ᠨᠠᠢᠷᠠᠭᠤᠯᠤᠭ᠍ᠴᠢ᠎ᠶᠢᠨ ᠦᠭᠡ
ᠰᠢᠨ᠎ᠠ ᠴᠠᠭ ᠦᠶ᠎ᠡ ᠰᠢᠨ᠎ᠠ ᠠᠶᠨᠨᠳᠡᠬᠢ ᠬᠠᠷᠠᠯᠳᠠ ᠡᠬᠦᠷᠭᠡ ᠵᠢ ᠪᠡᠶᠡᠯᠡᠬᠦᠯᠬᠦ᠎ᠳᠦ᠂ ᠦᠬᠡᠷᠡᠴᠢᠯᠡᠯᠳᠡ ᠵᠢ ᠪᠦᠬᠦ ᠲᠠᠯ᠎ᠠ ᠪᠡᠷ ᠭᠦᠨᠵᠡᠭᠡᠢᠷᠡᠬᠦᠯᠬᠦ ᠪᠡᠷ ᠲᠣᠮᠳᠠᠳᠣ ᠣᠯᠣᠰ᠎ᠦᠨ ᠮᠠᠶᠢᠭ᠎ᠦᠨ ᠣᠳᠣᠬᠢᠴᠢᠯᠠᠯᠳᠠ ᠵᠢ ᠠᠬᠢᠭᠣᠯᠬᠣ ᠵᠢᠨ ᠦᠨᠳᠣᠰᠣᠨ ᠬᠦᠳᠡᠯᠭᠡᠬᠦ ᠬᠦᠴᠦᠨ ᠪᠣᠯᠭᠠᠬᠣ ᠬᠡᠷᠡᠭᠳᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠲᠤᠮᠳᠠᠳᠣ ᠣᠯᠣᠰ᠎ᠦᠨ ᠮᠠᠶᠢᠬ᠎ᠦᠨ ᠣᠳᠣᠬᠢᠴᠢᠯᠠᠯᠳᠠ ᠵᠢ ᠠᠬᠢᠭᠤᠯᠬᠤ ᠡᠨᠡᠬᠦ ᠭᠤᠤᠯ ᠰᠡᠳᠣᠪ᠎ᠦᠨ ᠲᠣᠭᠣᠷᠢᠨ᠎ᠳᠦ ᠦᠭᠡᠷᠡᠴᠢᠯᠡᠯᠳᠡ ᠵᠢ ᠣᠯᠠᠮ ᠨᠢᠬᠡ ᠠᠯᠬᠣᠮ ᠪᠦᠬᠦ ᠲᠠᠯ᠎ᠠ ᠪᠡᠷ ᠬᠦᠨᠵᠡᠭᠡᠢᠷᠡᠬᠦᠯᠬᠦ ᠪᠠᠢᠯᠳᠣᠬᠣ ᠪᠣᠳᠣᠯᠭ᠎ᠠ ᠠᠷᠭ᠎ᠠ ᠠᠪᠴᠠᠯ᠎ᠢ ᠪᠠᠢᠷᠢᠯᠠᠭᠣᠯᠵᠦ᠂ ᠬᠢᠨᠠᠨ ᠵᠦᠪᠯᠡᠵᠦ ᠪᠠᠳᠣᠯᠠᠬᠰᠠᠨ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠪᠣᠯ ᠰᠢᠨ᠎ᠡ ᠠᠶᠠᠨ᠎ᠳᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ ᠦᠨᠤᠳᠣᠷ ᠡᠴᠡ ᠡᠬᠢᠯᠡᠨ ᠣᠨᠣᠯ᠎ᠦᠨ ᠰᠢᠷᠢᠰ ᠬᠡᠪᠯᠡᠯ ᠨᠡᠢᠳᠡᠯᠡᠨ᠂ ᠣᠷᠣᠨ᠎ᠦ ᠲᠣᠳᠣᠨ᠎ᠠ ᠭᠠᠳᠠᠨᠠᠬᠢ ᠲᠣᠰᠬᠠᠢ ᠮᠡᠷᠭᠡᠵᠢᠯᠳᠡᠨ ᠡᠷᠳᠡᠮᠳᠡᠳᠢ ᠣᠷᠢᠵᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠦᠨ ᠵᠣᠷᠢᠬ ᠰᠠᠨᠠᠭ᠎ᠠ ᠵᠢ ᠰᠣᠷᠣᠯᠴᠠᠨ ᠲᠣᠭᠣᠰᠢᠯᠠᠭᠣᠯᠬᠣ ᠲᠣᠬᠠᠢ ᠭᠦᠨᠵᠡᠭᠡᠢ ᠲᠠᠢᠯᠦᠮᠵᠢ ᠬᠢᠯᠭᠡᠵᠦ᠂ ᠦᠷᠭᠡᠨ ᠣᠯᠠᠨ ᠺᠠᠳ᠋ᠷ ᠣᠯᠠᠨ ᠲᠦᠮᠡᠨ ᠦ ᠦᠬᠡᠷᠡᠴᠢᠯᠡᠯᠳᠡ ᠵᠢ ᠪᠦᠬᠦ ᠲᠠᠯ᠎ᠠ ᠪᠡᠷ ᠣᠯᠠᠮ ᠨᠢᠬᠡ ᠠᠯᠬᠣᠮ ᠬᠦᠨᠵᠡᠭᠡᠢᠷᠡᠬᠦᠯᠬᠦ ᠵᠢᠨ ᠭᠣᠣᠯ ᠰᠡᠳᠣᠪ᠂ ᠴᠢᠬᠣᠯᠠ ᠵᠠᠷᠴᠢᠮ᠂ ᠦᠨᠳᠣᠰᠣᠨ ᠪᠠᠳᠣᠯᠠᠭ᠎ᠠ ᠵᠢ ᠬᠦᠨᠵᠡᠬᠡᠢ ᠣᠢᠯᠠᠭᠠᠭᠣᠯᠣᠨ ᠡᠵᠡᠮᠰᠢᠬᠦ᠎ᠳᠦ ᠲᠣᠰᠠᠯᠠᠵᠦ᠂ ᠦᠬᠡᠷᠡᠴᠢᠯᠡᠯᠳᠡ ᠵᠢ ᠣᠯᠠᠮ ᠨᠢᠬᠡ ᠠᠯᠬᠣᠮ ᠪᠦᠬᠦ ᠲᠠᠯ᠎ᠠ ᠪᠡᠷ ᠬᠦᠨᠵᠡᠬᠡᠢᠷᠡᠬᠦᠯᠬᠦ ᠪᠠᠢᠯᠳᠣᠬᠣ ᠪᠣᠳᠣᠯᠭ᠎ᠠ ᠵᠢᠨ ᠪᠠᠢᠷᠢᠯᠠᠭᠣᠯᠣᠯᠳᠠ ᠵᠢ ᠲᠣᠮᠳᠠᠳᠣ ᠣᠯᠣᠰ᠎ᠦᠨ ᠮᠠᠶᠢᠬ᠎ᠦᠨ ᠣᠳᠣᠬᠢᠴᠢᠯᠠᠯᠳᠠ ᠵᠢ ᠠᠬᠢᠭᠣᠯᠬᠣ ᠵᠢᠨ ᠴᠢᠩᠭ᠎ᠠ ᠬᠦᠴᠦᠨ ᠪᠣᠯᠭᠠᠨ ᠣᠯᠠᠷᠢᠭᠣᠯᠬᠣ᠎ᠳᠦ ᠦᠢᠯᠡᠴᠢᠯᠡᠬᠦ ᠵᠢ ᠵᠣᠷᠢᠪᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠡᠴᠡ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠲᠣᠪᠴᠢᠯᠠᠨ᠎ᠠ) ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠡᠨᠡ ᠬᠦ᠌ ᠭᠣᠣᠯ ᠰᠡᠳᠦᠪ ᠲᠠᠢ ᠨᠢᠭ᠍ᠲᠠ ᠤᠶᠠᠯᠳᠤᠭᠤᠯᠤᠨ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠵᠢᠷᠤᠭᠯᠠᠪᠠ᠃ ᠡᠨᠡ ᠪᠣᠯ ᠰᠢᠨ᠎ᠡ ᠠᠶᠠᠨ᠎ᠳᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ ᠰᠢᠨ᠎ᠡ ᠪᠠᠢᠳᠠᠯ ᠳᠣᠣᠷ᠎ᠠ ᠥᠭᠡᠷᠡᠴᠢᠯᠡᠯᠲᠡ᠎ᠶᠢᠨ ᠠᠷᠭ᠎ᠠ ᠬᠡᠯᠪᠡᠷᠢ᠎ᠪᠡᠷ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠨᠢ ᠳᠤᠮᠳᠠᠳᠤ ᠤᠯᠤᠰ᠎ᠤᠨ ᠣᠨᠴᠠᠯᠢᠭ᠋᠎ᠲᠠᠢ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠠᠴᠢ ᠬᠣᠯᠪᠣᠭᠳᠠᠯ᠎ᠲᠠᠢ ᠶᠤᠮ᠃
ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ 2035 ᠣᠨ ᠪᠣᠯᠬᠤ᠎ᠳᠤ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠦᠬᠦ ᠲᠠᠯ᠎ᠠ᠎ᠪᠠᠷ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠨᠡᠩ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠨᠡᠢᠭᠡᠮ ᠵᠢᠷᠤᠮᠳᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠲᠤᠰ ᠵᠠᠭᠤᠨ᠎ᠤ ᠳᠤᠮᠳᠠᠴᠢ ᠪᠣᠯᠬᠤ᠎ᠳᠤ ᠨᠡᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠨ᠎ᠠ ᠭᠡᠵᠦ ᠳᠤᠷᠠᠳᠴᠠᠢ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠡᠯ᠎ᠡ ᠲᠠᠯ᠎ᠠ᠎ᠶᠢᠨ ᠪᠠᠢᠭᠤᠯᠤᠯ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠪᠣᠯ ᠡᠨᠡ ᠬᠦ᠌ ᠵᠢᠷᠤᠭ ᠲᠥᠰᠥᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠵᠠᠢᠯᠠᠰᠢ ᠦᠭᠡᠢ ᠵᠠᠮᠨᠠᠬᠤ ᠵᠠᠮ ᠮᠥᠨ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠨᠠᠭᠠᠰᠢ᠂ ᠪᠢᠳᠡ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠡᠴᠡ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠎ᠶᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠦᠨᠳᠣᠰᠣᠨ ᠣᠭ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠂ ᠰᠠᠭᠤᠷᠢ ᠪᠠᠢᠭᠤᠯᠤᠯ᠂ ᠴᠢᠬᠤᠯᠠ ᠪᠠᠢᠭᠤᠯᠤᠯ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠤ ᠲᠣᠭᠲᠠᠪᠤᠷᠢᠵᠢᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠪᠢᠳᠡ ᠳᠦᠷᠢᠮ᠎ᠦᠨ ᠪᠠᠢᠭᠤᠯᠤᠯᠲᠠ᠎ᠶᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠪᠡᠷ ᠳᠠᠮᠵᠢᠭᠤᠯᠤᠨ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠤᠯᠤᠰ ᠲᠥᠷᠥ᠎ᠶᠢᠨ ᠲᠣᠭᠲᠠᠭᠤᠨ᠂ ᠠᠵᠤ ᠠᠬᠤᠢ᠎ᠶᠢᠨ ᠬᠥᠭᠵᠢᠯᠲᠡ᠂ ᠰᠣᠶᠣᠯ᠎ᠤᠨ ᠴᠡᠴᠡᠭᠯᠡᠯ᠂ ᠦᠨᠳᠦᠰᠦᠲᠡᠨ᠎ᠦ ᠪᠦᠯᠬᠦᠮᠳᠡᠯ᠂ ᠠᠷᠠᠳ ᠲᠦᠮᠡᠨ᠎ᠦ ᠵᠣᠯ ᠵᠢᠷᠭᠠᠯ᠂ ᠨᠡᠢᠭᠡᠮ᠎ᠦᠨ ᠠᠮᠤᠷ ᠲᠣᠭᠲᠠᠭᠤᠨ᠂ ᠤᠯᠤᠰ᠎ᠤᠨ ᠨᠢᠭᠡᠳᠦᠯ᠎ᠳᠦ ᠬᠦᠴᠦᠲᠡᠢ ᠪᠠᠲᠤᠯᠠᠭ᠎ᠠ ᠬᠠᠩᠭᠠᠪᠠ᠃ ᠡᠭᠦᠨ᠎ᠦ ᠵᠡᠷᠭᠡ᠎ᠪᠡᠷ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ ᠨᠢ ᠶᠡᠷᠦ᠎ᠡᠴᠡ ᠦᠬᠦᠮᠡᠯ ᠬᠥᠰᠢᠭᠦᠨ᠂ ᠤᠷᠤᠭᠰᠢᠯᠠᠬᠤ ᠦᠭᠡᠢ ᠪᠢᠰᠢ᠂ ᠬᠠᠷᠢᠨ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ᠂ ᠬᠥᠳᠡᠯᠦᠩᠭᠦᠢ᠎ᠪᠡᠷ ᠬᠥᠭᠵᠢᠵᠦ ᠪᠠᠢᠳᠠᠭ᠎ᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠣᠳᠣᠬᠠᠨ᠎ᠳᠤ ᠵᠠᠷᠢᠮ ᠬᠦᠷᠢᠶᠡᠨ᠎ᠳᠡᠬᠢ ᠳᠦᠷᠢᠮ᠎ᠦᠨ ᠪᠠᠢᠭᠤᠯᠤᠯᠲᠠ ᠪᠣᠯᠣᠨ ᠦᠢᠯᠡᠳᠦᠯᠭᠡ᠎ᠶᠢᠨ ᠬᠥᠭᠵᠢᠯᠲᠡ ᠵᠣᠬᠢᠴᠠᠯᠳᠤᠬᠤ ᠦᠭᠡᠢ ᠪᠠᠢᠬᠤ ᠠᠰᠠᠭᠤᠳᠠᠯ ᠮᠥᠨ ᠯᠡ ᠣᠷᠣᠰᠢᠵᠤ᠂ ᠰᠢᠨ᠎ᠡ ᠬᠦᠷᠢᠶᠡᠨ᠎ᠳᠡᠬᠢ ᠰᠢᠨ᠎ᠡ ᠦᠢᠯᠡᠳᠦᠯᠭᠡ᠎ᠶᠢᠨ ᠳᠦᠷᠢᠮ᠎ᠦᠨ ᠰᠢᠨ᠎ᠡ ᠡᠭᠦᠳᠦᠯᠲᠡ᠎ᠳᠦ ᠲᠠᠯᠪᠢᠬᠤ ᠱᠠᠭᠠᠷᠳᠠᠯᠭ᠎ᠠ ᠶᠠᠪᠤᠬᠤ ᠲᠤᠳᠤᠮ ᠥᠨᠳᠥᠷ ᠪᠣᠯᠵᠤ ᠪᠠᠢᠨ᠎ᠠ᠃
ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠳᠦ ᠨᠡᠩ ᠰᠠᠢᠳᠦᠷ ᠵᠣᠬᠢᠴᠠᠬᠣ ᠵᠢᠨ ᠵᠠᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠪᠣᠯ ᠨᠢᠭᠡᠨ ᠰᠢᠰᠲᠧᠮ᠎ᠲᠠᠢ ᠤᠨᠤᠯ᠎ᠤᠨ ᠰᠢᠰᠲᠧᠮ ᠪᠠᠢᠵᠤ᠂ ᠬᠥᠭᠵᠢᠯᠲᠡ᠎ᠶᠢᠨ ᠵᠣᠷᠢᠯᠭ᠎ᠠ᠂ ᠬᠥᠳᠡᠯᠭᠡᠬᠦ ᠬᠦᠴᠦᠨ᠂ ᠠᠷᠭ᠎ᠠ ᠬᠡᠯᠪᠡᠷᠢ᠂ ᠠᠷᠭ᠎ᠠ ᠵᠠᠮ ᠵᠡᠷᠭᠡ ᠠᠯᠢ ᠤᠯᠠᠨ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠳᠤ ᠬᠠᠷᠢᠭᠤᠯᠲᠠ ᠥᠭᠴᠦ᠂ ᠮᠠᠨ᠎ᠤ ᠨᠠᠮ᠎ᠤᠨ ᠬᠥᠭᠵᠢᠯᠲᠡ᠎ᠶᠢᠨ ᠲᠤᠬᠠᠢ ᠤᠯᠤᠰ ᠲᠦᠷᠦ᠎ᠶᠢᠨ ᠵᠣᠭᠰᠣᠯᠲᠠ᠂ ᠦᠷᠳᠡᠭ᠎ᠦᠨ ᠤᠳᠤᠷᠢᠳᠤᠮᠵᠢ᠂ ᠬᠥᠭᠵᠢᠯᠲᠡ᠎ᠶᠢᠨ ᠵᠠᠭᠪᠤᠷ᠂ ᠬᠥᠭᠵᠢᠯᠲᠡ᠎ᠶᠢᠨ ᠵᠠᠮ ᠵᠡᠷᠭᠡ ᠴᠢᠬᠤᠯᠠ ᠶᠡᠬᠡ ᠤᠯᠤᠰ ᠲᠦᠷᠦ᠎ᠶᠢᠨ ᠠᠰᠠᠭᠤᠳᠠᠯ᠎ᠢ ᠲᠣᠳᠣᠷᠬᠠᠢᠯᠠᠨ ᠥᠭᠦᠯᠡᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠤᠯᠤᠰ᠎ᠤᠨ ᠴᠢᠨᠠᠷ ᠰᠠᠢᠲᠠᠢ ᠬᠥᠭᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠣᠯᠵᠤ ᠴᠢᠳᠠᠭᠰᠠᠨ ᠨᠢ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠤ 《ᠵᠢᠯᠣᠭᠣᠳᠣᠭᠴᠢ》 ᠵᠢᠨ ᠦᠢᠯᠡᠳᠦᠯ᠎ᠡᠴᠡ ᠰᠠᠯᠵᠤ ᠪᠣᠯᠣᠰᠢ ᠦᠭᠡᠢ ᠶᠤᠮ᠃ ᠰᠢᠨ᠎ᠡ᠎ᠶᠢ ᠡᠭᠦᠳᠬᠦ ᠬᠥᠭᠵᠢᠯᠲᠡ᠂ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ᠎ᠪᠠᠷ ᠡᠳ᠋ᠯᠡᠬᠦ ᠬᠥᠭᠵᠢᠯᠲᠡ᠎ᠶᠢᠨ ᠣᠢᠯᠠᠭᠠᠭᠳᠠᠬᠤᠨ ᠨᠢᠭᠡᠨᠲᠡ ᠬᠥᠮᠥᠰ᠎ᠦᠨ ᠰᠡᠳᠬᠢᠯ᠎ᠳᠦ ᠭᠦᠨ ᠰᠠᠭᠤᠭᠳᠠᠵᠤ᠂ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠣᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ᠎ᠶᠢ ᠪᠡᠶᠡᠯᠡᠭᠦᠯᠬᠦ᠎ᠳᠦ ᠴᠢᠩᠭ᠎ᠠ ᠬᠦᠴᠦᠲᠡᠢ ᠤᠨᠤᠯ᠎ᠤᠨ ᠲᠤᠯᠭᠠᠭᠤᠷᠢᠯᠠᠯ ᠪᠠ ᠦᠢᠯᠡᠳᠦᠯᠭᠡ᠎ᠶᠢᠨ ᠵᠢᠯᠣᠭᠣᠳᠤᠯᠭ᠎ᠠ ᠬᠠᠩᠭᠠᠪᠠ᠃ ᠡᠭᠦᠨ᠎ᠦ ᠬᠠᠮᠲᠤ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠵᠠᠷᠢᠮ ᠬᠦᠷᠢᠶ᠎ᠡ ᠪᠠ ᠭᠣᠭᠴᠣᠭ᠎ᠠ᠎ᠳᠤ ᠭᠦᠢᠴᠡᠳ ᠲᠤᠭᠤᠰᠢᠯᠠᠭᠤᠯᠤᠭᠰᠠᠨ ᠦᠭᠡᠢ᠂ ᠬᠥᠭᠵᠢᠯᠲᠡ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠬᠦᠨᠳᠦ ᠨᠣᠴᠢᠲᠠᠢ ᠨᠥᠯᠥᠭᠡᠯᠡᠵᠦ ᠪᠠᠢᠬᠤ᠎ᠶᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ 《ᠲᠣᠭᠲᠠᠭᠠᠯ》᠎ᠤᠨ ᠲᠤᠬᠠᠢ ᠲᠣᠳᠣᠷᠬᠠᠢᠯᠠᠯᠲᠠ᠎ᠳᠠᠭᠠᠨ ᠣᠳᠣᠬᠠᠨ᠎ᠤ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠵᠢᠭᠠᠵᠦ ᠭᠠᠷᠭᠠᠪᠠ᠂ ᠲᠤᠬᠠᠢᠯᠠᠪᠠᠯ ᠵᠠᠬ᠎ᠠ ᠳᠡᠯᠭᠡᠭᠦᠷ᠎ᠦᠨ ᠰᠢᠰᠲᠧᠮ ᠮᠥᠨ ᠬᠦ᠌ ᠲᠡᠭᠦᠯᠳᠡᠷᠵᠢᠭᠡᠳᠦᠢ ᠪᠠᠢᠨ᠎ᠠ᠂ ᠵᠠᠬ᠎ᠠ ᠳᠡᠯᠭᠡᠭᠦᠷ᠎ᠦᠨ ᠪᠣᠶ᠋ᠢᠵᠢᠯᠲᠠ ᠪᠠᠰᠠ ᠭᠦᠢᠴᠡᠳ ᠦᠭᠡᠢ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠬᠠᠷᠠᠬᠠᠨ ᠪᠦᠷᠢᠮᠦᠰᠦᠨ ᠰᠢᠯᠤᠭᠤᠳᠬᠠᠵᠦ ᠴᠢᠳᠠᠭᠠᠳᠤᠢ ᠪᠠᠢᠨ᠎ᠠ᠃ ᠰᠢᠨ᠎ᠡ᠎ᠶᠢ ᠡᠭᠦᠳᠬᠦ ᠴᠢᠳᠠᠪᠤᠷᠢ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠬᠤ ᠦᠭᠡᠢ ᠪᠠᠢᠨ᠎ᠠ᠃ ᠠᠵᠤ ᠦᠢᠯᠡᠰ᠎ᠦᠨ ᠰᠢᠰᠲᠧᠮ ᠪᠦᠬᠦᠯᠢ ᠴᠣᠭᠴᠠ᠎ᠪᠠᠷ᠎ᠢᠶᠠᠨ ᠶᠡᠬᠡ ᠪᠣᠯᠪᠠᠴᠤ ᠬᠦᠴᠦᠷᠬᠡᠭ ᠪᠢᠰᠢ᠂ ᠪᠦᠷᠢᠨ ᠲᠡᠭᠦᠯᠳᠡᠷ ᠪᠢᠰᠢ᠃ ᠲᠠᠷᠢᠶᠠᠯᠠᠩ᠎ᠤᠨ ᠰᠠᠭᠤᠷᠢ ᠪᠠᠰᠠ ᠪᠠᠲᠤ ᠪᠡᠬᠢ ᠪᠢᠰᠢ᠃ ᠬᠤᠳᠠ ᠬᠥᠳᠡᠭᠡ ᠣᠷᠣᠨ ᠪᠦᠰᠡ᠎ᠶᠢᠨ ᠬᠥᠭᠵᠢᠯᠲᠡ ᠪᠠ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠵᠥᠷᠢᠶ᠎ᠡ ᠮᠥᠨ ᠯᠡ ᠨᠡᠯᠢᠶᠡᠳ ᠶᠡᠬᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠪᠠᠰᠠ ᠳᠤᠲᠠᠭᠤᠳᠠᠯ ᠣᠷᠣᠰᠢᠭ᠍ᠰᠠᠭᠠᠷ ᠪᠠᠢᠬᠣ ᠵᠡᠷᠭᠡ ᠃ ᠡᠳᠡᠭᠡᠷ ᠠᠰᠠᠭᠤᠳᠠᠯ᠎ᠢ ᠲᠤᠢᠯᠪᠤᠷᠢᠲᠠᠢ ᠰᠢᠢᠳᠪᠦᠷᠢᠯᠡᠬᠦ᠎ᠳᠦ ᠡᠷᠬᠡᠪᠰᠢ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠭᠦᠨᠵᠡᠭᠡᠢᠷᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠦᠨᠳᠦᠰᠦᠨ᠎ᠡᠴᠡ ᠨᠢ ᠠᠷᠢᠯᠭᠠᠬᠤ ᠬᠡᠷᠡᠭᠲᠡᠢ᠃ ᠡᠷᠬᠡᠪᠰᠢ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢᠶᠠᠷ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢ ᠬᠥᠲᠥᠯᠥᠨ ᠳᠠᠭᠠᠭᠤᠯᠵᠤ᠂ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ᠎ᠡᠴᠡ ᠪᠣᠯᠤᠭᠰᠠᠨ ᠲᠣᠪᠣᠢᠮ᠎ᠠ ᠠᠰᠠᠭᠤᠳᠠᠯ᠎ᠢ ᠭᠦᠨᠵᠡᠭᠡᠢ ᠵᠠᠳᠠᠯᠵᠤ᠂ ᠰᠢᠨ᠎ᠡ ᠬᠥᠭᠵᠢᠯᠲᠡ᠎ᠶᠢᠨ ᠱᠠᠲᠤᠨ᠎ᠳᠤ ᠰᠠᠭᠤᠷᠢᠯᠠᠨ᠂ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠋᠎ᠢ ᠪᠣᠶ ᠪᠣᠯᠭᠠᠬᠤ ᠬᠡᠷᠡᠭᠲᠡᠢ᠃
ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠥᠬᠥ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭᠰᠢ ᠬᠦᠷᠲᠡᠭᠡᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠬᠥᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠴᠢᠬᠤᠯᠠ ᠶᠡᠬᠡ ᠡᠭᠦᠷᠭᠡ ᠮᠥᠨ᠂ ᠪᠠᠰᠠ ᠴᠤ᠌ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠡᠭᠦᠰᠦᠯᠲᠡ ᠪᠠ ᠦᠷ᠎ᠡ ᠳ᠋ᠦᠩ ᠮᠥᠨ᠃ ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠠᠴᠢ ᠬᠣᠯᠪᠣᠭᠳᠠᠯ᠎ᠲᠠᠢ ᠪᠥᠭᠡᠳ ᠳᠡᠮᠵᠢᠯᠭᠡ ᠣᠯᠵᠤ ᠴᠢᠳᠠᠨ᠎ᠠ; ᠠᠷᠠᠳ ᠲᠦᠮᠡᠨ᠎ᠳᠦ ᠲᠦᠰᠢᠭᠯᠡᠨ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠬᠥᠳᠡᠯᠭᠡᠬᠦ ᠬᠦᠴᠦᠨ᠎ᠲᠠᠢ ᠪᠣᠯᠵᠤ᠂ ᠠᠮᠵᠢᠯᠲᠠ ᠣᠯᠵᠤ ᠴᠢᠳᠠᠨ᠎ᠠ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠠᠴᠠ ᠨᠠᠭᠠᠰᠢ᠂ ᠨᠠᠮ ᠪᠠ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠠᠷᠠᠳ ᠲᠦᠮᠡᠨ᠎ᠦ ᠠᠮᠢᠳᠤᠷᠠᠯ᠎ᠤᠨ ᠲᠦᠪᠰᠢᠨ ᠴᠢᠨᠠᠷ᠎ᠤᠨ ᠦᠰᠦᠷᠦᠯᠲᠡ᠎ᠶᠢ ᠪᠡᠶᠡᠯᠡᠭᠦᠯᠦᠭᠰᠡᠨ ᠨᠢ ᠥᠭᠡᠷᠡᠴᠢᠯᠡᠯᠲᠡ ᠨᠡᠭᠡᠭᠡᠯᠲᠡ᠎ᠳᠦ ᠲᠦᠰᠢᠭᠯᠡᠭᠰᠡᠨ᠎ᠡᠴᠡ ᠪᠣᠯᠤᠭᠰᠠᠨ ᠶᠤᠮ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠨᠢᠭᠡᠨᠲᠡ ᠣᠯᠣᠭᠰᠠᠨ ᠠᠮᠵᠢᠯᠲᠠ᠎ᠪᠠᠨ ᠪᠡᠬᠢᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠴᠦ᠂ ᠠᠷᠠᠳ ᠤᠯᠠᠨ᠎ᠢ ᠨᠡᠩ ᠰᠠᠢᠨ ᠰᠠᠢᠬᠠᠨ ᠠᠮᠢᠳᠤᠷᠠᠭᠤᠯᠬᠤ᠎ᠳᠤ ᠬᠠᠰᠢᠯᠠ ᠥᠭᠡᠷᠡᠴᠢᠯᠡᠯᠲᠡ ᠨᠡᠭᠡᠭᠡᠯᠲᠡ᠎ᠳᠦ ᠲᠦᠰᠢᠭᠯᠡᠬᠦ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ ᠰᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ ᠨᠢᠭᠡᠨᠲᠡ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ᠎ᠶᠢᠨ ᠬᠣᠭᠣᠷᠣᠨᠳᠣᠬᠢ ᠵᠥᠷᠢᠴᠡᠯ ᠪᠣᠯᠵᠤ ᠬᠤᠪᠢᠷᠠᠪᠠ᠃ ᠪᠢᠳᠡ ᠠᠷᠪᠠᠨ ᠬᠡᠳᠦᠨ ᠳ᠋ᠦᠩᠰᠢᠭᠤᠷ ᠬᠥᠮᠥᠨ᠎ᠦ ᠢᠳᠡᠵᠦ ᠡᠮᠦᠰᠬᠦᠠᠰᠠᠭᠤᠳᠠᠯᠢ ᠲᠣᠭᠲᠠᠭᠤᠨ᠎ᠢᠶᠠᠷ ᠰᠢᠢᠳᠪᠦᠷᠢᠯᠡᠵᠦ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠭᠰᠡᠨᠦ ᠲᠠᠷᠠᠭ᠎ᠠ᠂ ᠠᠷᠠᠳ ᠤᠯᠠᠨ ᠪᠣᠳᠠᠰ᠎ᠤᠨ ᠪᠠ ᠰᠣᠶᠣᠯ᠎ᠤᠨ ᠠᠮᠢᠳᠤᠷᠠᠯ᠎ᠤᠨ ᠲᠠᠯ᠎ᠠ᠎ᠪᠠᠷ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠠᠷᠠᠳᠴᠢᠯᠠᠯ᠂ ᠬᠠᠤᠯᠢ᠎ᠪᠠᠷ ᠵᠠᠰᠠᠬᠤ᠂ ᠲᠥᠪ ᠭᠣᠣᠯᠴᠢ᠂ ᠰᠢᠳᠤᠷᠭᠤ ᠶᠣᠰᠣ᠌᠂ ᠠᠮᠤᠷ ᠲᠦᠪᠰᠢᠨ᠂ ᠣᠷᠴᠢᠨ ᠠᠬᠤᠢ ᠵᠡᠷᠭᠡ ᠲᠠᠯ᠎ᠠ᠎ᠪᠠᠷ ᠬᠢ ᠱᠠᠭᠠᠷᠳᠠᠯᠭ᠎ᠠ ᠴᠤ᠌ ᠡᠳᠦᠷ ᠢᠷᠡᠬᠦᠶ᠎ᠡ ᠨᠡᠮᠡᠭᠳᠡᠵᠦ ᠪᠠᠢᠨ᠎ᠠ᠃ ᠡᠷᠬᠡᠪᠰᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ ᠬᠦᠷᠲᠡᠭᠡᠵᠦ᠂ ᠠᠷᠠᠳ ᠲᠦᠮᠡᠨ᠎ᠳᠦ ᠠᠮᠠᠯᠠᠭᠰᠠᠨ ᠲᠥᠪ ᠴᠢᠩᠭ᠎ᠠ ᠠᠮᠠᠯᠠᠯᠲᠠ᠎ᠪᠠᠨ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ᠎ᠦ ᠪᠦᠬᠦᠯᠢ ᠴᠣᠭᠴᠠ᠎ᠶᠢᠨ ᠠᠰᠢᠭ᠋ ᠲᠤᠰᠠ᠂ ᠦᠨᠳᠦᠰᠦᠨ ᠠᠰᠢᠭ᠋ ᠲᠤᠰᠠ᠂ ᠠᠯᠤᠰ ᠬᠡᠳᠦ᠎ᠶᠢᠨ ᠠᠰᠢᠭ᠋ ᠲᠤᠰᠠ᠎ᠠᠴᠠ ᠡᠭᠦᠰᠴᠦ᠂ ᠴᠢᠳᠠᠯ᠎ᠤᠨ᠎ᠢᠶᠠᠨ ᠬᠢᠷᠢ᠎ᠪᠡᠷ ᠴᠢᠷᠮᠠᠢᠬᠤ᠎ᠶᠢ ᠪᠠᠷᠢᠮᠲᠠᠯᠠᠵᠤ᠂ ᠠᠷᠠᠳ ᠲᠦᠮᠡᠨ᠎ᠦ ᠬᠠᠮᠤᠭ᠎ᠠᠴᠠ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠃
ᠬᠦᠨᠳᠦ ᠶᠡᠬᠡ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠣᠭᠲᠠᠭᠤᠨ ᠠᠬᠢᠬᠣᠶᠢ ᠠᠬᠢᠭᠤᠯᠬᠤ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠨᠢᠬᠡᠨ ᠴᠣ᠋ ᠰᠢᠨ᠎ᠡ ᠦᠢᠯᠡᠰ ᠮᠥᠨ᠃ ᠤᠷᠤᠭᠰᠢᠯᠠᠯᠲᠠ᠎ᠶᠢᠨ ᠵᠠᠮ ᠳᠡᠭᠡᠷ᠎ᠡ ᠥᠩᠭᠡᠷᠡᠭᠰᠡᠨ᠎ᠳᠦ ᠲᠣᠬᠢᠶᠠᠯᠳᠤᠭ᠎ᠠ ᠦᠭᠡᠢ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ ᠲᠤᠯᠭᠠᠷᠠᠬᠤ ᠪᠣᠯᠣᠨ᠎ᠠ᠃ ᠮᠠᠰᠢ ᠤᠯᠠᠨ ᠵᠥᠷᠢᠴᠡᠯ ᠪᠣᠯᠣᠨ ᠠᠶᠤᠯ ᠲᠦᠭᠰᠢᠭᠦᠷᠢ᠎ᠶᠢᠨ ᠥᠷᠢᠰᠦᠯᠳᠦᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠥᠩᠭᠡᠷᠡᠭᠰᠡᠨ᠎ᠳᠦ ᠲᠤᠯᠭᠠᠷᠠᠵᠤ ᠥᠩᠭᠡᠷᠡᠭᠰᠡᠨ ᠦᠭᠡᠢ᠂ ᠪᠤᠰᠤᠳ ᠤᠯᠤᠰ᠎ᠲᠤ ᠴᠤ᠌ ᠲᠤᠯᠭᠠᠷᠠᠵᠤ ᠥᠩᠭᠡᠷᠡᠭᠰᠡᠨ ᠦᠭᠡᠢ᠃ ᠳᠡᠯᠡᠬᠡᠢ᠎ᠶᠢᠨ ᠪᠠᠢᠳᠠᠯ᠎ᠠᠴᠠ ᠦᠵᠡᠪᠡᠯ ᠳᠡᠯᠡᠬᠡᠢ᠎ᠶᠢᠨ ᠠᠵᠤ ᠠᠬᠤᠢ᠎ᠶᠢᠨ ᠰᠡᠷᠭᠦᠯᠲᠡ ᠵᠢᠨ ᠬᠦᠴᠦᠨ ᠮᠡᠬᠦᠰᠳᠡᠵᠦ᠂ ᠭᠠᠵᠠᠷ ᠣᠷᠣᠨ᠎ᠤ ᠤᠯᠤᠰ ᠲᠦᠷᠦ᠎ᠶᠢᠨ ᠮᠥᠷᠭᠥᠯᠳᠦᠭᠡᠨ ᠰᠢᠷᠦᠭᠦᠰᠴᠦ᠂ ᠬᠡᠰᠡᠭ ᠲᠠᠯ᠎ᠠ᠎ᠶᠢᠨ ᠮᠥᠷᠭᠥᠯᠳᠦᠭᠡᠨ ᠪᠠ ᠦᠢᠮᠡᠭᠡᠨ ᠳᠡᠪᠵᠢᠶᠡᠨ ᠪᠠᠢᠨ ᠲᠠᠬᠢᠨ ᠡᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠂ ᠠᠷᠠᠨᠴᠢ ᠦᠵᠡᠯ ᠰᠡᠷᠬᠦᠬᠦ ᠪᠠᠢᠳᠠᠯ ᠢᠯᠡᠷᠡᠵᠦ᠂ ᠢᠯᠵᠠᠷᠠᠯ ᠦᠷᠭᠡᠳᠴᠤ᠂ ᠣᠷᠴᠢᠨ ᠠᠬᠤᠢ ᠪᠣᠬᠢᠷᠲᠤᠵᠦ᠂ ᠡᠬᠢ ᠪᠠᠶᠠᠯᠢᠭ᠋ ᠳᠤᠲᠠᠭᠳᠠᠵᠤ᠂ ᠰᠦᠷᠳᠡᠭᠦᠯᠬᠦ ᠦᠵᠡᠯ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠬᠢᠬᠦ ᠵᠡᠷᠭᠡ ᠪᠦᠬᠦ ᠪᠥᠮᠪᠥᠷᠴᠡᠭ᠎ᠦᠨ ᠴᠢᠨᠠᠷᠲᠠᠢ ᠠᠰᠠᠭᠤᠳᠠᠯ ᠦᠷᠭᠦᠯᠵᠢᠯᠡᠨ ᠰᠢᠷᠦᠭᠦᠰᠴᠦ᠂ ᠭᠠᠳᠠᠭᠠᠳᠤ ᠣᠷᠴᠢᠨ ᠨᠥᠬᠥᠴᠡᠯ᠎ᠦᠨ ᠮᠠᠨ᠎ᠤ ᠤᠯᠤᠰ᠎ᠤᠨ ᠬᠥᠭᠵᠢᠯᠲᠡ᠎ᠳᠦ ᠦᠵᠡᠭᠦᠯᠬᠦ ᠠᠰᠢᠭ᠋ ᠦᠭᠡᠢ ᠨᠥᠯᠥᠭᠡ ᠦᠷᠭᠦᠯᠵᠢᠯᠡᠨ ᠨᠡᠮᠡᠭᠳᠡᠵᠦ ᠪᠠᠢᠨ᠎ᠠ᠃ ᠤᠯᠤᠰ᠎ᠤᠨ ᠳᠣᠲᠣᠭᠠᠳᠤ᠎ᠶᠢᠨ ᠪᠠᠢᠳᠠᠯ᠎ᠠᠴᠠ ᠦᠵᠡᠪᠡᠯ᠂ ᠠᠵᠤ ᠠᠬᠤᠢ ᠪᠠᠭᠤᠷᠠᠬᠤ ᠳᠠᠷᠤᠯᠲᠠ ᠨᠡᠯᠢᠶᠡᠳ ᠶᠡᠬᠡ ᠪᠠᠢᠵᠤ᠂ ᠤᠷᠲᠤ ᠬᠤᠭᠤᠴᠠᠭ᠎ᠠ᠎ᠪᠠᠷ ᠬᠤᠷᠠᠮᠳᠤᠭᠰᠠᠨ ᠵᠠᠷᠢᠮ ᠭᠦᠨ ᠳᠠᠪᠬᠤᠷᠭ᠎ᠠ᠎ᠶᠢᠨ ᠵᠥᠷᠢᠴᠡᠯ ᠢᠯᠡᠷᠡᠵᠦ᠂ ᠴᠥᠭᠡᠨ ᠪᠤᠰᠤ ᠰᠢᠨ᠎ᠡ ᠪᠠᠢᠳᠠᠯ ᠰᠢᠨ᠎ᠡ ᠠᠰᠠᠭᠤᠳᠠᠯ ᠪᠠᠰᠠ ᠲᠠᠰᠤᠷᠠᠯᠲᠠ ᠦᠭᠡᠢ ᠭᠠᠷᠴᠤ ᠪᠠᠢᠨ᠎ᠠ᠃ ᠭᠠᠳᠠᠭᠠᠳᠤ ᠬᠡᠷᠡᠭᠴᠡᠭᠡ ᠪᠠᠭᠤᠷᠠᠭᠰᠠᠨ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠣᠯᠣᠭᠰᠠᠨ᠂ ᠦᠶᠡᠯᠡᠯ᠎ᠦᠨ ᠴᠢᠨᠠᠷᠲᠠᠢ ᠪᠠ ᠪᠦᠲᠦᠴᠡ᠎ᠶᠢᠨ ᠴᠢᠨᠠᠷᠲᠠᠢ ᠠᠰᠠᠭᠤᠳᠠᠯ ᠵᠡᠷᠭᠡ ᠪᠡᠷ ᠣᠷᠣᠰᠢᠵᠤ᠂ ᠵᠠᠷᠢᠮ ᠭᠠᠵᠠᠷ ᠣᠷᠣᠨ᠎ᠤ ᠭᠡᠷ ᠪᠠᠢᠰᠢᠩ ᠭᠠᠵᠠᠷ ᠰᠢᠷᠦᠢ ᠵᠢᠨ ᠬᠥᠷᠥᠩᠭᠡ᠂ ᠣᠷᠣᠨ ᠨᠤᠲᠤᠭ᠎ᠤᠨ ᠥᠷᠢ ᠥᠭᠴᠡᠭᠡ᠂ ᠳᠤᠮᠳᠠ ᠵᠢᠵᠢᠭ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠡᠷᠭᠡ᠎ᠶᠢᠨ ᠲᠦᠭᠰᠢᠭᠦᠷᠢᠮᠦᠨ ᠣᠷᠣᠰᠢᠭᠰᠠᠭᠠᠷ᠂ ᠬᠡᠰᠡᠭ ᠭᠠᠵᠠᠷ ᠣᠷᠣᠨ ᠦᠶᠡᠷ ᠤᠰᠤᠲᠤᠯ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠬᠦᠨᠳᠦ ᠨᠣᠴᠢᠲᠠᠢ ᠪᠠᠢᠭᠠᠯᠢ᠎ᠶᠢᠨ ᠭᠠᠮᠰᠢᠭ᠋᠎ᠲᠤ ᠤᠴᠠᠷᠠᠭᠰᠠᠨ ᠪᠠᠢᠨ᠎ᠠ᠃ ᠡᠳᠡᠭᠡᠷ ᠠᠶᠤᠯ ᠲᠦᠭᠰᠢᠭᠦᠷᠢ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ ᠲᠦᠷᠦ᠎ᠶᠢᠨ ᠤᠶᠤᠨ ᠤᠬᠠᠭᠠᠨ᠎ᠢ ᠰᠢᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠴᠢᠳᠠᠪᠤᠷᠢ᠎ᠶᠢ ᠰᠢᠯᠭᠠᠵᠤ ᠪᠠᠢᠨ᠎ᠠ᠃
ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠵᠠᠭᠤᠨ ᠵᠢᠯ᠎ᠦᠨ ᠬᠤᠪᠢᠰᠤᠯᠲᠠ᠎ᠶᠢ ᠲᠦᠷᠭᠡᠳᠬᠡᠬᠦ ᠶᠠᠪᠤᠴᠠ᠎ᠳᠤ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠬᠤ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ 《ᠥᠭᠡᠷᠡᠴᠢᠯᠡᠯᠲᠡ》 ᠪᠣᠯᠣᠨ 《ᠨᠡᠭᠡᠭᠡᠯᠲᠡ》 ᠨᠢ ᠬᠠᠷᠢᠯᠴᠠᠨ ᠨᠦᠯᠦᠬᠡᠯᠡᠵᠦ᠂ ᠬᠠᠷᠢᠯᠴᠠᠨ ᠲᠣᠪᠣᠢᠯᠭᠠᠵᠦ᠂ ᠨᠢᠭ᠍ᠲᠠ ᠬᠣᠯᠪᠣᠭ᠎ᠠ᠎ᠲᠠᠢ ᠶᠤᠮ᠃ ᠥᠭᠡᠷᠡᠴᠢᠯᠡᠯᠲᠡ ᠪᠣᠯ ᠪᠢᠳᠡ ᠴᠠᠭ ᠦᠶ᠎ᠡ᠎ᠶᠢᠨ ᠤᠷᠤᠰᠬᠠᠯ᠎ᠢ ᠲᠣᠮᠣ᠌ ᠠᠯᠬᠤᠮ᠎ᠢᠶᠠᠷ ᠬᠥᠭᠡᠭᠡᠵᠦ ᠭᠦᠢᠴᠡᠬᠦ᠂ ᠳᠡᠯᠡᠬᠡᠢᠵᠢᠯᠲᠡ᠎ᠶᠢᠨ ᠤᠷᠤᠰᠬᠠᠯ᠎ᠳᠤ ᠢᠳᠡᠪᠬᠢᠲᠡᠢ ᠠᠭᠤᠰᠤᠯᠴᠠᠬᠤ᠎ᠳᠤ ᠵᠠᠢᠯᠠᠰᠢ ᠦᠭᠡᠢ ᠵᠠᠮᠨᠠᠬᠤ ᠵᠠᠮ ᠮᠥᠨ᠂ ᠨᠡᠭᠡᠭᠡᠯᠲᠡ ᠬᠢᠬᠦ ᠪᠣᠯ ᠥᠭᠡᠷᠡᠴᠢᠯᠡᠯᠲᠡ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠬᠤᠷᠴᠠ ᠰᠢᠷᠦᠭᠦᠨ ᠤᠯᠠᠨ ᠤᠯᠤᠰ᠎ᠤᠨ ᠥᠷᠢᠰᠦᠯᠳᠦᠭᠡᠨ᠎ᠦ ᠳᠤᠮᠳᠠ ᠰᠠᠢᠨ ᠲᠣᠬᠢᠶᠠᠯ᠎ᠢ ᠲᠡᠮᠡᠴᠡᠨ ᠣᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠵᠠᠭᠤᠨ ᠵᠢᠯ᠎ᠦᠨ ᠬᠤᠪᠢᠷᠠᠯᠲᠠ᠎ᠶᠢ ᠲᠦᠷᠭᠡᠳᠬᠡᠬᠦ ᠶᠠᠪᠤᠴᠠ᠎ᠳᠤ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠬᠤ᠎ᠳᠤ᠂ ᠡᠷᠬᠡᠪᠰᠢ ᠭᠦᠨ ᠳᠠᠪᠬᠤᠷᠭ᠎ᠠ᠎ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠡᠭᠡᠯᠲᠡ᠎ᠪᠡᠷ ᠥᠭᠡᠷᠡᠴᠢᠯᠡᠯᠲᠡ᠎ᠶᠢ ᠠᠬᠢᠭᠤᠯᠬᠤ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠎ᠲᠤ ᠲᠦᠰᠢᠭᠯᠡᠵᠦ᠂ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ᠎ᠶᠢᠨ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠦᠵᠡᠭᠦᠯᠬᠦ ᠠᠬᠢᠭᠤᠯᠬᠤ ᠦᠢᠯᠡᠳᠦᠯ᠎ᠢ ᠳᠣᠪᠣᠶ᠋ᠢᠯᠭᠠᠵᠤ᠂ ᠨᠠᠮ᠎ᠤᠨ ᠲᠥᠪ ᠬᠣᠷᠢᠶᠠᠨ᠎ᠤ 《ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠨᠡᠭᠡᠭᠡᠯᠲᠡ᠎ᠶᠢ ᠥᠷᠭᠡᠳᠬᠡᠬᠦ᠎ᠶᠢ ᠠᠬᠢᠭᠤᠯᠬᠤ》 ᠪᠠᠢᠯᠳᠤᠬᠤ ᠪᠣᠳᠣᠯᠭ᠎ᠠ᠎ᠶᠢᠨ ᠵᠣᠷᠢᠯᠲᠠ᠎ᠶᠢ ᠭᠦᠨᠵᠡᠭᠡᠢ ᠣᠢᠯᠠᠭᠠᠵᠤ᠂ ᠭᠦᠨ ᠳᠠᠪᠬᠤᠷᠭ᠎ᠠ᠎ᠶᠢᠨ ᠥᠭᠡᠷᠡᠴᠢᠯᠡᠯᠲᠡ᠎ᠪᠡᠷ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠠᠷᠢᠯᠭᠠᠬᠤ ᠬᠡᠷᠡᠭᠲᠡᠢ᠃ ᠭᠦᠨ ᠳᠠᠪᠬᠤᠷᠭ᠎ᠠ᠎ᠶᠢᠨ ᠥᠭᠡᠷᠡᠴᠢᠯᠡᠯᠲᠡ᠎ᠪᠡᠷ ᠠᠵᠤ ᠠᠬᠤᠢ᠎ᠶᠢᠨ ᠣᠷᠴᠢᠯ᠎ᠢ ᠰᠢᠯᠤᠭᠤᠳᠬᠠᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢᠶᠠᠷ ᠪᠦᠬᠦ ᠪᠥᠮᠪᠥᠷᠴᠡᠭ᠎ᠦᠨ ᠡᠬᠢ ᠪᠠᠶᠠᠯᠢᠭ᠋᠎ᠤᠨ ᠡᠯᠧᠮᠧᠨ᠋ᠲ᠎ᠢ ᠲᠠᠲᠠᠵᠤ᠂ ᠤᠯᠠᠨ ᠤᠯᠤᠰ᠎ᠤᠨ ᠣᠷᠴᠢᠯ᠎ᠢᠶᠠᠷ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠦᠷ᠎ᠡ ᠪᠦᠲᠦᠮᠵᠢ ᠪᠠ ᠲᠦᠪᠰᠢᠨ᠎ᠢ ᠳᠡᠭᠡᠭᠰᠢᠯᠡᠭᠦᠯᠵᠦ᠂ ᠤᠯᠠᠨ ᠤᠯᠤᠰ᠎ᠤᠨ ᠥᠷᠢᠰᠦᠯᠳᠦᠭᠡᠨ᠎ᠳᠦ ᠣᠷᠣᠯᠴᠠᠬᠤ ᠬᠠᠮᠲᠤᠷᠠᠯᠴᠠᠭᠠᠨ᠎ᠤ ᠰᠢᠨ᠎ᠡ ᠳᠠᠪᠠᠭᠤᠯᠢᠭ᠋᠎ᠢ ᠪᠦᠷᠢᠯᠳᠦᠭᠦᠯᠵᠦ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠬᠥᠭᠵᠢᠯᠲᠡ᠎ᠶᠢᠨ ᠠᠰᠢᠭ᠋᠎ᠢ ᠬᠠᠮᠲᠤ᠎ᠪᠠᠷ ᠡᠳ᠋ᠯᠡᠭᠦᠯᠬᠦ ᠬᠡᠷᠡᠭᠲᠡᠢ᠃ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭᠰᠠᠨ ᠣᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠢᠯᠡ ᠲᠣᠳᠣ᠌ ᠲᠣᠭᠲᠠᠭᠤᠨ ᠲᠥᠰᠥᠭᠡᠯᠡᠵᠦ ᠪᠣᠯᠬᠤᠢᠴᠠ ᠳᠦᠷᠢᠮ᠎ᠦᠨ ᠣᠷᠴᠢᠨ ᠨᠥᠬᠥᠴᠡᠯ᠎ᠢ ᠪᠣᠶ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭ᠍ᠰᠠᠨ᠂ ᠳᠡᠯᠡᠬᠡᠢᠵᠢᠭᠰᠡᠨ ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭᠳᠡᠢ᠃ ᠭᠠᠳᠠᠭᠠᠳᠤ ᠠᠷᠠᠯᠵᠢᠶᠠᠨ᠎ᠤ ᠪᠠᠢᠭᠤᠯᠤᠯ᠎ᠦᠨ ᠥᠭᠡᠷᠡᠴᠢᠯᠡᠯᠲᠡ᠂ ᠭᠠᠳᠠᠭᠠᠳᠤ᠎ᠶᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠪᠣᠯᠣᠨ ᠭᠠᠳᠠᠭᠠᠳᠤ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠷᠣᠨ ᠪᠦᠰᠡ᠎ᠶᠢᠨ ᠨᠡᠭᠡᠭᠡᠯᠲᠡ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢᠲᠠᠢ ᠪᠦᠲᠦᠭᠡᠨ ᠪᠠᠶ᠋ᠢᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠋᠎ᠤᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ ᠪᠠᠶ᠋ᠢᠭᠤᠯᠬᠤ ᠬᠡᠷᠡᠭᠲᠡᠢ᠃
ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠡᠩ ᠪᠠᠲᠤ ᠴᠢᠩᠭ᠎ᠠ ᠬᠦᠴᠦᠨ᠎ᠲᠠᠢ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠦᠨᠳᠦᠰᠦᠨ ᠪᠠᠲᠤᠯᠠᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠠᠮ᠎ᠤᠨ ᠥᠪᠡᠷ᠎ᠦᠨ ᠪᠡᠶ᠎ᠡ᠎ᠶᠢᠨ ᠬᠤᠪᠢᠰᠬᠠᠯ᠎ᠢᠶᠠᠷ ᠨᠡᠢᠭᠡᠮ᠎ᠦᠨ ᠬᠤᠪᠢᠰᠬᠠᠯ᠎ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ᠎ᠦ ᠤᠬᠠᠮᠰᠠᠷ᠎ᠢ ᠢᠮᠠᠭᠲᠠ ᠪᠠᠷᠢᠮᠲᠠᠯᠠᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠦᠢᠯᠡᠰ᠎ᠢ ᠠᠬᠢᠭᠤᠯᠬᠤ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠬᠰᠠᠨ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ 《ᠳᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠪᠠ᠂ ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠢᠳᠠᠪᠤᠷᠢᠵᠢᠭᠤᠯᠬᠤ᠎ᠡᠴᠡ ᠡᠬᠢᠯᠡᠨ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ᠂ ᠤᠷᠢᠳ ᠡᠮᠦᠨ᠎ᠡ ᠭᠠᠷᠤᠭ᠎ᠠ ᠦᠭᠡᠢ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠥᠷᠨᠢᠭᠦᠯᠪᠡ᠃ ᠤᠷᠳᠤ ᠬᠤᠭᠤᠴᠠᠭ᠎ᠠ᠎ᠪᠠᠷ ᠬᠣᠷᠢᠭ᠍ᠯᠠᠵᠤ ᠳᠡᠢᠯᠦᠭᠰᠡᠨ ᠦᠭᠡᠢ ᠵᠠᠷᠢᠮ ᠭᠠᠵᠢᠭᠤ ᠰᠤᠷᠲᠠᠯ᠎ᠢ ᠵᠣᠭᠰᠣᠭᠠᠪᠠ᠃ ᠣᠯᠠᠨ ᠵᠢᠯ ᠠᠷᠢᠯᠭᠠᠭᠠᠳᠤᠢ ᠵᠠᠷᠢᠮ ᠠᠷᠬᠠᠭ ᠭᠡᠮ᠎ᠢ ᠵᠠᠯᠠᠷᠠᠭᠤᠯᠪᠠ᠃ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠰᠤᠯᠠ ᠵᠥᠭᠡᠯᠡᠨ ᠪᠠᠢᠬᠰᠠᠨ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠪᠠ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠪᠦᠬᠦ ᠲᠠᠯ᠎ᠠ ᠵᠢᠨ᠂ ᠭᠦᠨ ᠳᠠᠪᠬᠤᠷᠭ᠎ᠠ ᠵᠢᠨ ᠨᠦᠯᠦᠬᠡ ᠭᠠᠷᠭᠠᠪᠠ᠃ ᠡᠭᠦᠨ᠎ᠦ ᠬᠠᠮᠲᠤ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ᠎ᠳᠤ ᠮᠥᠨ ᠯᠡ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ᠎ᠳᠦ ᠲᠤᠯᠭᠠᠷᠠᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ ᠬᠡᠳᠦᠢᠪᠡᠷ ᠳᠡᠢᠯᠦᠩᠭᠦᠢ ᠴᠢᠨᠠᠷᠲᠠᠢ ᠢᠯᠠᠯᠲᠠ ᠣᠯᠣᠭᠰᠠᠨ ᠪᠥᠭᠡᠳ ᠪᠦᠬᠦ ᠲᠠᠯ᠎ᠠ᠎ᠪᠠᠷ ᠪᠡᠬᠢᠵᠢᠭᠰᠡᠨ ᠪᠣᠯᠪᠠᠴᠤ ᠪᠠᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠬᠤ᠎ᠶᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠵᠢᠱ᠌ᠢᠶᠡᠯᠡᠪᠡᠯ ᠵᠠᠷᠢᠮ ᠨᠠᠮ᠎ᠤᠨ ᠭᠡᠰᠢᠭᠦᠨ᠂ ᠺᠠᠳ᠋ᠷ ᠳᠤᠷ᠎ᠠ᠎ᠪᠠᠷ᠎ᠢᠶᠠᠨ ᠬᠢᠬᠦ᠂ ᠶᠠᠭᠣᠴᠤ ᠬᠢᠬᠦ ᠦᠬᠡᠢ᠂ ᠬᠢᠬᠦ ᠡᠴᠡ ᠪᠠᠨ ᠬᠠᠯᠠᠰᠢᠷᠠᠬᠣ᠂ ᠴᠢᠳᠠᠮᠠᠭᠠᠢ ᠪᠤᠰᠤ ᠪᠠᠢᠬᠤ ᠠᠰᠠᠭᠤᠳᠠᠯ ᠮᠥᠨ ᠯᠡ ᠨᠡᠯᠢᠶᠡᠳ ᠲᠣᠪᠣᠢᠮ᠎ᠠ ᠪᠠᠢᠨ᠎ᠠ; ᠵᠠᠷᠢᠮ ᠺᠠᠳ᠋ᠷ᠎ᠤᠨ ᠡᠷᠬᠡ᠎ᠶᠢᠨ ᠲᠤᠬᠠᠢ ᠦᠵᠡᠯᠲᠡ᠂ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠂ ᠠᠵᠢᠯ ᠦᠢᠯᠡᠰ᠎ᠦᠨ ᠲᠤᠬᠠᠢ ᠦᠵᠡᠯᠲᠡ ᠪᠤᠷᠤᠭᠤ ᠪᠠᠢᠵᠤ᠂ ᠨᠠᠮ᠂ ᠤᠯᠤᠰ ᠣᠷᠣᠨ ᠪᠠ ᠠᠷᠠᠳ ᠲᠦᠮᠡᠨ᠎ᠦ ᠠᠰᠢᠭ᠋ ᠲᠤᠰᠠ᠎ᠳᠤ ᠨᠡᠯᠢᠶᠡᠳ ᠶᠡᠬᠡ ᠬᠣᠬᠢᠷᠠᠯ ᠤᠴᠠᠷᠠᠭᠤᠯᠵᠤ ᠪᠠᠢᠨ᠎ᠠ; ᠵᠠᠷᠢᠮ ᠺᠠᠳ᠋ᠷ ᠢᠯᠵᠠᠷᠠᠯ᠎ᠢ ᠡᠰᠡᠷᠭᠦᠴᠡᠬᠦ ᠲᠡᠮᠡᠴᠡᠯ᠎ᠦᠨ ᠰᠦᠷ ᠬᠦᠴᠦᠲᠦ ᠪᠠᠢᠳᠠᠯ᠎ᠤᠨ ᠳᠣᠣᠷ᠎ᠠ ᠮᠥᠨ ᠯᠡ ᠰᠠᠨᠠᠭ᠎ᠠ᠎ᠪᠠᠨ ᠬᠤᠷᠢᠶᠠᠬᠤ ᠦᠭᠡᠢ᠂ ᠭᠠᠷ᠎ᠢᠶᠠᠨ ᠲᠠᠲᠠᠬᠤ ᠦᠭᠡᠢ ᠪᠠᠢᠵᠤ᠂ ᠬᠡᠭᠡᠯᠢ ᠬᠠᠬᠤᠤᠯᠢ ᠢᠳᠡᠵᠦ ᠪᠠᠢᠬᠣ ᠠᠰᠠᠭᠣᠳᠠᠯ ᠣᠷᠣᠰᠢᠵᠦ ᠪᠠᠢᠨ᠎ᠠ; ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠦᠨᠳᠦᠰᠦ᠎ᠡᠴᠡ ᠨᠢ ᠠᠷᠢᠯᠭᠠᠵᠤ᠂ ᠣᠯᠠᠨᠲᠠ ᠬᠣᠷᠢᠭ᠍ᠯᠠᠭᠰᠠᠨ ᠴᠤ᠌ ᠵᠣᠭᠰᠣᠬᠤ ᠦᠭᠡᠢ᠃ ᠰᠢᠨ᠎ᠡ ᠪᠠᠢᠳᠠᠯ ᠳᠣᠣᠷ᠎ᠠ ᠡᠷᠬᠡᠪᠰᠢ ᠥᠭᠡᠷᠡᠴᠢᠯᠡᠯᠲᠡ᠎ᠶᠢᠨ ᠵᠣᠷᠢᠭ᠋ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠵᠤ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠳᠦᠷᠢᠮ᠎ᠦᠨ ᠵᠢᠷᠤᠮᠵᠢᠯ᠎ᠤᠨ ᠰᠢᠰᠲᠧᠮ᠎ᠢ ᠲᠡᠭᠦᠯᠳᠡᠷᠵᠢᠭᠦᠯᠵᠦ᠂ ᠨᠠᠮ᠎ᠤᠨ ᠥᠪᠡᠷ᠎ᠢ᠎ᠪᠡᠨ ᠴᠡᠪᠡᠷᠰᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ᠎ᠶᠢ ᠲᠠᠰᠤᠷᠠᠯᠳᠠ ᠦᠭᠡᠢ ᠠᠬᠢᠭᠤᠯᠵᠤ᠂ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠶ᠋ᠢᠭᠤᠯᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠠᠮ᠎ᠤᠨ ᠪᠠᠢᠭᠤᠯᠤᠯᠲᠠ᠎ᠶᠢᠨ ᠳᠦᠷᠢᠮ ᠲᠣᠭᠲᠠᠴᠠ᠎ᠶᠢ ᠲᠡᠭᠦᠯᠳᠡᠷᠵᠢᠭᠦᠯᠦᠨ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠵᠦ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶᠢ ᠪᠤᠳᠤᠬᠤ ᠦᠭᠡᠢ ᠪᠠᠢᠬᠤ ᠠᠵᠢᠯ᠎ᠤᠨ ᠲᠣᠭᠲᠠᠴᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠣᠷᠴᠢᠨ ᠨᠥᠬᠥᠴᠡᠯ᠎ᠢ ᠬᠦᠴᠦᠯᠡᠨ ᠠᠷᠢᠯᠭᠠᠬᠤ ᠬᠡᠷᠡᠭᠲᠡᠢ᠃
(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠰᠤᠳᠤᠯᠤᠭ᠍ᠴᠢ)