ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠲᠤᠭᠤᠰᠢᠯᠠᠭᠤᠯᠬᠤ ᠵᠠᠷᠴᠢᠮ᠎ᠤᠨ ᠨᠢᠭᠡ ᠪᠣᠯ 《ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠠᠷᠠᠳ ᠲᠦᠮᠡᠨ᠎ᠦ ᠭᠣᠣᠯ ᠴᠣᠭᠴᠠ᠎ᠶᠢᠨ ᠪᠠᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ᠋ ᠰᠠᠨᠠᠭ᠎ᠠ᠎ᠶᠢ ᠬᠦᠨᠳᠦᠳᠬᠡᠵᠦ᠂ ᠠᠷᠠᠳ ᠲᠦᠮᠡᠨ ᠶᠠᠮᠠᠷ ᠬᠦᠰᠡᠯᠳᠡ ᠪᠠᠢᠪᠠᠯ ᠥᠭᠡᠷᠡᠴᠢᠯᠡᠯᠲᠡ᠎ᠳᠦ ᠶᠠᠮᠠᠷ ᠲᠤᠰᠬᠠᠯ᠎ᠲᠠᠢ ᠪᠠᠢᠵᠤ᠂ ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠬᠦ᠂ ᠥᠭᠡᠷᠡᠴᠢᠯᠡᠯᠲᠡ ᠬᠢᠬᠦ᠎ᠳᠦ ᠠᠷᠠᠳ ᠲᠦᠮᠡᠨ᠎ᠳᠦ ᠲᠦᠰᠢᠭᠯᠡᠬᠦ᠂ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ 》 ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠠᠬᠢᠴᠠ ᠳᠤᠮᠳᠠ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ ᠨᠢ ᠮᠠᠨ᠎ᠤ ᠨᠠᠮ᠎ᠤᠨ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠭᠦᠢᠴᠡᠳ ᠢᠯᠡᠷᠡᠭᠦᠯᠵᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠦᠷᠳᠡᠭ᠎ᠦᠨ ᠬᠠᠨᠳᠤᠰᠢ᠎ᠶᠢ ᠭᠦᠢᠴᠡᠳ ᠢᠯᠡᠷᠡᠭᠦᠯᠵᠡᠢ᠃
ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ ᠪᠣᠯ《ᠤᠯᠤᠰ᠎ᠤᠨ ᠶᠡᠬᠡ ᠶᠠᠪᠤᠳᠠᠯ》ᠮᠥᠨ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶᠢᠨ ᠦᠢᠯᠡᠰ᠎ᠦᠨ ᠲᠡᠮᠡᠴᠡᠬᠦ ᠬᠠᠷᠠᠯᠲᠠ ᠮᠥᠨ᠃ ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠪᠡᠯ ᠦᠭᠡᠷᠡᠴᠢᠯᠡᠯᠳᠡ ᠰᠠᠶᠢ ᠠᠴᠢ ᠬᠣᠯᠪᠣᠭᠳᠠᠯ᠎ᠲᠠᠢ ᠶᠤᠮ᠃ ᠡᠨᠡ ᠪᠣᠯ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠯᠣᠭᠢᠭ᠋᠎ᠤᠨ ᠡᠬᠢ᠂ ᠥᠷᠲᠡᠭ᠎ᠦᠨ ᠵᠣᠷᠢᠯᠲᠠ ᠮᠥᠨ᠃ ᠮᠠᠨ ᠤ ᠨᠠᠮ ᠥᠭᠡᠷᠡᠴᠢᠯᠡᠯᠲᠡ᠎ᠶᠢ ᠠᠳᠬᠤᠵᠤ᠂ ᠬᠥᠭᠵᠢᠯᠲᠡ᠎ᠶᠢ ᠠᠬᠢᠭᠤᠯᠵᠤ ᠪᠠᠢᠭ᠎ᠠ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ ᠢ ᠨᠡᠩ ᠰᠠᠢᠨ ᠠᠮᠢᠳᠤᠷᠠᠭᠤᠯᠬᠤ᠎ᠶᠢᠨ ᠲᠥᠯᠥᠭᠡ ᠶᠤᠮ᠃ ᠠᠷᠠᠳ ᠤᠯᠠᠨ᠎ᠤ ᠠᠷᠠᠳᠴᠢᠯᠠᠯ᠂ ᠬᠠᠤᠯᠢ᠎ᠪᠠᠷ ᠵᠠᠰᠠᠬᠤ᠂ ᠲᠥᠪ ᠭᠣᠣᠯᠴᠢ᠂ ᠰᠢᠳᠤᠷᠭᠤ ᠶᠣᠰᠣ᠌᠂ ᠠᠮᠤᠷ ᠲᠦᠪᠰᠢᠨ᠂ ᠣᠷᠴᠢᠨ ᠠᠬᠤᠢ ᠵᠡᠷᠭᠡ ᠲᠠᠯ᠎ᠠ ᠵᠢᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠬᠦ᠎ᠶᠢ ᠳᠠᠭᠠᠯᠳᠤᠨ᠂ ᠭᠠᠭᠴᠠ ᠬᠦ᠌ ᠠᠷᠠᠳ ᠲᠦᠮᠡᠨ ᠦ ᠲᠥᠯᠥᠭᠡ ᠥᠭᠡᠷᠡᠴᠢᠯᠡᠯᠲᠡ ᠬᠢᠬᠦ᠎ᠶᠢ ᠪᠠᠷᠢᠮᠲᠠᠯᠠᠵᠤ᠂ ᠠᠷᠠᠳ ᠤᠯᠠᠨ ᠶᠠᠭᠤ᠎ᠶᠢ ᠬᠠᠯᠠᠮᠵᠢᠯᠠᠵᠤ᠂ ᠶᠠᠭᠤ᠎ᠶᠢ ᠬᠦᠰᠡᠵᠦ ᠪᠠᠢᠪᠠᠯ ᠥᠭᠡᠷᠡᠴᠢᠯᠡᠯᠲᠡ ᠶᠠᠭᠤ᠎ᠶᠢ ᠠᠳᠬᠤᠵᠤ᠂ ᠶᠠᠭᠤ᠎ᠶᠢ ᠠᠬᠢᠭᠤᠯᠬᠤ ᠬᠡᠷᠡᠭᠲᠡᠢ᠂ ᠢᠩᠭᠢᠪᠡᠯ ᠰᠠᠶᠢ ᠠᠷᠠᠳ ᠤᠯᠠᠨ᠎ᠳᠤ ᠥᠭᠡᠷᠡᠴᠢᠯᠡᠯᠲᠡ ᠬᠥᠭᠵᠢᠯᠲᠡ᠎ᠶᠢᠨ ᠠᠪᠴᠢᠷᠠᠭᠰᠠᠨ ᠭᠦᠨᠵᠡᠭᠡᠢ ᠬᠤᠪᠢᠷᠠᠯᠲᠠ ᠶᠢ ᠦᠨᠡᠨ ᠬᠦ᠌ ᠮᠡᠳᠡᠷᠡᠭᠦᠯᠵᠦ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ ᠪᠠᠷ ᠬᠦᠷᠲᠡᠭᠡᠵᠦ ᠴᠢᠳᠠᠨ᠎ᠠ᠃ ᠠᠷᠠᠳ ᠲᠦᠮᠡᠨ᠎ᠳᠦ ᠲᠦᠰᠢᠭᠯᠡᠨ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠬᠥᠳᠡᠯᠭᠡᠬᠦ ᠬᠦᠴᠦᠨ᠎ᠲᠠᠢ ᠪᠠᠢᠵᠤ ᠴᠢᠳᠠᠨ᠎ᠠ᠃ ᠭᠠᠭᠴᠠ ᠬᠦ᠌ ᠠᠷᠠᠳ ᠲᠦᠮᠡᠨ᠎ᠳᠦ ᠲᠦᠰᠢᠭᠯᠡᠨ ᠥᠭᠡᠷᠡᠴᠢᠯᠡᠯᠲᠡ ᠬᠢᠵᠦ᠂ ᠠᠷᠠᠳ ᠲᠦᠮᠡᠨ᠎ᠦ ᠦᠢᠯᠡᠳᠦᠯᠭᠡ᠎ᠶᠢᠨ ᠡᠭᠦᠳᠦᠯᠲᠡ ᠪᠠ ᠬᠥᠭᠵᠢᠯᠲᠡ ᠶᠢᠨ ᠱᠠᠭᠠᠷᠳᠠᠯᠭ᠎ᠠ᠎ᠡᠴᠡ ᠲᠦᠷᠦ᠎ᠶᠢᠨ ᠪᠣᠳᠣᠯᠭ᠎ᠠ᠎ᠶᠢᠨ ᠵᠣᠷᠢᠯᠲᠠ᠎ᠪᠠᠨ ᠲᠡᠭᠦᠯᠳᠡᠷᠵᠢᠭᠦᠯᠬᠦ ᠳᠡᠭᠡᠨ ᠴᠢᠳᠠᠮᠠᠭᠠᠢ ᠪᠠᠢᠪᠠᠯ ᠠᠷᠠᠳ ᠤᠯᠠᠨ ᠰᠠᠶᠢ ᠦᠨᠡᠨ ᠰᠡᠳᠬᠢᠯ᠎ᠡᠴᠡ᠎ᠪᠡᠨ ᠬᠦᠷᠢᠶᠡᠯᠡᠨ ᠢᠳᠡᠪᠬᠢᠲᠡᠢ ᠣᠷᠣᠯᠴᠠᠵᠤ᠂ ᠥᠭᠡᠷᠡᠴᠢᠯᠡᠯᠲᠡ᠎ᠶᠢᠨ ᠤᠯᠠᠨ ᠲᠦᠮᠡᠨ᠎ᠦ ᠰᠠᠭᠤᠷᠢ᠎ᠶᠢ ᠲᠠᠰᠤᠷᠠᠯᠳᠠ ᠦᠭᠡᠢ ᠪᠡᠬᠢᠵᠢᠭᠦᠯᠵᠦ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠵᠡᠢ᠃
ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠪᠡᠯ ᠦᠬᠡᠷᠡᠴᠢᠯᠡᠯᠳᠡ ᠰᠠᠶᠢ ᠠᠴᠢ ᠬᠣᠯᠪᠣᠭᠳᠠᠯ᠎ᠲᠠᠢ
ᠪᠢᠳᠡᠨ᠎ᠦ ᠥᠭᠡᠷᠡᠴᠢᠯᠡᠯᠲᠡ᠎ᠶᠢ ᠠᠬᠢᠭᠤᠯᠬᠤ᠎ᠶᠢᠨ ᠦᠨᠳᠦᠰᠦᠨ ᠵᠣᠷᠢᠯᠭ᠎ᠠ ᠪᠣᠯ ᠤᠯᠤᠰ ᠣᠷᠣᠨ᠎ᠢᠶᠠᠨ ᠨᠡᠩ ᠪᠠᠶᠠᠨ ᠬᠦᠴᠦᠷᠬᠡᠭ ᠪᠣᠯᠭᠠᠵᠤ᠂ ᠨᠡᠢᠭᠡᠮ᠎ᠢ ᠨᠡᠩ ᠲᠥᠪ ᠭᠣᠣᠯᠴᠢ ᠰᠢᠳᠤᠷᠭᠤ ᠪᠣᠯᠭᠠᠵᠤ᠂ ᠠᠷᠠᠳ ᠲᠦᠮᠡᠨ᠎ᠦ ᠠᠮᠢᠳᠤᠷᠠᠯ᠎ᠢ ᠨᠡᠩ ᠰᠠᠢᠨ ᠰᠠᠢᠬᠠᠨ ᠪᠣᠯᠭᠠᠬᠤ᠎ᠶᠢᠨ ᠲᠥᠯᠥᠭᠡ ᠶᠤᠮ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠡᠷᠬᠡᠪᠰᠢ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠠᠬᠢᠭᠤᠯᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ᠎ᠪᠡᠷ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠠᠷᠠᠳ ᠲᠦᠮᠡᠨ᠎ᠦ ᠠᠰᠢᠭ᠋ ᠲᠤᠰᠠ᠎ᠠᠴᠠ ᠡᠭᠦᠰᠦᠨ ᠥᠭᠡᠷᠡᠴᠢᠯᠡᠯᠲᠡ᠎ᠶᠢᠨ ᠰᠡᠳᠬᠢᠮᠵᠢ᠎ᠶᠢ ᠲᠥᠯᠥᠪᠯᠡᠵᠦ᠂ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠬᠤ ᠬᠡᠷᠡᠭᠲᠡᠢ᠃ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡᠨ᠎ᠦ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠠᠳ ᠲᠦᠮᠡᠨ ᠦ ᠬᠠᠮᠤᠭ᠎ᠡᠴᠡ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯᠯᠠᠭᠤᠯᠤᠭᠰᠠᠨ ᠨᠠᠮ ᠤᠨ ᠲᠥᠪ ᠬᠣᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠥᠷᠲᠡᠭ᠎ᠦᠨ ᠬᠠᠨᠳᠤᠰᠢ᠎ᠶᠢ ᠪᠠᠲᠤ ᠡᠵᠡᠮᠳᠡᠵᠦ᠂ ᠠᠷᠠᠳ ᠣᠯᠠᠨ᠎ᠤ ᠬᠠᠮᠤᠭ᠎ᠡᠴᠡ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠵᠦ᠂ ᠣᠷᠣᠯᠭ᠎ᠠ᠎ᠶᠢᠨ ᠬᠤᠪᠢᠶᠠᠷᠢᠯᠠᠯᠲᠠ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ᠎ᠶᠢᠨ ᠪᠠᠲᠤᠯᠠᠭ᠎ᠠ᠂ ᠨᠠᠰᠤᠵᠢᠯ᠎ᠤᠨ ᠠᠰᠠᠷᠠᠮᠵᠢ ᠬᠡᠦᠬᠡᠳ ᠰᠠᠭᠠᠲᠠᠭᠤᠯᠬᠤ᠂ ᠣᠯᠠᠨ ᠨᠡᠶ᠋ᠢᠲᠡ᠎ᠶᠢᠨ ᠰᠣᠶᠣᠯ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠠᠯᠢ ᠣᠯᠠᠨ ᠴᠢᠬᠤᠯᠠ ᠶᠡᠬᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠭᠠᠷᠭᠠᠵᠤ᠂ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠪᠡᠷ ᠳᠠᠮᠵᠢᠭᠤᠯᠤᠨ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠪᠠ᠃
ᠠᠷᠠᠳ ᠲᠦᠮᠡᠨ᠎ᠳᠦ ᠲᠦᠰᠢᠭᠯᠡᠨ ᠥᠭᠡᠷᠡᠴᠢᠯᠡᠯᠲᠡ ᠬᠢᠪᠡᠯ ᠦᠬᠡᠷᠡᠴᠢᠯᠡᠯᠳᠡ ᠰᠠᠶᠢ ᠬᠥᠳᠡᠯᠭᠡᠬᠦ ᠬᠦᠴᠦᠨ ᠲᠠᠢ ᠪᠣᠯᠣᠨ᠎ᠠ
ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ ᠮᠥᠨ᠂ ᠥᠭᠡᠷᠡᠴᠢᠯᠡᠯᠲᠡ ᠨᠡᠭᠡᠭᠡᠯᠲᠡ᠎ᠶᠢ ᠠᠬᠢᠭᠤᠯᠬᠤ ᠪᠡᠶᠡᠴᠢ ᠴᠣᠭᠴᠠ ᠶᠢᠨ ᠬᠦᠴᠦᠨ ᠮᠥᠨ᠃ ᠥᠭᠡᠷᠡᠴᠢᠯᠡᠯᠲᠡ ᠨᠡᠭᠡᠭᠡᠯᠲᠡ᠎ᠶᠢᠨ ᠲᠠᠨᠢᠯᠲᠠ ᠪᠠ ᠦᠢᠯᠡᠳᠦᠯᠭᠡ᠎ᠶᠢᠨ ᠲᠠᠯ᠎ᠠ᠎ᠪᠠᠷ ᠬᠢ ᠤᠳᠠᠭ᠎ᠠ ᠪᠦᠷᠢ᠎ᠶᠢᠨ ᠰᠢᠪᠲᠤᠯᠤᠯᠲᠠ ᠪᠠ ᠭᠦᠨᠵᠡᠭᠡᠢᠷᠡᠯ᠂ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠᠬᠢ ᠰᠢᠨ᠎ᠡ ᠬᠡᠷᠡᠭ ᠪᠣᠳᠠᠰ ᠪᠦᠷᠢ᠎ᠶᠢᠨ ᠡᠭᠦᠰᠦᠯ ᠬᠥᠭᠵᠢᠯ᠂ ᠥᠭᠡᠷᠡᠴᠢᠯᠡᠯᠲᠡ ᠨᠡᠭᠡᠭᠡᠯᠲᠡ᠎ᠶᠢᠨ ᠬᠦᠷᠢᠶ᠎ᠡ ᠪᠠ ᠭᠣᠭᠴᠣᠭ᠎ᠠ ᠪᠦᠷᠢ᠎ᠶᠢᠨ ᠲᠤᠷᠰᠢᠯᠭ᠎ᠠ᠎ᠶᠢᠨ ᠡᠭᠦᠳᠦᠯᠲᠡ ᠪᠠ ᠬᠤᠷᠠᠮᠳᠤᠯ ᠨᠢ ᠴᠥᠮ ᠲᠦᠭ ᠲᠦᠮᠡᠨ ᠠᠷᠠᠳ ᠲᠦᠮᠡᠨ᠎ᠦ ᠤᠶᠤᠨ ᠤᠬᠠᠭᠠᠨ ᠪᠠ ᠦᠢᠯᠡᠳᠦᠯᠭᠡ᠎ᠡᠴᠡ ᠢᠷᠡᠭᠰᠡᠨ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯᠯᠠᠭᠤᠯᠤᠬᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠷᠠᠳ ᠲᠦᠮᠡᠨ ᠦ ᠭᠣᠣᠯ ᠴᠣᠭᠴᠠ᠎ᠶᠢᠨ ᠪᠠᠢᠷᠢ ᠰᠠᠭᠤᠷᠢ ᠶᠢ ᠲᠦᠷᠦ᠎ᠶᠢ ᠵᠠᠰᠠᠵᠤ ᠵᠠᠰᠠᠭ ᠢ ᠡᠷᠬᠢᠯᠡᠬᠦ ᠡᠯ᠎ᠡ ᠲᠠᠯ᠎ᠠ᠎ᠳᠤ ᠳᠤᠭᠤᠰᠢᠯᠠᠭᠤᠯᠵᠦ᠂ ᠠᠷᠠᠳ ᠲᠦᠮᠡᠨ᠎ᠦ ᠤᠶᠤᠨ ᠤᠬᠠᠭᠠᠨ ᠬᠦᠴᠦᠨ ᠴᠢᠳᠠᠯ᠎ᠢ ᠥᠷᠭᠡᠨ᠎ᠢᠶᠡᠷ ᠲᠥᠪᠯᠡᠷᠡᠭᠦᠯᠵᠦ᠂ ᠠᠷᠠᠳ ᠲᠦᠮᠡᠨ᠎ᠦ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ᠎ᠢ ᠭᠦᠢᠴᠡᠳ ᠳᠠᠢ᠍ᠢᠴᠢᠯᠠᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ᠂ ᠨᠠᠮ ᠪᠣᠯᠣᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠨᠠᠮ᠎ᠤᠨ ᠬᠣᠷᠢᠳᠤᠭᠠᠷ ᠶᠡᠬᠡ ᠬᠤᠷᠠᠯ ᠤᠨ ᠬᠣᠯᠪᠣᠭᠳᠠᠯ ᠪᠦᠬᠦᠢ ᠠᠵᠢᠯ᠎ᠤᠨ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠳᠤᠮᠳᠠ᠂ ᠡᠯ᠎ᠡ ᠲᠥᠷᠥᠯ᠎ᠦᠨ ᠰᠠᠨᠠᠯ ᠰᠠᠨᠠᠭᠤᠯᠭ᠎ᠠ᠎ᠳᠤ ᠨᠡᠶ᠋ᠢᠲᠡ 854.2 ᠲᠦᠮᠡᠨ ᠵᠤᠷᠪᠤᠰ ᠦᠭᠡ ᠦᠯᠡᠳᠡᠭᠡᠭᠰᠡᠨ ᠪᠠᠢᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠡᠲᠡᠭᠡᠳ᠂ ᠠᠵᠤ ᠦᠢᠯᠡᠰ᠎ᠦᠨ ᠡᠲᠡᠭᠡᠳ ᠭᠡᠰᠡᠨ ᠦᠭᠡᠢ᠂ ᠬᠥᠳᠡᠭᠡ ᠲᠣᠰᠬᠣᠨ᠎ᠤ ᠪᠠᠭ᠍ᠰᠢ᠂ ᠠᠮᠤ ᠪᠤᠳᠠᠭ᠎ᠠ ᠳᠠᠷᠢᠬᠤ ᠲᠣᠮᠣ᠌ ᠡᠷᠦᠬᠡ᠂ ᠲᠦᠷᠭᠡᠨ ᠬᠦᠷᠭᠡᠭᠴᠢ᠂ ᠬᠣᠭᠣᠯᠠᠨ ᠭᠡᠷ᠎ᠦᠨ ᠡᠵᠡᠨ᠂ ᠬᠠᠤᠯᠢ ᠴᠠᠭᠠᠵᠠ᠎ᠶᠢᠨ ᠠᠵᠢᠯᠲᠠᠨ ᠭᠡᠰᠡᠨ ᠦᠭᠡᠢ᠂ ᠴᠥᠮ ᠡᠯ᠎ᠡ ᠵᠦᠢᠯ᠎ᠦᠨ ᠠᠷᠭ᠎ᠠ ᠵᠠᠮ᠂ ᠡᠯ᠎ᠡ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠦᠨᠡᠨ ᠮᠡᠳᠡᠯᠭᠡ ᠨᠡᠪᠲᠡᠷᠬᠡᠢ ᠦᠵᠡᠯᠲᠡ᠎ᠶᠢ ᠳᠤᠷᠠᠳᠴᠤ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ ᠪᠣᠯᠣᠨ᠎ᠠ᠃
ᠠᠷᠠᠳ ᠤᠯᠠᠨ᠎ᠤ ᠳᠤᠮᠳᠠ ᠡᠯᠪᠡᠭ ᠪᠠᠶᠠᠯᠢᠭ᠋ ᠤᠶᠤᠨ ᠤᠬᠠᠭᠠᠨ ᠪᠠ ᠬᠢᠵᠠᠭᠠᠯᠠᠰᠢ ᠦᠭᠡᠢ ᠪᠦᠲᠦᠭᠡᠯᠴᠢ ᠬᠦᠴᠦᠨ ᠠᠭᠤᠯᠤᠭᠳᠠᠵᠤ ᠪᠠᠢᠳᠠᠭ᠃ ᠠᠯᠢᠪᠠ ᠥᠭᠡᠷᠡᠴᠢᠯᠡᠯᠲᠡ᠎ᠶᠢ ᠠᠬᠢᠭᠤᠯᠬᠤ᠎ᠳᠤ ᠴᠥᠮ ᠠᠷᠠᠳ ᠲᠦᠮᠡᠨ ᠦ ᠬᠦᠴᠦᠨ ᠴᠢᠳᠠᠯ᠎ᠡᠴᠡ ᠰᠠᠯᠵᠤ ᠴᠢᠳᠠᠬᠤ ᠦᠭᠡᠢ ᠶᠤᠮ᠃ ᠥᠭᠡᠷᠡᠴᠢᠯᠡᠯᠲᠡ᠎ᠶᠢᠨ ᠡᠭᠦᠷᠭᠡ ᠬᠡᠳᠦᠢ ᠨᠦᠰᠡᠷ ᠬᠦᠨᠳᠦ ᠪᠣᠯᠬᠤ ᠲᠤᠳᠤᠮ ᠪᠢᠳᠡ ᠠᠷᠠᠳ ᠤᠯᠠᠨ᠎ᠤ ᠳᠡᠮᠵᠢᠯᠭᠡ ᠪᠠ ᠣᠷᠤᠯᠴᠠᠯᠭ᠎ᠠ᠎ᠳᠤ ᠤᠯᠠᠮ ᠲᠦᠰᠢᠭᠯᠡᠵᠦ᠂ ᠥᠭᠡᠷᠡᠴᠢᠯᠡᠯᠲᠡ᠎ᠶᠢᠨ ᠵᠥᠪ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠬᠤ ᠪᠠ ᠲᠤᠭᠤᠰᠢᠯᠠᠭᠤᠯᠬᠤ᠎ᠪᠠᠷ ᠳᠠᠮᠵᠢᠭᠤᠯᠤᠨ ᠠᠷᠠᠳ ᠲᠦᠮᠡᠨ᠎ᠢ ᠳᠠᠭᠠᠭᠤᠯᠤᠨ ᠤᠷᠤᠭᠰᠢᠯᠠᠬᠤ᠎ᠳᠠᠭᠠᠨ ᠴᠢᠳᠠᠮᠠᠭᠠᠢ ᠪᠠᠢᠵᠤ᠂ ᠠᠷᠠᠳ ᠲᠦᠮᠡᠨ᠎ᠦ ᠦᠢᠯᠡᠳᠦᠯᠭᠡ᠎ᠶᠢᠨ ᠡᠭᠦᠳᠦᠯᠲᠡ ᠪᠠ ᠬᠥᠭᠵᠢᠯᠲᠡ᠎ᠶᠢᠨ ᠱᠠᠭᠠᠷᠳᠠᠯᠭ᠎ᠠ ᠳᠤᠮᠳᠠ᠎ᠡᠴᠡ ᠥᠭᠡᠷᠡᠴᠢᠯᠡᠯᠲᠡ᠎ᠶᠢᠨ ᠲᠦᠷᠦ ᠶᠢᠨ ᠪᠣᠳᠣᠯᠭ᠎ᠠ ᠵᠣᠷᠢᠯᠲᠠ᠎ᠪᠠᠨ ᠲᠡᠭᠦᠯᠳᠡᠷᠵᠢᠭᠦᠯᠬᠦ᠎ᠳᠡᠭᠡᠨ ᠴᠢᠳᠠᠮᠠᠭᠠᠢ ᠪᠠᠢᠬᠤ ᠬᠡᠷᠡᠭᠲᠡᠢ᠃ ᠣᠷᠣᠨ ᠨᠤᠲᠤᠭ᠂ ᠦᠨᠳᠦᠰᠦᠨ ᠱᠠᠲᠤ᠂ ᠣᠯᠠᠨ ᠲᠦᠮᠡᠨ ᠦ ᠵᠣᠷᠢᠭ᠍ᠲᠠᠢ᠎ᠪᠠᠷ ᠰᠦᠪᠡᠭᠴᠢᠯᠡᠬᠦ᠂ ᠤᠷᠢᠳ ᠵᠢᠡᠷ ᠬᠢᠵᠦ ᠤᠷᠢᠳ ᠵᠢᠡᠷ ᠲᠤᠷᠰᠢᠬᠤ᠎ᠶᠢ ᠵᠣᠷᠢᠭ᠍ᠵᠢᠭᠤᠯᠤᠨ᠂ ᠲᠤᠷᠰᠢᠯᠭ᠎ᠠ ᠪᠠᠨ ᠴᠠᠭ ᠲᠤᠬᠠᠢ ᠳ᠋ᠤᠨᠢ ᠳ᠋ᠦᠩᠨᠡᠵᠦ᠂ ᠣᠨᠣᠯ ᠪᠣᠯᠣᠨ ᠦᠢᠯᠡᠳᠦᠯᠭᠡ᠎ᠶᠢᠨ ᠰᠢᠨ᠎ᠡ ᠶᠢ ᠡᠭᠦᠳᠬᠦ᠎ᠶᠢ ᠵᠣᠷᠢᠭ᠍ᠲᠠᠢ ᠠᠬᠢᠭᠤᠯᠵᠤ᠂ ᠥᠭᠡᠷᠡᠴᠢᠯᠡᠯᠲᠡ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠬᠦ ᠬᠡᠷᠡᠭᠲᠡᠢ᠃
ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠪᠥᠬᠥ ᠠᠷᠠᠳ ᠲᠦᠮᠡᠨ᠎ᠳᠦ ᠨᠠᠩ ᠣᠯᠠᠨ ᠨᠠᠩ ᠭᠤᠤᠯᠴᠢᠬᠦᠷᠲᠡᠭᠡᠨᠡ
ᠮᠠᠨ᠎ᠤ ᠨᠠᠮ᠎ᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠠᠬᠢᠭᠤᠯᠬᠤ᠎ᠶᠢᠨ ᠦᠨᠳᠦᠰᠦᠨ ᠵᠣᠷᠢᠯᠭ᠎ᠠ ᠪᠣᠯ ᠳᠠᠷᠤᠢ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠨᠡᠩ ᠤᠯᠠᠨ ᠨᠡᠩ ᠭᠣᠣᠯᠴᠢ᠎ᠪᠠᠷ ᠪᠦᠬᠦ ᠠᠷᠠᠳ ᠲᠦᠮᠡᠨ᠎ᠳᠦ ᠬᠦᠷᠲᠡᠭᠡᠬᠦ ᠶᠠᠪᠤᠳᠠᠯ ᠪᠣᠯᠣᠨ᠎ᠠ᠃ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠦᠨ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠵᠤ᠂ ᠬᠠᠮᠲᠤ᠎ᠪᠠᠷ ᠪᠠᠶᠠᠵᠢᠬᠤ ᠴᠢᠭᠯᠡᠯ᠎ᠢᠶᠡᠷ ᠯᠠᠪᠳᠠᠭᠤᠨ᠎ᠢᠶᠠᠷ ᠤᠷᠤᠭᠰᠢᠯᠠᠬᠤ ᠪᠣᠯ ᠠᠵᠤ ᠠᠬᠤᠢ᠎ᠶᠢ ᠬᠥᠭᠵᠢᠬᠦᠯᠬᠦ ᠵᠢᠨ ᠡᠭᠦᠰᠦᠯᠲᠡ ᠪᠠ ᠦᠷ᠎ᠡ ᠳ᠋ᠦᠩ ᠮᠥᠨ᠃ ᠰᠢᠨ᠎ᠡ ᠴᠠᠭ ᠦᠶ᠎ᠡ᠎ᠳᠦ ᠣᠷᠣᠬᠰᠠᠨ ᠡᠴᠡ ᠨᠠᠭᠠᠰᠢ᠂ ᠥᠭᠡᠷᠡᠴᠢᠯᠡᠯᠲᠡ ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠠᠬᠢᠭᠤᠯᠤᠯ ᠳᠣᠣᠷ᠎ᠠ᠂ ᠲᠤᠢᠯ᠎ᠤᠨ ᠶᠠᠳᠠᠭᠤ ᠬᠦᠴᠢᠷᠳᠡᠯ ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢᠳᠪᠦᠷᠢᠯᠡᠵᠦ᠂ ᠬᠥᠮᠥᠨ ᠲᠥᠷᠥᠯᠬᠢᠲᠡᠨ᠎ᠦ ᠶᠠᠳᠠᠭᠤ᠎ᠶᠢ ᠴᠦᠬᠡᠳᠭᠡᠭᠦ ᠲᠡᠦᠬᠡᠨ ᠳᠡᠭᠡᠷᠡᠬᠢ ᠭᠠᠢᠬᠠᠮᠰᠢᠭ᠋᠎ᠢ ᠡᠭᠦᠳᠦᠭᠰᠡᠨ᠎ᠡᠴᠡ ᠠᠪᠤᠭᠠᠳ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠰᠢᠰᠲᠧᠮ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲᠧᠮ᠎ᠢ ᠪᠠᠢᠭᠤᠯᠤᠭᠰᠠᠨ ᠬᠦᠷᠲᠡᠯ᠎ᠡ᠂ ᠳᠠᠬᠢᠭᠠᠳ ᠲᠦᠭ ᠲᠦᠮᠡᠨ ᠠᠷᠠᠳ ᠲᠦᠮᠡᠨ᠎ᠳᠦ ᠪᠤᠶᠠᠨ ᠦᠢᠯᠡᠳᠦᠭᠰᠡᠨ ᠳᠡᠯᠡᠬᠡᠢ ᠳᠡᠭᠡᠷᠡᠬᠢ ᠬᠠᠮᠤᠭ᠎ᠤᠨ ᠶᠡᠬᠡ ᠲᠦᠷᠭᠡᠨ᠎ᠦ ᠲᠡᠮᠦᠷ ᠵᠠᠮ᠎ᠤᠨ ᠰᠦᠯᠵᠢᠶ᠎ᠡ᠂ ᠲᠦᠷᠭᠡᠨ᠎ᠦ ᠵᠠᠰᠠᠮᠠᠯ ᠵᠠᠮ᠎ᠤᠨ ᠰᠦᠯᠵᠢᠶ᠎ᠡ᠂ ᠰᠢᠤᠳᠠᠨ᠎ᠤ ᠲᠦᠷᠭᠡᠨ ᠬᠦᠷᠭᠡᠯᠲᠡ᠎ᠶᠢᠨ ᠰᠦᠯᠵᠢᠶ᠎ᠡ᠂ 5G ᠰᠦᠯᠵᠢᠶ᠎ᠡ ᠵᠡᠷᠭᠡ᠎ᠶᠢ ᠪᠠᠢᠭᠤᠯᠤᠭᠰᠠᠨ ᠬᠦᠷᠲᠡᠯ᠎ᠡ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ ᠨᠢ ᠪᠥᠬᠥ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭᠰᠢ᠎ᠪᠡᠷ ᠠᠰᠢᠭ᠋ ᠬᠦᠷᠲᠡᠭᠡᠵᠦ ᠪᠠᠢᠨ᠎ᠠ᠃ ᠪᠣᠳᠠᠲᠠᠢ᠎ᠪᠠᠷ ᠦᠵᠡᠪᠡᠯ᠂ ᠪᠦᠬᠦ ᠤᠯᠤᠰ᠎ᠤᠨ ᠵᠢᠯ ᠪᠦᠷᠢ ᠬᠤᠳᠠ ᠪᠠᠯᠭᠠᠰᠤᠨ᠎ᠳᠤ 1100 ᠲᠦᠮᠡ᠎ᠡᠴᠡ ᠳᠡᠭᠡᠭᠰᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠦᠴᠢᠷᠳᠡᠯ᠎ᠲᠠᠢ ᠤᠯᠠᠨ ᠲᠦᠮᠡᠨ᠎ᠦ ᠠᠵᠢᠯ ᠣᠯᠭᠣᠯᠲᠠ᠎ᠶᠢᠨ ᠪᠠᠢᠳᠠᠯ ᠢᠯᠡᠳᠲᠡ ᠰᠠᠢᠵᠢᠷᠠᠪᠠ᠃ ᠳᠡᠯᠡᠬᠡᠢ ᠳᠡᠭᠡᠷᠡᠬᠢ ᠬᠠᠮᠤᠭ᠎ᠤᠨ ᠶᠡᠬᠡ ᠬᠡᠪᠴᠢᠶᠡᠨ᠎ᠦ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠲᠦᠭᠡᠮᠡᠯᠵᠢᠬᠦ ᠱᠠᠲᠤᠨ᠎ᠳᠤ ᠣᠷᠣᠪᠠ᠃ 2023 ᠣᠨ᠎ᠤ ᠡᠴᠦᠰ᠎ᠲᠦ᠂ ᠪᠥᠬᠥ ᠤᠯᠤᠰ᠎ᠤᠨ ᠦᠨᠳᠦᠰᠦᠨ ᠨᠠᠰᠤᠵᠢᠯ᠎ᠤᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ 10.66 ᠳ᠋ᠦᠩᠰᠢᠭᠤᠷ᠎ᠲᠤ ᠬᠦᠷᠴᠦ᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠭᠰᠠᠨ ᠨᠣᠷᠮ᠎ᠠ 95% ᠡᠴᠡ ᠳᠡᠭᠡᠭᠰᠢ᠎ᠳᠦ ᠬᠦᠷᠴᠤ ᠲᠣᠭᠳᠠᠪᠣᠷᠢᠵᠢᠪᠠ; 2022 ᠣᠨ᠎ᠳᠤ᠂ ᠠᠵᠢᠯᠲᠠᠨ ᠠᠵᠢᠯᠴᠢᠨ ᠪᠠ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠬᠤ ᠵᠠᠷᠤᠳᠠᠯ᠎ᠤᠨ ᠰᠠᠭᠤᠷᠢ ᠮᠥᠩᠭᠥ᠎ᠶᠢᠨ ᠲᠥᠯᠥᠬᠦ ᠬᠠᠷᠢᠴᠠᠯ᠎ᠢ ᠲᠣᠰ ᠲᠣᠰ 80 % ᠡᠴᠡ ᠳᠡᠭᠡᠭᠰᠢ ᠪᠠ 70 % ᠣᠷᠴᠢᠮ᠎ᠳᠤ ᠬᠦᠷᠭᠡᠵᠦ᠂ ᠨᠡᠢᠭᠡᠮ᠎ᠦᠨ ᠪᠠᠲᠤᠯᠠᠭ᠎ᠠ᠎ᠶᠢᠨ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠨ᠎ᠡ᠃ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠶᠢᠨ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠨ ᠰᠠᠭᠤᠴᠠ᠎ᠶᠢᠨ ᠨᠥᠬᠥᠴᠡᠯ ᠢᠯᠡᠳᠲᠡ ᠰᠠᠢᠵᠢᠷᠠᠪᠠ᠃ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 78.2 ᠨᠠᠰᠤ ᠬᠦᠷᠲᠡᠯ᠎ᠡ ᠳᠡᠭᠡᠭᠰᠢᠯᠡᠪᠡ᠃ 2023 ᠣᠨ᠎ᠳᠤ ᠬᠥᠮᠥᠨ ᠳᠤᠮᠳᠠᠴᠢ᠎ᠶᠢᠨ ᠦᠢᠯᠡᠴᠢᠯᠡᠭᠡᠨ᠎ᠦ ᠴᠢᠨᠠᠷᠲᠠᠢ ᠬᠡᠷᠡᠭᠯᠡᠭᠡ ᠵᠢᠨ ᠵᠠᠷᠤᠯᠭ᠎ᠠ᠎ᠶᠢᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠬᠡᠷᠡᠭᠯᠡᠭᠡ ᠵᠢᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ 45.2 % ᠪᠣᠯᠲᠠᠯ᠎ᠠ ᠳᠡᠭᠡᠭᠰᠢᠯᠡᠪᠡ᠃
ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ᠎ᠶᠢᠨ ᠠᠰᠠᠭᠤᠳᠠᠯ᠎ᠢ ᠴᠢᠩᠭ᠎ᠠ ᠠᠳᠬᠤᠨ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠨᠡ ᠬᠦ᠌ ᠬᠦᠴᠦᠯᠡᠬᠦ ᠴᠡᠭ᠎ᠢ ᠪᠠᠲᠤ ᠠᠳᠬᠤᠨ᠂ ᠠᠷᠠᠳ ᠤᠯᠠᠨ᠎ᠤ ᠬᠠᠮᠤᠭ᠎ᠡᠴᠡ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠦᠬᠡᠳ᠎ᠦᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠦᠨᠡᠨ ᠬᠦ᠌ ᠰᠠᠢᠲᠤᠷ ᠰᠢᠢᠳᠪᠦᠷᠢᠯᠡᠨ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠠᠪᠤᠴᠠ᠎ᠳᠤ ᠠᠷᠠᠳ᠎ᠤᠨ ᠠᠮᠢᠳᠤᠷᠠᠯ᠎ᠤᠨ ᠳᠤᠲᠠᠭᠤᠳᠠᠯ ᠢ ᠨᠥᠬᠥᠪᠦᠷᠢᠯᠡᠵᠦ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ ᠢ ᠪᠠᠲᠤ ᠰᠠᠬᠢᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ᠎ᠢ ᠡᠴᠦᠰ᠎ᠲᠡᠬᠡᠨ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ ᠬᠡᠷᠡᠭᠲᠡᠢ᠃
︵ᠵᠣᠬᠢᠶᠠᠭ᠍ᠴᠢ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠢᠭᠡᠮ᠎ᠦᠨ ᠰᠢᠨᠵᠢᠯᠡᠬᠦ ᠤᠬᠠᠭᠠᠨ ᠤ ᠬᠦᠷᠢᠶᠡᠯᠡᠩ᠎ᠦᠨ ᠲᠤᠰᠠᠯᠠᠬᠤ ᠰᠤᠳᠤᠯᠤᠭ᠍ᠴᠢ︶