠭᠠᠯ᠎ᠳᠤ ᠳᠤᠷᠠᠳᠤᠭᠰᠠᠨ ᠥᠭᠡᠷᠡᠴᠢᠯᠡᠯᠲᠡ᠎ᠶᠢᠨ ᠡᠭᠦᠷᠭᠡ᠎ᠶᠢ ᠪᠡᠶᠡᠯᠡᠬᠦᠯᠬᠦ 》 ᠱᠠᠲᠤᠴᠢ ᠴᠢᠨᠠᠷᠲᠠᠢ ᠬᠠᠷᠠᠯᠲᠠ᠎ᠲᠠᠢ ᠬᠠᠷᠭᠤᠭᠤᠯᠵᠤ᠂ ᠥᠭᠡᠷᠡᠴᠢᠯᠡᠯᠲᠡ᠎ᠶᠢ ᠠᠬᠢᠭᠤᠯᠬᠤ ᠵᠠᠮ ᠱᠤᠭᠤᠮ᠎ᠤᠨ ᠵᠢᠷᠤᠭ ᠪᠣᠯᠣᠨ ᠴᠠᠭ᠎ᠤᠨ ᠬᠦᠰᠦᠨᠦᠭᠲᠦ᠎ᠶᠢ ᠰᠠᠢᠲᠤᠷ ᠲᠥᠯᠥᠪᠵᠢᠭᠦᠯᠦᠨ ᠨᠠᠢᠳᠠᠪᠤᠷᠢᠵᠢᠭᠤᠯᠬᠤ ᠬᠡᠷᠡᠭᠲᠡᠢ᠃ ᠳᠠᠷᠠᠭᠠᠯᠠᠪᠠᠯ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ ᠂ ᠪᠥᠬᠥ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠨᠠᠮ᠎ᠤᠨ ᠤᠳᠤᠷᠢᠳᠬᠤ ᠲᠦᠪᠰᠢᠨ ᠪᠠ ᠣᠷᠳᠣ᠌ ᠬᠤᠭᠤᠴᠠᠭ᠎ᠠ᠎ᠪᠠᠷ ᠲᠥᠷᠥ ᠪᠠᠷᠢᠬᠤ ᠴᠢᠳᠠᠪᠤᠷᠢ᠎ᠶᠢ ᠳᠡᠭᠡᠭᠰᠢᠯᠡᠭᠦᠯᠵᠦ᠂ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠎ᠶᠢ ᠳᠣᠪᠣᠶ᠋ᠢᠯᠭᠠᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠪᠥᠬᠥ ᠲᠠᠯ᠎ᠠ᠎ᠶᠢᠨ ᠴᠢᠨᠠᠷᠲᠠᠢ ᠴᠢᠬᠤᠯᠠ ᠶᠡᠬᠡ ᠥᠭᠡᠷᠡᠴᠢᠯᠡᠯᠲᠡ᠎ᠶᠢ ᠳᠣᠪᠣᠶ᠋ᠢᠯᠭᠠᠬᠤ ᠬᠡᠷᠡᠭᠲᠡᠢ; ᠡᠴᠦᠰ᠎ᠲᠦ᠂ ᠠᠵᠤ ᠠᠬᠤᠢ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠰᠢᠭ᠍ᠲᠠᠢ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠋᠎ᠢ ᠪᠤᠢ ᠪᠣᠯᠭᠠᠵᠤ᠂ 《ᠬᠣᠶᠠᠷ ᠭᠤᠢᠪᠢᠰᠢ ᠦᠭᠡᠢ》᠎ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠰᠠᠭᠤᠷᠢ ᠪᠠᠢᠭᠤᠯᠤᠯ᠎ᠢ ᠲᠡᠭᠦᠯᠳᠡᠷᠵᠢᠭᠦᠯᠬᠦ ᠬᠡᠷᠡᠭᠲᠡᠢ᠃
ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠨᠡᠩ ᠴᠢᠬᠤᠯᠠᠴᠢᠯᠠᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠠ ᠪᠠᠢᠭᠤᠯᠤᠯ᠎ᠤᠨ ᠪᠠᠲᠤᠯᠠᠭ᠎ᠠ ᠬᠠᠩᠭᠠᠨ᠎ᠠ
ᠥᠭᠡᠷᠡᠴᠢᠯᠡᠯᠲᠡ᠎ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠭᠣᠣᠯ ᠰᠡᠳᠦᠪ᠎ᠢ ᠴᠢᠩᠭ᠎ᠠ ᠡᠵᠡᠮᠳᠡᠵᠦ᠂ ᠪᠠᠢᠭᠤᠯᠤᠯ᠎ᠦᠨ ᠪᠠᠢᠭᠤᠯᠤᠯᠲᠠ ᠡᠨᠡ ᠬᠦ᠌ ᠭᠣᠣᠯ ᠰᠢᠵᠢᠮ᠎ᠢ ᠲᠤᠪᠤᠢ᠍ᠢᠯᠭᠠᠵᠤ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠦᠭᠡᠯᠡᠨ ᠬᠥᠭᠵᠢᠭᠦᠯᠬᠦ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠪᠠᠢᠭᠤᠯᠤᠯ᠎ᠦᠨ ᠪᠠᠲᠤᠯᠠᠭ᠎ᠠ ᠬᠠᠩᠭᠠᠬᠤ ᠬᠡᠷᠡᠭᠲᠡᠢ᠃
ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠎ᠳᠤ ᠡᠷᠬᠡᠪᠰᠢ ᠳᠤᠮᠳᠠᠳᠤ ᠤᠯᠤᠰ ᠤᠨ ᠮᠠᠶᠢᠭ᠋ ᠤᠨ ᠣᠳᠣᠬᠢᠴᠢᠯᠠᠯᠲᠠ᠎ᠶᠢᠨ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠣᠳᠣᠬᠠᠨ᠎ᠤ ᠪᠠ ᠬᠣᠢᠰᠢᠳᠠ᠎ᠶᠢᠨ ᠨᠢᠭᠡ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠲᠠᠰᠤᠷᠠᠯᠲᠠ ᠦᠭᠡᠢ ᠠᠬᠢᠳᠠᠭ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ᠎ᠶᠢ ᠨᠡᠭᠡᠭᠡᠬᠦ ᠨᠢ ᠯᠠᠪᠲᠠᠢ ᠶᠤᠮ᠃《 ᠲᠣᠭᠲᠠᠭᠠᠯ 》 ᠳᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠲᠠᠢ ᠤᠶᠠᠯᠳᠤᠭᠤᠯᠤᠨ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠪᠡ᠃ ᠰᠢᠨ᠎ᠡ ᠴᠠᠭ ᠦᠶ᠎ᠡ ᠰᠢᠨ᠎ᠡ ᠠᠶᠠᠨ᠎ᠳᠦ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ᠂ ᠡᠷᠬᠡᠪᠰᠢ ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠨᠡᠩ ᠴᠢᠬᠤᠯᠠᠴᠢᠯᠠᠵᠤ᠂ ᠳᠤᠮᠳᠠᠳᠤ ᠤᠯᠤᠰ᠎ᠤᠨ ᠮᠠᠶᠢᠬ ᠤᠨ ᠣᠳᠣᠬᠢᠴᠢᠯᠠᠯᠲᠠ ᠡᠨᠡ ᠬᠦ᠌ ᠭᠣᠣᠯ ᠰᠡᠳᠦᠪ ᠢ ᠴᠢᠩᠭ᠎ᠠ ᠡᠵᠡᠮᠳᠡᠵᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠳᠤᠮᠳᠠ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠨᠡᠩ ᠲᠡᠭᠦᠯᠳᠡᠷᠵᠢᠬᠦ᠎ᠶᠢ ᠠᠬᠢᠭᠤᠯᠵᠤ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠳᠤ ᠪᠠᠢᠭᠤᠯᠤᠯ᠎ᠦᠨ ᠪᠠᠲᠤᠯᠠᠭ᠎ᠠ ᠪᠣᠯᠣᠨ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃
ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠎ᠳᠤ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠨᠡᠩ ᠲᠡᠭᠦᠯᠳᠡᠷᠵᠢᠬᠦ᠎ᠶᠢ ᠠᠬᠢᠭᠤᠯᠬᠤ ᠬᠡᠷᠡᠭᠲᠡᠢ᠃ ᠪᠠᠢᠭᠤᠯᠤᠯ᠎ᠦᠨ ᠪᠠᠢᠭᠤᠯᠤᠯᠲᠠ ᠪᠣᠯ ᠦᠨᠳᠦᠰᠦᠨ ᠴᠢᠨᠠᠷ᠂ ᠪᠦᠬᠦ ᠲᠠᠯᠠᠳᠣ ᠴᠢᠨᠠᠷ᠂ ᠲᠣᠭᠲᠠᠪᠤᠷᠢᠲᠤ ᠴᠢᠨᠠᠷ᠂ ᠤᠷᠲᠤ ᠬᠤᠭᠤᠴᠠᠭᠠᠲᠤ ᠴᠢᠨᠠᠷᠲᠠᠢ ᠪᠠᠢᠳᠠᠭ᠃ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠲᠡᠭᠦᠯᠳᠡᠷᠵᠢᠭᠦᠯᠬᠦ ᠪᠣᠯ ᠬᠥᠳᠡᠯᠦᠩᠭᠦᠢ ᠶᠠᠪᠤᠴᠠ ᠮᠥᠨ ᠪᠣᠯᠬᠣᠷ ᠦᠢᠯᠡᠳᠦᠯᠭᠡ᠎ᠶᠢᠨ ᠬᠥᠭᠵᠢᠯᠲᠡ᠎ᠶᠢ ᠳᠠᠭᠠᠯᠳᠤᠨ ᠲᠠᠰᠤᠷᠠᠯᠲᠠ ᠦᠭᠡᠢ ᠬᠥᠭᠵᠢᠬᠦ ᠨᠢ ᠵᠠᠢᠯᠠᠰᠢ ᠦᠭᠡᠢ ᠶᠤᠮ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠳᠦ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ᠎ᠳᠦ ᠵᠣᠷᠢᠭ᠍ᠲᠠᠢ᠎ᠪᠠᠷ ᠬᠠᠨᠳᠤᠵᠤ᠂ ᠪᠠᠢᠭᠤᠯᠤᠯ᠎ᠦᠨ ᠪᠠᠢᠭᠤᠯᠤᠯᠲᠠ ᠡᠨᠡ ᠬᠦ᠌ ᠭᠣᠣᠯ ᠰᠢᠵᠢᠮ᠎ᠢ ᠳᠣᠪᠣᠶ᠋ᠢᠯᠭᠠᠵᠤ᠂ ᠡᠯ᠎ᠡ ᠲᠠᠯ᠎ᠠ᠎ᠶᠢᠨ ᠳᠦᠷᠢᠮ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠬᠦᠴᠦᠯᠡᠨ ᠪᠠᠢᠭᠤᠯᠵᠤ᠂ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠪᠦᠬᠦ ᠲᠠᠯ᠎ᠠ᠎ᠪᠠᠷ ᠡᠭᠦᠳᠬᠦ᠎ᠶᠢ ᠲᠡᠮᠵᠢᠨ᠎ᠡ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠᠢᠭᠤᠯᠤᠯ ᠲᠣᠭᠲᠠᠴᠠ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯ ᠦᠨ ᠰᠢᠰᠲᠧᠮ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠠᠢᠭᠤᠯᠤᠯ᠎ᠦᠨ ᠰᠢᠰᠲᠧᠮ᠎ᠢ ᠪᠦᠷᠢᠨᠰᠢᠭᠦᠯᠦᠨ᠎ᠡ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠠᠢᠭᠤᠯᠤᠯ ᠲᠣᠭᠲᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠪᠠᠢᠭᠤᠯᠤᠯ ᠲᠣᠭᠲᠠᠴᠠ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠎ᠢ ᠲᠡᠭᠦᠯᠳᠡᠷᠵᠢᠭᠦᠯᠵᠤ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠤ᠂ ᠤᠯᠤᠰ᠎ᠤᠨ ᠠᠮᠤᠷ ᠲᠦᠪᠰᠢᠨ᠎ᠦ ᠰᠢᠰᠲᠧᠮ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠨᠠᠮ᠎ᠤᠨ ᠤᠳᠤᠷᠢᠳᠬᠤ ᠲᠦᠪᠰᠢᠨ᠎ᠢ ᠳᠡᠭᠡᠭᠰᠢᠯᠡᠭᠦᠯᠦᠨ᠎ᠡ᠂ ᠰᠠᠭᠤᠷᠢ ᠵᠢ ᠪᠡᠬᠢᠵᠢᠬᠦᠯᠵᠤ᠂ ᠳᠠᠪᠠᠭᠤᠯᠢᠭ᠋ ᠲᠠᠯ᠎ᠠ᠎ᠪᠠᠨ ᠪᠠᠳᠠᠷᠠᠭᠤᠯᠵᠤ᠂ ᠳᠤᠲᠠᠭᠤᠳᠠᠯ᠎ᠢ ᠨᠥᠬᠥᠪᠦᠷᠢᠯᠡᠵᠤ᠂ ᠪᠠᠭᠤᠷᠠᠢ ᠲᠠᠯ᠎ᠠ ᠪᠠᠨ ᠴᠢᠩᠭᠠᠷᠠᠭᠤᠯᠵᠤ᠂ ᠮᠠᠨ᠎ᠤ ᠤᠯᠤᠰ᠎ᠤᠨ ᠪᠠᠢᠭᠤᠯᠤᠯ᠎ᠤᠨ ᠳᠠᠪᠠᠭᠤᠯᠢᠭ᠋᠎ᠢ ᠤᠯᠤᠰ᠎ᠤᠨ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮᠳᠦ ᠪᠠᠢᠭᠤᠯᠤᠯ ᠪᠣᠯᠣᠨ ᠤᠯᠤᠰ᠎ᠤᠨ ᠵᠠᠰᠠᠯᠲᠠ᠎ᠶᠢᠨ ᠰᠢᠰᠲᠧᠮ᠎ᠦᠨ ᠨᠡᠩ ᠲᠡᠭᠦᠯᠳᠡᠷᠵᠢᠬᠦ᠎ᠶᠢ ᠠᠬᠢᠭᠤᠯᠵᠤ᠂ ᠳᠤᠮᠳᠠᠳᠤ ᠤᠯᠤᠰ ᠤᠨ ᠮᠠᠶᠢᠭ᠋᠎ᠤᠨ ᠣᠳᠣᠬᠢᠴᠢᠯᠠᠯᠲᠠ᠎ᠳᠤ ᠪᠠᠢᠭᠤᠯᠤᠯ᠎ᠦᠨ ᠪᠠᠲᠤᠯᠠᠭ᠎ᠠ ᠬᠠᠩᠭᠠᠨ᠎ᠠ᠃
ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠵᠤ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠦᠭᠡᠯᠡᠨ ᠬᠥᠭᠵᠢᠭᠦᠯᠬᠦ᠎ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ 《ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠤᠭᠰᠠᠨ ᠡᠰᠡᠬᠦ᠂ ᠠᠷᠠᠳ ᠤᠯᠠᠨ᠎ᠳᠤ ᠦᠨᠡᠨ ᠪᠣᠳᠠᠲᠠᠢ ᠬᠦᠷᠲᠡᠮᠵᠢ᠎ᠶᠢᠨ ᠲᠥᠷᠥᠭᠳᠡᠯ ᠣᠯᠭᠣᠭᠰᠠᠨ ᠡᠰᠡᠬᠦ᠎ᠪᠡᠷ ᠥᠭᠡᠷᠡᠴᠢᠯᠡᠯᠲᠡ᠎ᠶᠢᠨ ᠦᠷ᠎ᠡ ᠪᠦᠲᠦᠮᠵᠢ᠎ᠶᠢ ᠦᠨᠡᠯᠡᠬᠦ ᠪᠠᠷᠢᠮᠵᠢᠶ᠎ᠠ ᠪᠣᠯᠭᠠᠬᠤ ᠬᠡᠷᠡᠭᠲᠡᠢ》 ᠭᠡᠵᠦ ᠳᠤᠷᠠᠳᠴᠤ᠂ ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠦᠨᠡᠯᠡᠬᠦ᠎ᠳᠦ ᠵᠢᠯᠣᠭᠣᠳᠤᠯᠭ᠎ᠠ ᠬᠠᠩᠭᠠᠪᠠ᠃ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠦᠭᠡᠯᠡᠨ ᠬᠥᠭᠵᠢᠭᠦᠯᠬᠦ ᠶᠠᠪᠤᠳᠠᠯ᠎ᠢ ᠴᠢᠩᠭ᠎ᠠ ᠠᠳᠬᠤᠪᠠᠯ ᠪᠤᠰᠤᠳ ᠡᠯ᠎ᠡ ᠲᠠᠯ᠎ᠠ᠎ᠶᠢᠨ ᠥᠭᠡᠷᠡᠴᠢᠯᠡᠯᠲᠡ᠎ᠳᠦ ᠬᠦᠴᠦᠷᠬᠡᠭ ᠶᠡᠬᠡ ᠲᠦᠯᠬᠢᠴᠡ ᠬᠦᠴᠦᠨ᠎ᠢ ᠬᠠᠩᠭᠠᠵᠤ᠂ ᠪᠤᠰᠤᠳ ᠡᠯ᠎ᠡ ᠲᠠᠯ᠎ᠠ᠎ᠶᠢᠨ ᠥᠭᠡᠷᠡᠴᠢᠯᠡᠯᠲᠡ᠎ᠶᠢᠨ ᠵᠣᠬᠢᠴᠠᠩᠭᠤᠢ ᠠᠬᠢᠬᠤ᠎ᠶᠢ ᠨᠥᠯᠥᠭᠡᠯᠡᠵᠦ ᠴᠢᠳᠠᠨ᠎ᠠ ᠭᠡᠳᠡᠭ᠎ᠢ ᠥᠭᠡᠷᠡᠴᠢᠯᠡᠯᠲᠡ ᠨᠡᠭᠡᠭᠡᠯᠲᠡ᠎ᠶᠢᠨ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠢᠨ᠎ᠠ᠃ ᠥᠭᠡᠷᠡᠴᠢᠯᠡᠯᠲᠡ᠎ᠶᠢᠨ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠵᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠳᠤᠮᠳᠠ ᠦᠢᠯᠡᠳᠪᠦᠷᠢᠯᠡᠯ᠎ᠦᠨ ᠬᠠᠷᠢᠴᠠᠭ᠎ᠠ ᠪᠠ ᠦᠢᠯᠡᠳᠪᠦᠷᠢᠯᠡᠯ᠎ᠦᠨ ᠬᠦᠴᠦᠨ᠂ ᠳᠠᠪᠬᠤᠷᠭ᠎ᠠ ᠪᠠ ᠠᠵᠤ ᠠᠬᠤᠢ᠎ᠶᠢᠨ ᠰᠠᠭᠤᠷᠢ᠂ ᠤᠯᠤᠰ᠎ᠤᠨ ᠵᠠᠰᠠᠯᠲᠠ ᠪᠠ ᠨᠡᠢᠭᠡᠮ᠎ᠦᠨ ᠬᠥᠭᠵᠢᠯᠲᠡ᠎ᠶᠢ ᠨᠡᠩ ᠰᠠᠢᠲᠤᠷ ᠵᠣᠬᠢᠴᠠᠭᠤᠯᠬᠤ᠎ᠶᠢ ᠠᠬᠢᠭᠤᠯᠵᠤ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭᠠᠳᠬᠠᠬᠤ ᠬᠡᠷᠡᠭᠲᠡᠢ; ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠᠢᠭᠤᠯᠤᠯ ᠲᠣᠭᠲᠠᠴᠠ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠂ ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠠᠢᠭᠤᠯᠤᠯ ᠲᠣᠭᠲᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ ᠳᠤᠮᠳᠠ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ ᠪᠣᠯᠣᠨ ᠪᠦᠲᠦᠴᠡ᠎ᠶᠢᠨ ᠴᠢᠨᠠᠷᠲᠠᠢ ᠵᠥᠷᠢᠴᠡᠯ᠎ᠢ ᠰᠢᠢᠳᠪᠦᠷᠢᠯᠡᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ; ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠦᠨ ᠪᠠᠢᠭᠤᠯᠤᠯ᠎ᠤᠨ ᠰᠢᠰᠲᠧᠮ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠂ ᠰᠣᠶᠣᠯ᠎ᠤᠨ ᠪᠠᠢᠭᠤᠯᠤᠯ ᠲᠣᠭᠲᠠᠴᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠠᠢᠭᠤᠯᠤᠯ᠎ᠤᠨ ᠰᠢᠰᠲᠧᠮ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶᠢᠨ ᠲᠠᠯ᠎ᠠ᠎ᠪᠠᠷ ᠠᠬᠢᠯᠲᠠ᠎ᠲᠠᠢ ᠪᠣᠯᠭᠠᠵᠤ᠂ ᠠᠷᠠᠳ ᠤᠯᠠᠨ᠎ᠤ ᠬᠡᠷᠡᠭᠰᠡᠬᠦ ᠪᠠᠴᠢᠮ ᠱᠠᠭᠠᠷᠳᠠᠵᠤ ᠪᠠᠢᠭ᠎ᠠ ᠬᠦᠰᠡᠯ ᠡᠷᠡᠮᠡᠯᠵᠡᠯ᠎ᠢ ᠬᠦᠴᠦᠯᠡᠨ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠬᠥᠮᠥᠨ᠎ᠦ ᠡᠷᠬᠡ ᠴᠢᠯᠦᠭᠡ᠎ᠶᠢᠨ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠬᠠᠩᠭᠠᠬᠤ ᠬᠡᠷᠡᠭᠲᠡᠢ᠃
( ᠵᠣᠬᠢᠶᠠᠭ᠍ᠴᠢ᠄ ᠳᠤᠮᠳᠠᠳᠤ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ )