ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠶᠢ ᠭᠦᠨᠵᠡᠭᠡᠢ ᠡᠵᠡᠮᠰᠢᠶ᠎ᠡ
2024-08-02 10:30:51
ᠵᠣᠬᠢᠶᠠᠭ᠍ᠴᠢ᠄
ᠰᠢᠶᠠ ᠢ ᠫᠦ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠦ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠰᠢᠨ᠎ᠡ ᠴᠠᠭ ᠦᠶ᠎ᠡ᠎ᠶᠢ ᠨᠡᠭᠡᠭᠡᠵᠦ᠂ ᠳᠤᠮᠳᠠᠳᠤ᠎ᠶᠢᠨ ᠦᠨᠳᠦᠰᠦᠲᠡᠨ ᠪᠠᠶᠠᠵᠢᠯ᠎ᠤᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠢᠷᠠᠪᠠ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠥᠭᠡᠷᠡᠴᠢᠯᠡᠯᠲᠡ᠎ᠶᠢ ᠠᠬᠢᠭᠤᠯᠬᠤ ᠰᠢᠨ᠎ᠡ ᠠᠶᠠᠨ᠎ᠢ ᠰᠢᠰᠲᠧᠮ᠎ᠲᠠᠢ ᠪᠦᠬᠦᠯᠢ ᠴᠣᠭᠴᠠ᠎ᠪᠠᠷ ᠨᠢ ᠵᠢᠷᠤᠭᠯᠠᠵᠤ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢᠨ ᠰᠢᠨ᠎ᠡ ᠪᠠᠢᠳᠠᠯ᠎ᠢ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢᠨ ᠰᠠᠭᠤᠷᠢ᠎ᠶᠢ ᠪᠡᠬᠢᠵᠢᠭᠦᠯᠪᠡ᠃ ᠥᠭᠡᠷᠡᠴᠢᠯᠡᠯᠲᠡ ᠨᠡᠭᠡᠭᠡᠯᠲᠡ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠎ᠶᠢᠨ ᠵᠠᠩᠭᠢᠯᠠᠭ᠎ᠠ᠎ᠶᠢᠨ ᠠᠷᠭ᠎ᠠ ᠵᠠᠮ ᠮᠥᠨ᠂ ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ᠎ᠶᠢ ᠲᠥᠯᠥᠪᠯᠡᠵᠦ ᠪᠠᠢᠷᠢᠯᠠᠭᠤᠯᠬᠤ ᠪᠣᠯ ᠨᠠᠮ᠎ᠡᠴᠡ ᠥᠭᠡᠷᠡᠴᠢᠯᠡᠯᠲᠡ ᠨᠡᠭᠡᠭᠡᠯᠲᠡ᠎ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠨᠠᠮ᠎ᠤᠨ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠡᠭᠦᠷᠢᠳᠡ ᠵᠣᠭᠰᠣᠰᠢ ᠦᠭᠡᠢ ᠠᠬᠢᠭᠤᠯᠵᠤ᠂ ᠠᠮᠵᠢᠯᠲᠠ᠎ᠲᠠᠢ ᠦᠢᠯᠡᠳᠦᠯᠭᠡ ᠪᠠ ᠠᠭᠤᠤ ᠶᠡᠬᠡ ᠠᠮᠵᠢᠯᠲᠠ ᠪᠦᠲᠦᠮᠵᠢ ᠣᠯᠣᠭᠰᠠᠨ᠎ᠡᠴᠡ ᠪᠢᠳᠡ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠲᠠᠰᠤᠷᠠᠯᠳᠠ ᠦᠭᠡᠢ ᠠᠬᠢᠵᠤ ᠪᠠᠢᠳᠠᠭ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠠᠯᠤᠰ ᠢᠷᠡᠭᠡᠳᠦᠢ᠎ᠶᠢ ᠨᠡᠭᠡᠭᠡᠬᠦ ᠨᠢ ᠯᠠᠪᠲᠠᠢ》 ᠭᠡᠳᠡᠭ᠎ᠢ ᠭᠦᠨᠵᠡᠭᠡᠢ ᠲᠠᠨᠢᠵᠤ ᠣᠯᠣᠭᠰᠠᠨ ᠪᠠᠢᠨ᠎ᠠ᠂ ᠡᠢᠮᠦ᠎ᠡᠴᠡ 《ᠡᠷᠬᠡᠪᠰᠢ ᠤᠬᠠᠮᠰᠠᠷ᠎ᠠᠴᠠ ᠪᠠᠨ ᠥᠭᠡᠷᠡᠴᠢᠯᠡᠯᠲᠡ᠎ᠶᠢ ᠨᠡᠩ ᠲᠣᠪᠣᠢᠮ᠎ᠠ ᠪᠠᠢᠷᠢᠨ᠎ᠳᠤ ᠲᠠᠯᠪᠢᠵᠤ》᠂ ᠡᠷᠬᠡᠪᠰᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠬᠡᠷᠡᠭᠲᠡᠢ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠨᠢ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢᠨ ᠪᠠᠢᠳᠠᠯ ᠳᠣᠣᠷ᠎ᠠ᠂ ᠥᠭᠡᠷᠡᠴᠢᠯᠡᠯᠲᠡ᠎ᠶᠢᠨ ᠲᠡᠦᠬᠡᠨ ᠬᠠᠷᠠᠭᠠᠰᠤ ᠡᠴᠡ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠭᠦᠨᠵᠡᠭᠡᠢ ᠬᠠᠷᠢᠭᠤᠯᠲᠠ ᠥᠭᠴᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠥᠷᠭᠡᠴᠡ ᠪᠠ ᠭᠦᠨᠴᠡ ᠲᠡᠢᠰᠢ ᠪᠦᠬᠦ ᠲᠠᠯ᠎ᠠ᠎ᠪᠠᠷ ᠠᠬᠢᠭᠤᠯᠬᠤ᠎ᠳᠤ ᠶᠡᠷᠦᠩᠬᠡᠢ ᠳᠠᠢᠴᠢᠯᠠᠯᠲᠠ᠂ ᠶᠡᠷᠦᠩᠬᠡᠢ ᠪᠠᠢᠷᠢᠯᠠᠭᠤᠯᠤᠯᠲᠠ ᠬᠢᠵᠡᠢ᠃ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠲᠣᠪᠴᠢᠯᠠᠨ᠎ᠠ )᠎ᠤᠨ ᠶᠡᠷᠦᠩᠬᠡᠢ ᠥᠭᠦᠯᠡᠯ᠎ᠳᠦ ᠭᠣᠣᠯᠳᠠᠭᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠴᠢᠬᠤᠯᠠ ᠶᠡᠬᠡ ᠠᠴᠢ ᠬᠣᠯᠪᠣᠭᠳᠠᠯ ᠪᠠ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢᠯᠠᠨ ᠥᠭᠦᠯᠡᠵᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠶᠢ ᠲᠣᠳᠣᠷᠬᠠᠢᠯᠠᠪᠠ᠄ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠥ᠎ᠶᠢ ᠵᠠᠰᠠᠬᠤ ᠰᠢᠰᠲᠧᠮ ᠪᠠ ᠵᠠᠰᠠᠬᠤ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠤᠨ᠎ᠠ᠃ 2035 ᠣᠨ ᠪᠣᠯᠬᠤ᠎ᠳᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠥᠬᠥ ᠲᠠᠯ᠎ᠠ᠎ᠪᠠᠷ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠨᠠᠩ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠲᠣᠰ ᠵᠠᠭᠤᠨ᠎ᠤ ᠳᠤᠮᠳᠠᠴᠢ ᠪᠣᠯᠬᠤ᠎ᠳᠤ ᠨᠡᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠬᠥ ᠲᠠᠯ᠎ᠠ᠎ᠪᠠᠷ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠨ᠎ᠡ᠃  

ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠦᠬᠦᠢᠯᠡ ᠴᠤᠭᠴᠠ᠎ᠳᠦᠨᠢ ᠠᠬᠢᠭᠤᠯᠤᠨ᠎ᠠ

ᠡᠨᠡ ᠵᠢᠯ᠎ᠦᠨ 2 ᠰᠠᠷ᠎ᠠ᠎ᠶᠢᠨ 19᠎ᠦ ᠡᠳᠦᠷ᠂ ᠲᠥᠪ᠎ᠦᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠬᠤᠷᠢᠶ᠎ᠠ ᠵᠢᠨ ᠳᠥᠷᠪᠡᠳᠦᠭᠡᠷ ᠬᠤᠷᠠᠯ ᠪᠡᠭᠡᠵᠢᠩ᠎ᠳᠦ ᠬᠤᠷᠠᠯᠳᠤᠪᠠ᠃ 4 ᠰᠠᠷ᠎ᠠ᠎ᠶᠢᠨ 30᠎ᠤ ᠡᠳᠦᠷ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠭᠣᠣᠯ ᠰᠡᠳᠦᠪ᠎ᠢ ᠲᠣᠭᠲᠠᠭᠠᠵᠤ᠂ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠬᠤ ᠪᠣᠯ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠵᠠᠢᠯᠠᠰᠢ ᠦᠭᠡᠢ ᠱᠠᠭᠠᠷᠳᠠᠯᠭ᠎ᠠ ᠮᠥᠨ ᠭᠡᠵᠦ ᠴᠢᠬᠤᠯᠠᠴᠢᠯᠠᠪᠠ᠃

ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠡᠴᠡ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠶᠠᠪᠤᠳᠠᠯ ᠪᠣᠯᠣᠨ᠎ᠠ ᠭᠡᠵᠦ ᠲᠣᠳᠣᠷᠬᠠᠢᠯᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠥᠳᠡ ᠬᠤᠷᠠᠯ᠎ᠠᠴᠠ ᠲᠣᠭᠲᠠᠭᠠᠭᠰᠠᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠥ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ ᠪᠣᠯ 《ᠦᠷᠭᠦᠯᠵᠢᠯᠡᠯ》 ᠭᠡᠬᠦ ᠦᠭᠡ᠎ᠪᠡᠷ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠥᠳᠡ ᠬᠤᠷᠠᠯ᠎ᠠᠴᠠ ᠲᠣᠭᠲᠠᠭᠠᠭᠰᠠᠨ ᠶᠡᠷᠦᠩᠬᠡᠢ ᠬᠠᠷᠠᠯᠲᠠ᠎ᠶᠢ ᠵᠠᠯᠭᠠᠵᠤ ᠠᠪᠤᠭᠰᠠᠨ ᠶᠠᠪᠤᠳᠠᠯ ᠮᠥᠨ᠂ ᠡᠨᠡ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠲᠤᠯᠭᠠᠷᠠᠵᠤ ᠪᠠᠢᠭ᠎ᠠ ᠪᠤᠰᠤᠳᠴᠢ ᠴᠠᠭ ᠦᠶ᠎ᠡ᠎ᠶᠢᠨ ᠠᠬᠤᠢ ᠪᠠᠢᠳᠠᠯ᠎ᠤᠨ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠪᠣᠯᠬᠤ ᠮᠥᠷᠲᠡᠭᠡᠨ ᠪᠠᠰᠠ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ᠂ ᠥᠭᠡᠷᠡᠴᠢᠯᠡᠯᠲᠡ᠎ᠶᠢᠨ ᠠᠮᠵᠢᠯᠲᠠ᠎ᠲᠠᠢ ᠲᠤᠷᠰᠢᠯᠭ᠎ᠠ᠎ᠶᠢ ᠲᠥᠯᠥᠪᠯᠡᠨ ᠪᠠᠢᠷᠢᠯᠠᠭᠤᠯᠵᠤ ᠣᠨᠣᠪᠴᠢᠲᠠᠢ ᠡᠵᠡᠮᠳᠡᠭᠰᠡᠨ ᠶᠠᠪᠤᠳᠠᠯ ᠮᠥᠨ᠂ ᠨᠡᠩ ᠴᠤ᠌ ᠲᠡᠦᠬᠡ᠎ᠶᠢᠨ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠭᠦᠨᠵᠡᠭᠡᠢ ᠠᠵᠢᠭ᠍ᠯᠠᠯᠲᠠ ᠪᠣᠯᠬᠤ ᠶᠤᠮ᠃ 《ᠲᠣᠭᠲᠠᠭᠠᠯ》᠎ᠤᠨ ᠠᠭᠤᠯᠭ᠎ᠠ᠎ᠶᠢ ᠬᠠᠭᠤᠳᠠᠰᠤ ᠳᠠᠷᠠᠭᠠᠯᠠᠨ ᠵᠢᠭ᠍ᠰᠠᠭᠠᠵᠤ᠂ 60 ᠵᠤᠷᠪᠤᠰ ᠵᠢᠭ᠍ᠰᠠᠭᠠᠪᠠ᠂ ᠡᠨᠡ ᠨᠢ ᠶᠠᠭ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ 60 ᠵᠤᠷᠪᠤᠰ᠎ᠲᠠᠢ ᠠᠪᠴᠠᠯᠳᠤᠭᠰᠠᠨ ᠮᠥᠷᠲᠡᠭᠡᠨ ᠤᠨᠤᠯ ᠪᠠ ᠦᠢᠯᠡᠳᠦᠯᠭᠡ᠎ᠶᠢᠨ ᠲᠠᠯ᠎ᠠ᠎ᠪᠠᠷ ᠢᠯᠡ ᠲᠣᠳᠣ᠌ ᠣᠨᠴᠠᠯᠢᠭ᠋᠎ᠲᠠᠢ ᠪᠠᠢᠵᠤ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠳᠤᠷᠠᠳᠤᠭᠰᠠᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠲᠠᠢ ᠤᠳᠤᠮ ᠤᠯᠠᠮᠵᠢᠯᠠᠯ ᠨᠢᠭᠡᠲᠡᠢ ᠪᠠᠢᠬᠤ᠎ᠶᠢ ᠪᠠᠲᠤᠯᠠᠭᠰᠠᠨ ᠮᠥᠷᠲᠡᠭᠡᠨ ᠪᠠᠰᠠ ᠡᠯ᠎ᠡ ᠬᠦᠷᠢᠶᠡᠨ᠎ᠦ ᠰᠠᠭᠤᠷᠢ ᠪᠣᠷᠣ᠌ ᠲᠥᠯᠥᠪ᠎ᠢ ᠦᠨᠳᠦᠰᠦᠨ᠎ᠳᠡᠭᠡᠨ ᠪᠠᠢᠭᠤᠯᠤᠭᠰᠠᠨ ᠪᠠᠢᠳᠠᠯ ᠳᠣᠣᠷ᠎ᠠ ᠪᠠᠢᠭᠤᠯᠤᠯ ᠲᠣᠭᠲᠠᠴᠠ᠎ᠶᠢᠨ ᠭᠦᠨ ᠳᠠᠪᠬᠤᠷᠭ᠎ᠠ᠎ᠶᠢᠨ ᠪᠦᠬᠦᠯᠢ ᠴᠣᠭᠴᠠ᠎ᠶᠢᠨ ᠴᠢᠨᠠᠷᠲᠠᠢ ᠥᠭᠡᠷᠡᠴᠢᠯᠡᠯᠲᠡ᠎ᠶᠢᠨ ᠤᠳᠤᠷᠢᠳᠤᠮᠵᠢ᠎ᠶᠢ ᠢᠯᠡᠷᠡᠭᠦᠯᠪᠠ᠃

ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠪᠡᠬᠢ ᠪᠠᠢᠭᠤᠯᠤᠯ᠎ᠤᠨ ᠰᠠᠭᠤᠷᠢ᠎ᠶᠢ ᠲᠠᠯᠪᠢᠬᠤ ᠬᠡᠷᠡᠭᠲᠡᠢ

ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠨᠡᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠭᠣᠣᠯ ᠡᠭᠦᠷᠭᠡ᠎ᠶᠢ ᠲᠣᠭᠲᠠᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠳᠤᠮᠳᠠᠳᠤ ᠤᠯᠤᠰ᠎ᠤᠨ ᠣᠨᠴᠠᠯᠢᠭ᠋᠂ ᠮᠥᠨ ᠴᠢᠨᠠᠷ᠎ᠤᠨ ᠱᠠᠭᠠᠷᠳᠠᠯᠭ᠎ᠠ᠂ ᠴᠢᠬᠤᠯᠠ ᠶᠡᠬᠡ ᠵᠠᠷᠴᠢᠮ ᠵᠡᠷᠭᠡ᠎ᠶᠢ ᠲᠣᠳᠣᠷᠬᠠᠢᠯᠠᠨ ᠥᠭᠦᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠪᠡ᠃ ᠡᠳᠡᠭᠡᠷ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠢᠷᠤᠭ ᠲᠥᠰᠥᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠶᠢᠨ ᠦᠨᠳᠦᠰᠦ ᠨᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠡᠯ᠎ᠡ ᠲᠠᠯ᠎ᠠ᠎ᠶᠢᠨ ᠪᠠᠢᠭᠤᠯᠤᠯ ᠲᠣᠭᠲᠠᠴᠠ᠎ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠳᠦᠷᠢᠮ᠎ᠦᠨ ᠪᠠᠲᠤᠯᠠᠭ᠎ᠠ ᠬᠠᠩᠭᠠᠬᠤ᠎ᠳᠤ ᠪᠤᠢ᠃

《ᠲᠣᠭᠲᠠᠭᠠᠯ》᠎ᠳᠤ ᠨᠡᠢ᠍ᠢᠳᠡ 300 ᠭᠠᠷᠤᠢ ᠵᠦᠢᠯ᠎ᠦᠨ ᠴᠢᠬᠤᠯᠠ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠠᠢ᠂ ᠡᠳᠡᠭᠡᠷ ᠨᠢ ᠴᠥᠮ ᠪᠠᠢᠭᠤᠯᠤᠯ᠂ ᠲᠣᠭᠲᠠᠴᠠ᠂ ᠳᠦᠷᠢᠮ᠎ᠦᠨ ᠳᠠᠪᠬᠤᠷᠭ᠎ᠠ᠎ᠳᠤ ᠬᠣᠯᠪᠣᠭᠳᠠᠭᠰᠠᠨ ᠠᠭᠤᠯᠭ᠎ᠠ ᠪᠣᠯᠣᠨ᠎ᠠ᠃ ᠤᠯᠤᠰ᠎ᠤᠨ ᠵᠠᠰᠠᠯᠲᠠ᠎ᠶᠢᠨ ᠰᠢᠰᠲᠧᠮ ᠪᠣᠯ ᠨᠠᠮ᠎ᠤᠨ ᠤᠳᠤᠷᠢᠳᠤᠯᠭ᠎ᠠ ᠳᠣᠣᠷ᠎ᠠ ᠤᠯᠤᠰ᠎ᠤᠨ ᠪᠠᠢᠭᠤᠯᠤᠯ᠎ᠤᠨ ᠰᠢᠰᠲᠧᠮ᠎ᠢ ᠬᠠᠮᠢᠶᠠᠷᠴᠤ᠂ ᠤᠯᠤᠰ᠎ᠤᠨ ᠵᠠᠰᠠᠯᠲᠠ᠎ᠶᠢᠨ ᠴᠢᠳᠠᠪᠤᠷᠢ ᠪᠣᠯ ᠤᠯᠤᠰ᠎ᠤᠨ ᠪᠠᠢᠭᠤᠯᠤᠯ᠎ᠢᠶᠠᠷ ᠨᠡᠢᠭᠡᠮ᠎ᠦᠨ ᠡᠯ᠎ᠡ ᠲᠠᠯ᠎ᠠ᠎ᠶᠢᠨ ᠬᠡᠷᠡᠭ ᠶᠠᠪᠤᠳᠠᠯ᠎ᠢ ᠬᠠᠮᠢᠶᠠᠷᠬᠤ ᠴᠢᠳᠠᠪᠤᠷᠢ ᠪᠣᠯᠣᠨ᠎ᠠ᠃ ᠳᠦᠷᠢᠮ᠎ᠦᠨ ᠪᠠᠢᠭᠤᠯᠤᠯᠲᠠ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠴᠢᠬᠤᠯᠠ ᠠᠭᠤᠯᠭ᠎ᠠ᠎ᠶᠢ ᠪᠦᠷᠢᠯᠳᠦᠭᠦᠯᠦᠭᠰᠡᠨ᠎ᠢᠶᠡᠷ ᠪᠠᠷᠠᠬᠤ ᠦᠭᠡᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠠ ᠥᠷᠭᠡᠳᠬᠡᠬᠦ᠎ᠳᠦ ᠬᠦᠴᠦᠲᠡᠢ ᠪᠠᠲᠤᠯᠠᠭ᠎ᠠ ᠬᠠᠩᠭᠠᠪᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠎ᠳᠦ ᠳᠦᠷᠢᠮ᠎ᠦᠨ ᠪᠠᠲᠤᠯᠠᠭ᠎ᠠ ᠬᠠᠩᠭᠠᠬᠤ᠎ᠳᠤ᠂ ᠡᠯ᠎ᠡ ᠲᠠᠯ᠎ᠠ᠎ᠶᠢᠨ ᠳᠦᠷᠢᠮ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠬᠦ᠎ᠶᠢ ᠪᠣᠳᠣᠯᠬᠢᠯᠠᠵᠤ᠂ ᠮᠠᠨ᠎ᠤ ᠤᠯᠤᠰ᠎ᠤᠨ ᠪᠠᠢᠭᠤᠯᠤᠯ᠎ᠤᠨ ᠳᠠᠪᠠᠭᠤᠯᠢᠭ᠋᠎ᠢ ᠲᠠᠰᠤᠷᠠᠯᠲᠠ ᠦᠭᠡᠢ ᠤᠯᠤᠰ᠎ᠤᠨ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠨᠠᠩ ᠰᠠᠢᠲᠤᠷ ᠬᠤᠪᠢᠷᠠᠭᠤᠯᠵᠤ᠂ ᠪᠠᠢᠭᠤᠯᠤᠯ ᠲᠣᠭᠲᠠᠴᠠ᠎ᠶᠢᠨ ᠲᠠᠯ᠎ᠠ᠎ᠠᠴᠠ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠠᠴᠠ ᠪᠣᠯᠤᠭᠰᠠᠨ ᠬᠥᠭᠵᠢᠯᠲᠡ᠎ᠶᠢᠨ ᠳᠤᠮᠳᠠᠬᠢ ᠠᠰᠠᠭᠤᠳᠠᠯ᠎ᠢ ᠰᠢᠢᠳᠪᠦᠷᠢᠯᠡᠬᠦ᠎ᠶᠢ ᠪᠣᠳᠣᠯᠬᠢᠯᠠᠵᠤ᠂ ᠲᠡᠭᠦᠯᠳᠡᠷᠵᠢᠭᠰᠡᠨ ᠳᠦᠷᠢᠮ᠎ᠢᠶᠡᠷ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠥᠷᠢᠰᠦᠯᠳᠦᠭᠡᠨ᠎ᠢ  ᠠᠷᠭᠠᠴᠠᠬᠤ᠎ᠶᠢ ᠪᠣᠳᠣᠯᠬᠢᠯᠠᠬᠤ ᠬᠡᠷᠡᠭᠲᠡᠢ᠃

ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮᠲᠤ ᠪᠠᠢᠭᠤᠯᠤᠯ᠎ᠤᠨ ᠲᠡᠭᠦᠯᠳᠡᠷᠵᠢᠯᠲᠡ ᠪᠣᠯ ᠦᠢᠯᠡᠳᠦᠯᠭᠡ᠎ᠶᠢᠨ ᠱᠠᠭᠠᠷᠳᠠᠯᠭ᠎ᠠ᠎ᠶᠢ ᠳᠠᠭᠠᠯᠳᠤᠨ ᠲᠠᠰᠤᠷᠠᠯᠲᠠ ᠦᠭᠡᠢ ᠬᠥᠭᠵᠢᠬᠦ ᠬᠥᠳᠡᠯᠦᠩᠭᠦᠢ ᠶᠠᠪᠤᠴᠠ ᠮᠥᠨ᠃ ᠦᠢᠯᠡᠳᠦᠯᠭᠡ᠎ᠶᠢᠨ ᠬᠥᠭᠵᠢᠯᠲᠡ ᠬᠤᠪᠢᠷᠠᠯᠲᠠ᠎ᠶᠢ ᠳᠠᠭᠠᠯᠳᠤᠨ᠂ ᠮᠠᠨ᠎ᠤ ᠤᠯᠤᠰ᠎ᠤᠨ ᠤᠯᠤᠰ᠎ᠤᠨ ᠵᠠᠰᠠᠯᠲᠠ᠎ᠶᠢᠨ ᠬᠡᠪᠴᠢᠶ᠎ᠡ ᠨᠠᠩ ᠥᠷᠭᠡᠨ᠂ ᠬᠦᠷᠢᠶ᠎ᠡ ᠨᠠᠩ ᠥᠷᠭᠡᠨ᠂ ᠲᠠᠰ ᠳᠠᠪᠬᠤᠷᠭ᠎ᠠ ᠨᠠᠩ ᠭᠦᠨ ᠪᠣᠯᠵᠤ᠂ ᠨᠢᠭᠡᠨᠲᠡ ᠪᠠᠢᠭ᠎ᠠ ᠳᠦᠷᠢᠮ᠎ᠢ ᠲᠠᠰᠤᠷᠠᠯᠲᠠ ᠦᠭᠡᠢ ᠪᠦᠷᠢᠨᠰᠢᠭᠦᠯᠬᠦ ᠴᠢᠬᠤᠯᠠᠲᠠᠢ᠂ ᠰᠢᠨ᠎ᠡ ᠬᠦᠷᠢᠶ᠎ᠡ ᠰᠢᠨ᠎ᠡ ᠦᠢᠯᠡᠳᠦᠯᠭᠡ ᠨᠢ ᠳᠦᠷᠢᠮ᠎ᠦᠨ ᠰᠢᠨ᠎ᠡ ᠡᠭᠦᠳᠦᠯᠲᠡ᠎ᠶᠢ ᠠᠬᠢᠭᠤᠯᠵᠤ᠂ ᠳᠦᠷᠢᠮ᠎ᠦᠨ ᠬᠣᠭᠣᠰᠤᠨ᠎ᠢ ᠨᠥᠬᠥᠪᠦᠷᠢᠯᠡᠬᠦ ᠴᠢᠬᠤᠯᠠᠲᠠᠢ ᠶᠤᠮ᠃

ᠰᠢᠰᠲᠧᠮ᠎ᠦᠨ ᠴᠤᠭᠯᠠᠷᠠᠯ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠨᠡᠢᠯᠡᠮᠡᠯ ᠬᠦᠴᠦᠨ ᠪᠣᠯᠪᠠ

ᠰᠢᠰᠲᠧᠮᠲᠦ ᠦᠵᠡᠯᠲᠡ ᠪᠣᠯ ᠰᠠᠭᠤᠷᠢ ᠴᠢᠨᠠᠷᠲᠠᠢ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠮᠥᠨ᠂ ᠮᠠᠷᠺᠰ᠎ᠤᠨ ᠦᠵᠡᠯ᠎ᠦᠨ ᠲᠦᠬᠡᠮᠡᠯ ᠬᠣᠯᠪᠣᠭᠠᠨ᠎ᠦ ᠦᠵᠡᠯᠲᠡ᠎ᠶᠢ ᠪᠠᠶᠠᠯᠢᠭ᠍ᠵᠢᠭᠤᠯᠤᠨ ᠬᠥᠭᠵᠢᠭᠦᠯᠦᠭᠰᠡᠨ ᠶᠠᠪᠤᠳᠠᠯ ᠮᠥᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠤᠨ ᠴᠢᠬᠤᠯᠠ ᠠᠭᠤᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠰᠢᠰᠲᠧᠮᠳᠦ ᠰᠡᠳᠬᠢᠬᠦᠢ ᠪᠡᠷ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠦᠬᠦᠯᠢ ᠴᠣᠭᠴᠠ ᠪᠠᠷ ᠨᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠡᠯ᠎ᠡ ᠲᠠᠯ᠎ᠠ᠂ ᠡᠯ᠎ᠡ ᠲᠡᠰ ᠳᠠᠪᠬᠤᠷᠭ᠎ᠠ᠂ ᠡᠯ᠎ᠡ ᠡᠯᠧᠮᠧᠨ᠋ᠲ᠎ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠠᠯ᠎ᠠ᠎ᠶᠢᠨ ᠥᠭᠡᠷᠡᠴᠢᠯᠡᠯᠲᠡ᠎ᠶᠢ ᠬᠠᠷᠢᠯᠴᠠᠨ ᠵᠣᠬᠢᠴᠠᠭᠤᠯᠵᠦ᠂ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢᠰᠲᠧᠮᠳᠦ ᠦᠵᠡᠯᠲᠡ᠎ᠶᠢ ᠪᠠᠷᠢᠮᠲᠠᠯᠠᠵᠤ᠂ ᠰᠢᠰᠲᠧᠮ᠎ᠦᠨ ᠬᠤᠷᠠᠮᠠᠯ᠎ᠢ ᠴᠢᠩᠭᠠᠳᠬᠠᠬᠤ᠎ᠶᠢᠨ ᠴᠢᠬᠤᠯᠠ ᠦᠢᠯᠡᠳᠦᠯ ᠨᠢ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠵᠤᠬᠢᠴᠠᠩᠭᠣᠢ ᠴᠢᠨᠠᠷ᠎ᠢ ᠳᠡᠭᠡᠭᠰᠢᠯᠡᠭᠦᠯᠬᠦ᠎ᠪᠡᠷ ᠥᠭᠡᠷᠡᠴᠢᠯᠡᠯᠲᠡ᠎ᠶᠢᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠪᠣᠢ᠃

ᠨᠡᠢᠭᠡᠮ ᠵᠢᠷᠤᠮᠳᠦ ᠣᠳᠣᠬᠢᠴᠢᠯᠠᠯᠲᠠ ᠪᠣᠯ ᠰᠢᠨ᠎ᠡ ᠮᠠᠶᠢᠭ᠋᠎ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠣᠳᠠ ᠪᠠᠯᠭᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ ᠵᠡᠷᠭᠡ ᠡᠭᠦᠷᠭᠡ᠎ᠶᠢ ᠵᠡᠷᠭᠡ᠎ᠪᠡᠷ ᠠᠬᠢᠭᠤᠯᠬᠤ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠢᠭᠡᠮ᠂ ᠠᠮᠢ ᠠᠬᠤᠢ ᠵᠡᠷᠭᠡ ᠣᠯᠠᠨ ᠬᠦᠷᠢᠶᠡᠨ᠎ᠦ ᠵᠣᠬᠢᠴᠠᠯᠳᠤᠨ ᠬᠠᠮᠲᠤ᠎ᠪᠠᠷ ᠤᠷᠤᠭᠰᠢᠯᠠᠬᠤ ᠶᠠᠪᠤᠴᠠ ᠮᠥᠨ ᠪᠣᠯᠬᠣᠷ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ᠂ ᠡᠯ᠎ᠡ ᠵᠦᠢᠯ᠎ᠦᠨ ᠳᠦᠷᠢᠮ᠎ᠦᠨ ᠬᠣᠭᠣᠷᠣᠨᠳᠣ ᠪᠠᠨ ᠨᠦᠬᠦᠪᠦᠷᠢᠯᠡᠬᠦ ᠪᠠ ᠬᠠᠮᠵᠢᠯᠴᠠᠬᠣ᠎ᠶᠢ ᠪᠡᠶᠡᠯᠡᠭᠦᠯᠵᠦ᠂ ᠥᠭᠡᠷᠡᠴᠢᠯᠡᠯᠲᠡ᠎ᠶᠢᠨ ᠨᠡᠢᠯᠡᠯ ᠬᠦᠴᠦᠨ᠎ᠢ ᠪᠦᠷᠢᠯᠳᠦᠭᠦᠯᠬᠦ ᠴᠢᠬᠤᠯᠠᠲᠠᠢ ᠶᠤᠮ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ ᠪᠠᠷ ᠭᠦᠨᠵᠡᠭᠡᠢᠷᠡᠭᠦᠯᠬᠦ ᠶᠡᠷᠦᠩᠬᠡᠢ ᠬᠠᠷᠠᠯᠲᠠ᠎ᠶᠢ ᠲᠣᠭᠲᠠᠭᠠᠬᠤ ᠦᠶ᠎ᠡ᠎ᠳᠦ᠂ 《ᠲᠣᠭᠲᠠᠭᠠᠯ》᠎ᠳᠤ 《ᠲᠤᠯᠤᠭᠠᠨ ᠠᠩᠬᠠᠷᠤᠯ᠎ᠢᠶᠠᠨ ᠲᠥᠪᠯᠡᠷᠡᠭᠦᠯᠬᠦ》᠎ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠂ ᠲᠤᠬᠠᠢᠯᠠᠪᠠᠯ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠭᠵᠢᠯᠲᠡ᠎ᠶᠢᠨ ᠪᠥᠬᠥ ᠶᠠᠪᠤᠴᠠ᠎ᠳᠠᠬᠢ ᠠᠷᠠᠳ᠎ᠤᠨ ᠠᠷᠠᠳᠴᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠤᠳᠤᠷᠢᠳᠬᠤ ᠲᠦᠪᠰᠢᠨ ᠪᠠ ᠣᠷᠳᠣ᠌ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠥᠭᠡᠷᠡᠴᠢᠯᠡᠯᠲᠡ᠎ᠶᠢ ᠦᠷᠭᠦᠯᠵᠢᠯᠡᠨ ᠤᠷᠤᠭ᠍ᠰᠢ ᠠᠬᠢᠭᠤᠯᠬᠤ ᠬᠡᠷᠡᠭᠲᠡᠢ᠃

(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠰᠤᠳᠤᠯᠤᠭ᠍ᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号