ᠣᠳᠣᠬᠠᠨ᠎ᠳᠤ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠬᠠᠭᠤᠴᠢᠨ ᠢᠯᠴᠢ ᠬᠠᠩᠭᠠᠬᠤ ᠬᠣᠭᠣᠯᠠᠶ᠎ᠶ᠋ᠢᠨ ᠲᠤᠤᠷ᠎ᠢ ᠱᠢᠨᠡᠳᠭᠡᠨ ᠥᠭᠡᠷᠡᠴᠢᠯᠡᠬᠦ᠌ ᠲᠦᠷᠦᠯ ᠵᠦᠢᠯ ᠨᠢ ᠶᠠᠭ ᠰᠠᠶ᠍ᠢᠬᠠᠨ ᠲᠦᠷᠭᠡᠨ ᠵᠢᠡᠷ ᠠᠬᠢᠭᠤᠯᠬᠤ ᠱᠠᠲᠤᠨ᠎ᠳᠦ ᠤᠷᠤᠵᠦ᠂ ᠠᠵᠢᠯ᠎ᠤᠨ ᠠᠬᠢᠴᠠ᠎ᠨᠢ ᠬᠠᠭᠠᠰ᠎ᠢ ᠳᠠᠪᠠᠬᠰᠠᠨ ᠲᠥᠷᠥᠯ ᠵᠦᠶ᠋ᠯ᠎ᠨᠢ ᠶᠠᠭ ᠪᠠᠯᠠ ᠮᠥᠩᠭᠥ᠎ᠶ᠋ᠢᠨ ᠪᠠᠲᠤᠯᠠᠭ᠎ᠠ ᠪᠠ ᠨᠡᠮᠡᠭ᠌ᠳᠡᠯ᠎ᠢ ᠬᠡᠷᠡᠭᠰᠡᠬᠦ ᠱᠠᠲᠤᠨ᠎ᠳᠤ ᠤᠷᠤᠪᠠ᠃ ᠡᠬᠦᠨ᠎ᠳᠤ᠂ 《ᠢᠲᠡᠭᠡᠮᠵᠢ᠎ᠶ᠋ᠢᠨ ᠠᠮᠠᠯᠠᠯᠲᠠ᠎ᠶ᠋ᠢᠨ ᠵᠠᠬᠢᠳᠠᠯ》 ᠢ᠋ᠢᠡᠷ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠎ᠶ᠋ᠢ ᠣᠷᠣᠯᠠᠭᠤᠯᠬᠤ ᠡᠨᠡᠬᠦ᠌ ᠠᠵᠤ ᠠᠬᠤᠢᠯᠠᠯ᠎ᠳᠤ ᠲᠦᠬᠦᠮ ᠦᠵᠡᠬᠦᠯᠵᠦ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠨᠢ ᠨᠢᠭᠡ ᠯᠡ ᠳᠡᠭᠡᠷ᠎ᠡ ᠳᠠᠭᠠᠭᠠᠴᠢᠯᠠᠯᠲᠠ ᠣᠯᠤᠭ᠍ᠰᠠᠨ ᠨᠢᠭᠡᠴᠢ᠎ᠶᠢᠨ 5 ᠲᠦᠮᠡᠨ ᠲᠥᠭᠥᠷᠢᠭ᠎ᠦᠨ ᠪᠠᠲᠤᠯᠠᠭ᠎ᠠ᠎ᠶ᠋ᠢᠨ ᠮᠥᠩᠭᠥ᠎ᠶ᠋ᠢ ᠬᠠᠰᠤᠵᠤ ᠬᠡᠯᠲᠦᠷᠢᠭᠦᠯᠦᠭ᠌ᠰᠡᠨ ᠪᠠᠢᠨ᠎ᠠ᠃
ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠪᠤᠭᠤᠲᠤ ᠬᠣᠲᠠ᠎ᠶ᠋ᠢᠨ ᠬᠣᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠦ ᠪᠠᠷᠢᠯᠭ᠎ᠠ ᠵᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ᠎ᠤᠨ ᠲᠤᠰᠠᠯᠠᠭ᠍ᠴᠢ ᠫᠠᠨ ᠯᠢᠨ᠄ 《ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠌ ᠪᠣᠯ ᠶᠡᠷᠦ᠍᠎ᠳᠡᠭᠡᠨ ᠲᠥᠷᠥᠯ ᠵᠦᠶ᠋ᠯ᠎ᠦᠨ ᠳᠠᠭᠠᠭᠠᠴᠢᠯᠠᠯᠲᠠ ᠬᠦᠯᠢᠶᠡᠬᠦ᠌᠎ᠳᠦ ᠣᠷᠣᠯᠴᠠᠬᠤ ᠦᠶ᠎ᠡ᠎ᠳᠦ ᠲᠤᠯᠭᠠᠷᠠᠵᠤ ᠪᠠᠢᠭ᠎ᠠ ᠬᠠᠮᠤᠭ᠎ᠤᠨ ᠶᠡᠬᠡ ᠳᠠᠷᠤᠯᠲᠠ ᠮᠥᠨ᠂ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠎ᠶ᠋ᠢ ᠬᠠᠰᠤᠵᠤ ᠬᠡᠯᠲᠦᠷᠢᠭᠦᠯᠬᠦ᠌᠎ᠪᠡᠷ ᠳᠠᠮᠵᠢᠭᠤᠯᠤᠨ᠂ ᠠᠵᠤ ᠠᠬᠤᠢᠯᠠᠯ᠎ᠤᠨ ᠳᠠᠭᠠᠭᠠᠴᠢᠯᠠᠯᠲᠠ ᠬᠦᠯᠢᠶᠡᠬᠦ᠌ ᠥᠪᠡᠷ᠎ᠦᠨ ᠥᠷᠲᠡᠭ᠎ᠢ ᠱᠢᠭᠤᠳ ᠪᠠᠭᠤᠷᠠᠭᠤᠯᠵᠤ᠂ ᠪᠠᠯᠠ ᠮᠥᠩᠭᠥ᠎ᠶ᠋ᠢᠨ ᠳᠠᠷᠤᠯᠲᠠ᠎ᠶ᠋ᠢ ᠬᠥᠩᠭᠡᠷᠡᠭᠦᠯᠵᠦ᠍ ᠪᠣᠯᠤᠨ᠎ᠠ᠃ ᠪᠡᠯᠡ ᠮᠥᠩᠭᠥ᠎ᠶ᠋ᠢ ᠲᠥᠷᠥᠯ ᠵᠦᠢᠯ᠎ᠦᠨ ᠰᠤᠳᠤᠯᠤᠨ ᠨᠡᠭᠡᠭᠡᠬᠦ᠌᠂ ᠦᠢᠯᠡᠳᠪᠦᠷᠢᠯᠡᠬᠦ᠌ ᠵᠡᠷᠭᠡ ᠲᠠᠯ᠎ᠠ᠎ᠪᠠᠷ ᠬᠡᠷᠡᠭ᠌ᠯᠡᠵᠦ᠍᠂ ᠲᠥᠷᠥᠯ ᠵᠦᠢᠯ᠎ᠦᠨ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠵᠦ᠍ ᠪᠣᠯᠤᠨ᠎ᠠ》 ᠬᠡᠪᠡ᠃ ᠪᠤᠭᠤᠲᠤ᠎ᠶ᠋ᠢᠨ ᠱᠢᠨ᠎ᠡ᠎ᠶ᠋ᠢ ᠡᠭᠦᠳᠴᠦ ᠬᠡᠷᠡᠭᠵᠢᠬᠦᠯᠦᠭᠰᠡᠨ 《ᠢᠲᠡᠭᠡᠮᠵᠢᠲᠦ ᠠᠷᠠᠯᠵᠢᠶ᠎ᠠ + ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠌》 ᠨᠢ ᠠᠵᠤ ᠠᠬᠤᠢᠯᠠᠯ᠎ᠤᠨ ᠰᠠᠢᠨ ᠰᠠᠢᠬᠠᠨ ᠢᠳᠡᠭᠡᠮᠵᠢ ᠪᠡᠷ ᠳᠤᠯᠭᠠᠭᠤᠷᠢᠯᠠᠯ ᠪᠣᠯᠭᠠᠪᠠ᠃ ᠲᠥᠷᠥ᠎ᠶ᠋ᠢᠨ ᠪᠣᠳᠣᠯᠭ᠎ᠠ᠎ᠳᠤ ᠳᠠᠭᠠᠭᠠᠴᠢᠯᠠᠯᠲᠠ ᠬᠦᠯᠢᠶᠡᠭ᠌ᠴᠢ ᠳᠠᠭᠠᠭᠠᠴᠢᠯᠠᠯᠲᠠ ᠬᠦᠯᠢᠶᠡᠬᠦ᠌᠎ᠳᠦ ᠣᠷᠣᠯᠴᠠᠬᠤ᠎ᠳᠠᠭᠠᠨ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠪᠣᠯᠵᠣᠨ ᠲᠣᠭ᠍ᠲᠠᠭ᠍ᠰᠠᠨ ᠶᠣᠰᠣᠭᠠᠷ ᠳᠠᠭᠠᠭᠠᠴᠢᠯᠠᠯᠲᠠ ᠬᠦᠯᠢᠶᠡᠭ᠌ᠴᠢᠶ᠋ᠢᠨ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠌ ᠥᠯᠥ᠍ ᠲᠤᠱᠢᠶᠠᠬᠤ ᠢᠲᠡᠭᠡᠮᠵᠢ᠎ᠶ᠋ᠢᠨ ᠠᠮᠠᠯᠠᠯᠲᠠ᠎ᠶ᠋ᠢᠨ ᠵᠠᠬᠢᠳᠠᠯ》 ᠢ᠋ ᠬᠠᠩᠭᠠᠭ᠍ᠰᠠᠨᠤ ᠳᠠᠷᠠᠭ᠎ᠠ᠂ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠎ᠶ᠋ᠢ ᠬᠠᠰᠤᠵᠤ ᠬᠡᠯᠲᠦᠷᠢᠭᠦᠯᠵᠦ᠍ ᠪᠣᠯᠤᠨ᠎ᠠ ᠭᠡᠵᠦ ᠲᠤᠳᠤᠷᠬᠠᠢᠯᠠᠵᠦ᠂ ᠡᠭᠦᠨ᠎ᠦ ᠵᠡᠷᠭᠡ ᠪᠡᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠭᠦᠶ᠋ᠴᠡᠳᠭᠡᠬᠦ᠌ ᠪᠠᠢᠭᠤᠯᠤᠮᠵᠢ᠎ᠶᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠨᠠᠢᠷᠠᠭᠤᠯᠤᠨ ᠵᠣᠬᠢᠶᠠᠬᠤ ᠭᠣᠭ᠍ᠴᠣᠭ᠎ᠠ᠎ᠳᠤ ᠬᠠᠮᠢᠶ᠎ᠠ ᠪᠥᠬᠥᠶ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ᠎ᠶ᠋ᠢᠨ ᠬᠠᠮᠲᠤ ᠨᠠᠢᠳᠠᠪᠤᠷᠢᠵᠢᠭᠤᠯᠤᠭ᠍ᠰᠠᠨ ᠪᠠᠢᠳᠠᠯ᠎ᠢᠶᠠᠨ ᠣᠷᠣᠯᠠᠨ ᠭᠦᠶ᠋ᠴᠡᠳᠭᠡᠬᠦ᠌ ᠪᠠᠢᠭᠤᠯᠤᠮᠵᠢ᠎ᠶ᠋ᠢᠨ ᠢᠲᠡᠭᠡᠮᠵᠢ᠎ᠶ᠋ᠢᠨ ᠱᠢᠯᠭᠠᠨ ᠦᠨᠡᠯᠡᠯᠲᠡ᠎ᠳᠦ ᠣᠷᠣᠭᠤᠯᠵᠤ᠂ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠠᠱᠢᠭ᠎ᠢ ᠭᠡᠳᠡᠷᠭᠦ᠌ ᠱᠢᠬᠠᠮᠳᠠᠭᠤᠯᠤᠨ ᠳᠡᠭᠡᠭ᠌ᠰᠢᠯᠡᠭᠦᠯᠵᠦ᠍᠂ ᠠᠷᠠᠯᠵᠢᠶᠠᠨ᠎ᠤ ᠭᠤᠤᠯ ᠴᠣᠭ᠍ᠴᠠ᠎ᠶ᠋ᠢᠨ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠠᠵᠢᠯᠯᠠᠭ᠎ᠠ ᠳᠤᠮᠳᠠ ᠦᠨᠡᠨᠴᠢ ᠢᠲᠡᠭᠡᠮᠵᠢᠲᠡᠶ᠎ᠪᠡᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠂ ᠦᠨᠡᠨᠴᠢ ᠢᠲᠡᠭᠡᠮᠵᠢᠲᠡᠶ᠎ᠪᠡᠷ ᠡᠵᠡᠩᠨᠡᠯᠲᠡ ᠬᠢᠬᠦ᠌᠎ᠶ᠋ᠢ ᠠᠬᠢᠭᠤᠯᠬᠤ ᠬᠡᠷᠡᠭᠲᠡᠢ ᠭᠡᠵᠦᠱᠠᠭᠠᠷᠳᠠᠪᠠ᠃
ᠢᠲᠡᠭᠡᠮᠵᠢ᠎ᠶ᠋ᠢᠨ ᠠᠮᠠᠯᠠᠯᠲᠠ᠎ᠶ᠋ᠢᠨ ᠨᠢᠬᠡ ᠵᠠᠬᠢᠳᠠᠯ ᠨᠢ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠎ᠶ᠋ᠢ ᠬᠠᠰᠤᠵᠤ ᠬᠡᠯᠲᠦᠷᠢᠭᠦᠯᠵᠦ᠍ ᠪᠣᠯᠤᠨ᠎ᠠ᠂ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ 《ᠵᠠᠬ᠎ᠠ ᠳᠡᠯᠭᠡᠭᠦᠷ᠎ᠲᠦ ᠣᠷᠣᠬᠤ ᠲᠡᠮᠳᠡᠭ᠌ᠲᠦ》 ᠪᠣᠯᠤᠭ᠍ᠰᠠᠨ᠎ᠤ ᠬᠤᠪᠢ᠎ᠳᠤ᠂ ᠪᠤᠭᠤᠲᠤ ᠬᠤᠲᠠ᠎ᠶ᠋ᠢᠨ ᠡᠨᠡ ᠬᠦ᠌ ᠠᠷᠭ᠎ᠠ ᠬᠡᠮᠵᠢᠶ᠎ᠡ ᠨᠢ ᠠᠵᠤ ᠠᠬᠤᠢᠯᠠᠯ᠎ᠳᠤ ᠲᠥᠬᠥᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠵᠦ᠍᠂ ᠠᠵᠤ ᠠᠬᠤᠢᠯᠠᠯ᠎ᠤᠨ《ᠬᠦᠯᠢᠶᠡᠰᠦ᠎ᠶ᠋ᠢ ᠠᠯᠳᠠᠷᠠᠭᠠᠵᠤ ᠬᠦᠴᠢᠷᠳᠡᠯ᠎ᠢ ᠱᠢᠶ᠋ᠳᠪᠦᠷᠢᠯᠡᠬᠦ》 ᠵᠢ ᠦᠨᠡᠨᠬᠦ ᠪᠡᠶᠡᠯᠡᠬᠦᠯᠪᠡ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠣᠳᠣᠬᠠᠨ᠎ᠳᠤ ᠨᠢᠭᠡᠨᠲᠡ 401 ᠲᠥᠷᠥᠯ ᠵᠦᠶ᠋ᠯ᠎ᠦᠨ ᠳᠠᠭᠠᠭᠠᠴᠢᠯᠠᠯᠲᠠ᠎ᠶ᠋ᠢᠨ ᠬᠡᠰᠡᠭ᠎ᠲᠦ ᠠᠱᠢᠭ ᠬᠦᠷᠲᠡᠭᠡᠵᠦ᠍᠂ ᠪᠠᠯᠠ ᠮᠥᠩᠭᠥ᠎ᠶ᠋ᠢᠨ ᠡᠵᠡᠯᠡᠨ ᠬᠡᠷᠡᠭ᠌ᠯᠡᠯᠳᠡ᠎ᠶᠢ ᠪᠠᠷᠤᠭ 2.9 ᠳ᠋ᠦᠩᠱᠢᠭᠤᠷ ᠲᠥᠭᠥᠷᠢᠭ ᠪᠠᠭᠠᠰᠭᠠᠵᠠᠶ ᠃ ᠪᠤᠭᠤᠲᠤ ᠬᠤᠲᠠ᠎ᠶ᠋ᠢᠨ ᠬᠡᠷᠡᠭᠵᠢᠬᠦᠯᠦᠭᠰᠡᠨ《ᠢᠲᠡᠭᠡᠮᠵᠢᠲᠦ ᠠᠷᠠᠯᠵᠢᠶ᠎ᠠ + ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠥ᠌》᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠠᠰᠠ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠡᠴᠡ ᠪᠥᠬᠥ᠌ ᠤᠯᠤᠰ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠵᠢᠭ᠍ᠰᠠᠭᠠᠵᠤ᠂ ᠪᠥᠬᠥ᠌ ᠤᠯᠤᠰ᠎ᠤᠨ ᠬᠡᠪᠴᠢᠶᠡᠨ᠎ᠳᠦ ᠳᠡᠯᠭᠡᠷᠡᠭᠦᠯᠦᠨ ᠬᠡᠷᠡᠭ᠌ᠯᠡᠪᠡ᠃ ᠪᠤᠭᠤᠲᠤ ᠬᠣᠲᠠ᠎ᠶ᠋ᠢᠨ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠦᠨ ᠠᠷᠠᠯᠵᠢᠶᠠᠨ᠎ᠤ ᠬᠠᠮᠢᠶᠠᠷᠤᠯᠲᠠ᠎ᠶ᠋ᠢᠨ ᠰᠠᠯᠠᠭᠠᠨ᠎ᠤ ᠳᠡᠳ᠋ ᠳᠠᠷᠤᠭ᠎ᠠ ᠯᠢᠦ ᠬᠣᠶ ᠹᠠᠩ᠂ ᠢᠲᠡᠭᠡᠮᠵᠢ᠎ᠶ᠋ᠢᠨ ᠠᠮᠠᠯᠠᠯᠲᠠ᠎ᠶ᠋ᠢᠨ ᠵᠠᠬᠢᠳᠠᠯ᠎ᠤᠨ 《ᠵᠢᠵᠢᠭ ᠲᠤᠯᠬᠤ ᠴᠡᠭ》 ᠵᠢᠡᠷ ᠬᠤᠳᠠᠯᠳᠤᠭ᠎ᠠ ᠡᠷᠬᠢᠯᠡᠬᠦ 《ᠶᠡᠬᠡ ᠣᠷᠴᠢᠨ ᠨᠥᠬᠥᠴᠡᠯ》 ᠢ᠋ ᠱᠢᠯᠢᠳᠡᠭ᠌ᠵᠢᠭᠦᠯᠦᠨ᠂ ᠠᠵᠤ ᠠᠬᠤᠢᠯᠠᠯ᠎ᠳᠤ ᠲᠥᠬᠥᠮ ᠦᠵᠡᠭᠦᠯᠦᠨ ᠠᠷᠠᠳ᠎ᠲᠤ ᠠᠱᠢᠭ ᠬᠦᠷᠲᠡᠭᠡᠵᠦ᠍᠂ ᠵᠠᠰᠠᠭ᠎ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ᠎ᠶ᠋ᠢ ᠡᠷᠬᠢᠮᠯᠡᠬᠦ᠌᠎ᠪᠡᠷ ᠪᠤᠰᠤᠳ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠳᠠᠢᠴᠢᠯᠠᠨ ᠦᠨᠡᠨᠴᠢ ᠢᠲᠡᠭᠡᠮᠵᠢ᠎ᠶ᠋ᠢ ᠡᠷᠬᠢᠮᠯᠡᠵᠦ᠍᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠢ ᠬᠠᠮᠲᠤ᠎ᠪᠠᠷ ᠪᠠᠢᠭᠤᠯᠵᠤ᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌ ᠶᠠᠪᠤᠳᠠᠯ ᠪᠣᠯᠤᠨ᠎ᠠ ᠭᠡᠵᠦ ᠢᠯᠡᠷᠬᠡᠢᠯᠡᠪᠡ᠃