ᠠᠵᠤ ᠠᠬᠤᠢ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠪᠡᠷ ᠵᠢᠯᠣᠭᠣᠳᠤᠮᠵᠢ ᠪᠣᠯᠭᠠᠵᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠣᠶ᠎ᠠ
2024-08-23 10:10:09
ᠵᠣᠬᠢᠶᠠᠭ᠍ᠴᠢ᠄
​ᠽᠧᠩ ᠰᠢᠶᠠᠨ ᠺᠦᠢ
ᠣᠩᠱᠢᠭ᠍ᠰᠠᠨ ᠣᠳᠠᠭ᠎ᠠ᠄
★★★☆☆

ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠭᠣᠣᠯ ᠰᠡᠳᠦᠪ ᠮᠥᠨ᠃ ᠴᠢᠨᠠᠷ ᠰᠠᠢᠲᠠᠢ ᠬᠥᠭᠵᠢᠬᠦᠯᠬᠦ ᠨᠢ ᠨᠡᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠱᠠᠭᠠᠷᠳᠠᠯᠭ᠎ᠠ ᠪᠣᠯᠬᠤ ᠪᠥᠭᠡᠳ ᠪᠠᠰᠠ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠭᠣᠣᠯ ᠴᠢᠭᠯᠡᠯ ᠪᠣᠯᠣᠨ᠎ᠠ᠃ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠳᠦ  ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡ ᠪᠡᠷ ᠣᠷᠣᠰᠢᠵᠤ ᠪᠠᠢᠨ᠎ᠠ᠂ ᠡᠷᠬᠡᠪᠰᠢ ᠠᠵᠤ ᠠᠬᠤᠢ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠪᠡᠷ ᠵᠢᠯᠣᠭᠣᠳᠤᠮᠵᠢ ᠪᠣᠯᠭᠠᠵᠤ᠂ ᠦᠢᠯᠡᠳᠪᠦᠷᠢᠯᠡᠯ᠎ᠦᠨ ᠬᠦᠴᠦᠨ᠎ᠢ ᠴᠢᠨᠠᠭᠰᠢᠳᠠ ᠴᠢᠯᠦᠭᠡᠯᠡᠨ ᠬᠥᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠳᠦ ᠲᠠᠰᠤᠷᠠᠯᠳᠠ ᠦᠭᠡᠢ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃

ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠳᠦ ᠮᠠᠰᠢ ᠣᠯᠠᠨ ᠠᠶᠤᠯ ᠲᠦᠭᠰᠢᠭᠦᠷᠢ ᠥᠷᠢᠰᠦᠯᠳᠦᠭᠡᠨ ᠲᠤᠯᠭᠠᠷᠠᠵᠤ ᠪᠠᠢᠨ᠎ᠠ

ᠮᠠᠨ᠎ᠤ ᠤᠯᠤᠰ ᠨᠢᠭᠡᠨᠲᠡ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠵᠤ᠂ ᠠᠵᠤ ᠠᠬᠤᠢ᠎ᠶᠢᠨ ᠬᠥᠭᠵᠢᠯᠲᠡ᠎ᠳᠦ ᠲᠤᠯᠭᠠᠷᠠᠵᠤ ᠪᠠᠢᠭ᠎ᠠ ᠭᠠᠳᠠᠭᠠᠳᠤ ᠣᠷᠴᠢᠨ ᠡᠳᠦᠷ ᠢᠷᠡᠬᠦᠶ᠎ᠡ ᠨᠠᠷᠢᠨ ᠪᠤᠳᠤᠯᠢᠶᠠᠨᠲᠠᠢ ᠪᠣᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠲᠤᠯᠭᠠᠷᠠᠵᠤ ᠪᠠᠢᠭ᠎ᠠ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠣᠪᠣᠢᠮ᠎ᠠ ᠪᠠᠢᠨ᠎ᠠ᠃

ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ ᠨᠠᠷᠢᠨ ᠪᠤᠳᠤᠯᠢᠶᠠᠨᠲᠠᠢ᠃ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ᠎ᠳᠤ ᠲᠤᠯᠭᠠᠷᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠲᠤᠯᠭᠠᠷᠠᠵᠤ ᠪᠠᠢᠭ᠎ᠠ ᠲᠣᠭᠲᠠᠭᠠᠯᠲᠤ ᠪᠤᠰᠤ ᠴᠢᠨᠠᠷᠲᠠᠢ ᠡᠯᠧᠮᠧᠨ᠋ᠲ ᠨᠡᠮᠡᠭᠳᠡᠵᠦ ᠪᠠᠢᠨ᠎ᠠ᠃ ᠤᠯᠤᠰ᠎ᠤᠨ ᠳᠣᠲᠣᠭᠠᠳᠤ᠎ᠶᠢᠨ ᠪᠠᠢᠳᠠᠯ᠎ᠡᠴᠡ ᠦᠵᠡᠪᠡᠯ ᠮᠠᠨ᠎ᠤ ᠤᠯᠤᠰ ᠴᠢᠨᠠᠷ ᠰᠠᠢᠲᠠᠢ ᠬᠥᠭᠵᠢᠬᠦᠯᠬᠦ ᠱᠠᠲᠤᠨ᠎ᠳᠤ ᠣᠷᠣᠬᠤ᠎ᠶᠢ ᠳᠠᠭᠠᠯᠳᠤᠨ ᠵᠠᠷᠢᠮ ᠰᠢᠨ᠎ᠡ ᠠᠰᠠᠭᠤᠳᠠᠯ᠂ ᠰᠢᠨ᠎ᠡ ᠵᠥᠷᠢᠴᠡᠯ ᠡᠳᠦᠷ ᠢᠷᠡᠬᠦᠶ᠎ᠡ ᠲᠣᠪᠣᠢᠮ᠎ᠠ ᠪᠣᠯᠵᠤ ᠪᠠᠢᠨ᠎ᠠ᠃ ᠬᠣᠷᠸ᠎ᠠ ᠳᠠᠪᠬᠤᠷᠭ᠎ᠠ᠎ᠳᠤ ᠠᠵᠤ ᠠᠬᠤᠢ᠎ᠶᠢᠨ ᠪᠠᠢᠳᠠᠯ ᠪᠣᠯᠣᠨ ᠭᠠᠳᠠᠭᠠᠳᠤ ᠣᠷᠴᠢᠨ ᠨᠥᠬᠥᠴᠡᠯ᠎ᠦᠨ ᠬᠤᠪᠢᠷᠠᠯᠲᠠ᠎ᠶᠢᠨ ᠨᠥᠯᠥᠭᠡ᠎ᠡᠴᠡ ᠪᠣᠯᠵᠤ᠂ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ ᠪᠣᠯᠣᠨ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠤᠨ ᠬᠠᠷᠢᠴᠠᠭᠠᠨ᠎ᠤ ᠠᠰᠠᠭᠤᠳᠠᠯ ᠠᠯᠬᠤᠮ ᠠᠯᠬᠤᠮ᠎ᠢᠶᠠᠷ ᠲᠣᠪᠣᠢᠮ᠎ᠠ ᠢᠯᠡᠷᠡᠵᠦ ᠪᠠᠢᠨ᠎ᠠ᠃ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ ᠪᠣᠯᠣᠨ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠤᠨ ᠬᠠᠷᠢᠴᠠᠭ᠎ᠠ᠎ᠶᠢ ᠰᠠᠢᠲᠤᠷ ᠲᠡᠩᠴᠡᠭᠦᠷᠢᠰᠢᠭᠦᠯᠵᠦ᠂ ᠬᠣᠶᠠᠭᠤᠯᠠ᠎ᠶᠢ ᠵᠤᠬᠢᠴᠠᠭᠤᠯᠤᠨ ᠠᠬᠢᠭᠤᠯᠬᠤ ᠪᠣᠯ ᠮᠠᠨ᠎ᠤ ᠡᠮᠦᠨ᠎ᠡ ᠲᠠᠯᠪᠢᠭ᠍ᠳᠠᠵᠤ ᠪᠠᠢᠭ᠎ᠠ ᠴᠢᠬᠤᠯᠠ ᠡᠭᠦᠷᠭᠡ ᠮᠥᠨ᠃  

ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠥᠷᠨᠢᠨ ᠬᠥᠭᠵᠢᠪᠡ᠃ ᠵᠣᠬᠢᠶᠠᠮᠠᠯ ᠤᠶᠤᠨ ᠴᠢᠳᠠᠪᠤᠷᠢ᠎ᠪᠠᠷ ᠲᠥᠯᠥᠭᠡᠯᠡᠭᠦᠯᠦᠭᠰᠡᠨ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ  ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠢᠳᠡ ᠬᠦᠭ᠎ᠲᠠᠢ ᠶᠠᠪᠤᠭᠳᠠᠵᠤ᠂ ᠲᠡᠭᠦᠨ᠎ᠦ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠪᠠᠢᠷᠢᠰᠢᠯ᠎ᠳᠤ ᠦᠵᠡᠭᠦᠯᠬᠦ ᠳᠠᠯᠳᠠ ᠨᠥᠯᠥᠭᠡ ᠶᠠᠭ ᠠᠯᠬᠤᠮ ᠠᠯᠬᠤᠮ᠎ᠢᠶᠠᠷ ᠲᠣᠪᠣᠢᠮ᠎ᠠ ᠢᠯᠡᠷᠡᠵᠦ ᠪᠠᠢᠨ᠎ᠠ᠃ ᠳᠡᠯᠡᠬᠡᠢ᠎ᠶᠢᠨ ᠡᠯ᠎ᠡ ᠤᠯᠤᠰ ᠠᠵᠤ ᠦᠢᠯᠡᠰ᠎ᠦᠨ  ᠥᠨᠳᠥᠷᠯᠢᠭ ᠎ᠢ ᠡᠵᠡᠯᠡᠬᠦ᠎ᠶᠢᠨ ᠲᠥᠯᠥᠭᠡ᠂ ᠡᠯ᠎ᠡ ᠵᠦᠢᠯ᠎ᠦᠨ ᠠᠷᠭ᠎ᠠ ᠬᠡᠮᠵᠢᠶ᠎ᠡ ᠠᠪᠴᠤ᠂ ᠲᠤᠰ ᠤᠯᠤᠰ᠎ᠤᠨ᠎ᠢᠶᠠᠨ ᠰᠢᠨ᠎ᠡ᠎ᠪᠡᠷ ᠮᠠᠨᠳᠤᠭᠰᠠᠨ ᠮᠡᠷᠭᠡᠵᠢᠯ ᠪᠣᠯᠣᠨ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠬᠦ᠎ᠪᠡᠷ ᠴᠢᠷᠮᠠᠢᠵᠤ ᠪᠠᠢᠨ᠎ᠠ᠃ ᠬᠥᠭᠵᠢᠭᠰᠡᠨ ᠤᠯᠤᠰ᠎ᠤᠨ ᠠᠵᠤ ᠠᠬᠤᠢᠯᠠᠯ ᠨᠢᠭᠡᠨᠲᠡ ᠬᠡᠰᠡᠭ ᠮᠡᠷᠭᠡᠵᠢᠯ᠎ᠦᠨ ᠬᠦᠷᠢᠶᠡᠨ᠎ᠳᠦ ᠲᠡᠷᠢᠭᠦᠯᠡᠬᠦ ᠪᠠᠢᠷᠢ᠎ᠶᠢ ᠡᠵᠡᠯᠡᠪᠡ᠃ ᠵᠢᠱ᠌ᠢᠶᠡᠯᠡᠪᠡᠯ ᠣᠢᠷ᠎ᠠ᠎ᠶᠢᠨ ᠬᠣᠶᠠᠷ ᠵᠢᠯ᠎ᠳᠦ ᠭᠠᠳᠠᠭᠠᠳᠤ᠎ᠶᠢᠨ ᠲᠡᠷᠢᠭᠦᠨ᠎ᠦ ᠠᠵᠤ ᠠᠬᠤᠢᠯᠠᠯ ᠤᠷᠢᠳ ᠬᠣᠵᠢᠳ ChatGPT᠂ Sora ᠵᠡᠷᠭᠡ ᠮᠡᠷᠭᠡᠵᠢᠯ᠎ᠦᠨ ᠦᠷ᠎ᠡ ᠪᠦᠲᠦᠭᠡᠯ᠎ᠢ ᠭᠠᠷᠭᠠᠭᠰᠠᠨ ᠪᠠᠢᠨ᠎ᠠ᠃ ᠡᠢᠮᠦ ᠪᠠᠢᠳᠠᠯ ᠳᠣᠣᠷ᠎ᠠ ᠬᠡᠷᠬᠢᠨ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠡᠴᠡ ᠪᠣᠯᠤᠭᠰᠠᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠨ᠂ ᠥᠷᠢᠰᠦᠯᠳᠦᠭᠡᠨ᠎ᠦ ᠳᠤᠮᠳᠠ ᠳᠠᠪᠠᠭᠤᠯᠢᠭ᠋ ᠲᠠᠯ᠎ᠠ᠎ᠪᠠᠨ ᠪᠠᠳᠠᠷᠠᠭᠣᠯᠬᠣ ᠪᠣᠯ ᠪᠢᠳᠡᠨ᠎ᠦ ᠡᠷᠬᠡᠪᠰᠢ ᠠᠷᠭᠠᠴᠠᠬᠤ ᠴᠢᠬᠣᠯᠠᠳᠠᠢ ᠰᠢᠯᠭᠠᠯᠲᠠ ᠮᠥᠨ᠃

ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ ᠨᠠᠩ ᠥᠷᠭᠡᠨ ᠳᠡᠯᠭᠡᠷ ᠪᠣᠯᠪᠠ᠃ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠳᠠᠭᠠᠯᠳᠤᠨ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠲᠠᠰᠤᠷᠠᠯᠳᠠ ᠦᠭᠡᠢ ᠨᠡᠮᠡᠭᠳᠡᠵᠦ ᠪᠠᠢᠨ᠎ᠠ᠃ ᠠᠷᠠᠳ ᠣᠯᠠᠨ᠎ᠤ ᠠᠵᠤ ᠠᠬᠤᠢ᠎ᠶᠢᠨ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠂ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠳᠡᠭᠡᠭᠰᠢᠯᠡᠭᠦᠯᠬᠦ ᠱᠠᠭᠠᠷᠳᠠᠯᠭ᠎ᠠ ᠠᠯᠬᠤᠮ ᠠᠯᠬᠤᠮ᠎ᠢᠶᠠᠷ ᠳᠡᠭᠡᠭᠰᠢᠯᠡᠪᠡ᠃ ᠡᠭᠦᠨ᠎ᠳᠦ  ᠡᠷᠬᠡᠪᠰᠢ ᠬᠣᠷᠸ᠎ᠠ ᠲᠠᠯ᠎ᠠ᠎ᠠᠴᠠ ᠴᠢᠨᠠᠷ ᠰᠠᠢᠲᠠᠢ ᠠᠵᠢᠯ ᠣᠯᠭᠣᠯᠲᠠ᠎ᠶᠢ ᠪᠠᠲᠤᠯᠠᠵᠤ᠂ ᠣᠷᠣᠯᠭ᠎ᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠢᠯᠢ ᠲᠠᠲᠠᠪᠤᠷᠢ᠎ᠶᠢᠨ ᠲᠥᠷᠥ᠎ᠶᠢᠨ ᠪᠣᠳᠣᠯᠭ᠎ᠠ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠣᠷᠣᠯᠭ᠎ᠠ᠎ᠶᠢᠨ ᠵᠥᠷᠢᠶ᠎ᠡ᠎ᠶᠢ ᠪᠠᠭᠠᠰᠬᠠᠵᠤ᠂ ᠨᠡᠢᠭᠡᠮ᠎ᠦᠨ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠣᠯᠠᠨ ᠲᠦᠮᠡᠨ᠎ᠦ ᠰᠠᠨᠠᠭᠠᠰᠢᠷᠠᠯ᠎ᠢ ᠬᠥᠩᠭᠡᠷᠡᠭᠦᠯᠬᠦ ᠬᠡᠷᠡᠭᠲᠡᠢ᠃

ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ ᠴᠢᠨᠠᠷ ᠰᠠᠢᠲᠠᠢ ᠬᠥᠭᠵᠢᠯᠲᠡ᠎ᠳᠦ ᠬᠥᠳᠡᠯᠭᠡᠬᠦ ᠬᠦᠴᠦᠨ ᠬᠠᠩᠭᠠᠨ᠎ᠠ

ᠥᠭᠡᠷᠡᠴᠢᠯᠡᠯᠲᠡ᠎ᠶᠢ ᠣᠯᠠᠮ ᠨᠢᠬᠡ ᠠᠯᠬᠣᠮ ᠭᠦᠨᠵᠡᠭᠡᠢᠷᠡᠭᠦᠯᠬᠦ᠂ ᠢᠯᠠᠩᠭᠤᠶ᠎ᠠ ᠠᠵᠤ ᠠᠬᠤᠢ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠶᠢ ᠣᠯᠠᠮ ᠨᠢᠬᠡ ᠠᠯᠬᠣᠮ ᠭᠦᠨᠵᠡᠭᠡᠢᠷᠡᠭᠦᠯᠬᠦ ᠨᠢ ᠴᠢᠨᠠᠷ ᠰᠠᠢᠲᠠᠢ ᠬᠥᠭᠵᠢᠯᠲᠡ᠎ᠶᠢᠨ ᠠᠬᠢᠴᠠ᠎ᠶᠢ ᠲᠦᠷᠭᠡᠳᠬᠡᠬᠦ᠎ᠳᠦ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠢᠯᠡᠷᠡᠵᠦ ᠪᠠᠢᠨ᠎ᠠ᠃

ᠨᠢᠭᠡ᠎ᠳᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠂ ᠢᠯᠠᠩᠭᠤᠶ᠎ᠠ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠪᠠ ᠬᠥᠭᠵᠢᠭᠦᠯᠬᠦ᠎ᠶᠢ ᠲᠦᠷᠭᠡᠳᠬᠡᠬᠦ᠎ᠳᠦ ᠪᠠᠢᠭᠤᠯᠤᠯ᠎ᠤᠨ ᠰᠠᠭᠤᠷᠢ᠎ᠶᠢ ᠡᠭᠦᠳᠴᠦ ᠥᠭᠬᠦ ᠪᠣᠯᠣᠨ᠎ᠠ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠤᠳᠤᠷᠢᠳᠤᠮᠵᠢ ᠪᠣᠯᠭᠠᠵᠦ᠂ ᠤᠯᠠᠮᠵᠢᠯᠠᠯᠲᠤ ᠠᠵᠤ ᠠᠬᠤᠢ᠎ᠶᠢᠨ ᠨᠡᠮᠡᠭᠳᠡᠯ᠎ᠦᠨ ᠠᠷᠭ᠎ᠠ ᠬᠡᠯᠪᠡᠷᠢ᠎ᠡᠴᠡ ᠠᠩᠭᠢᠵᠢᠷᠠᠵᠦ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ᠂ ᠥᠨᠳᠥᠷ ᠪᠦᠲᠦᠮᠵᠢᠲᠡᠢ᠂ ᠴᠢᠨᠠᠷ ᠰᠠᠢᠲᠠᠢ ᠪᠡᠷ ᠣᠨᠴᠠᠯᠢᠭ᠋ ᠪᠣᠯᠭᠠᠬᠰᠠᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ ᠪᠣᠯᠣᠨ᠎ᠠ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠣᠯᠣᠨ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠡᠷᠭᠡ᠎ᠪᠡᠷ ᠪᠤᠢ ᠪᠣᠯᠪᠠ᠂ ᠲᠡᠷᠡ ᠪᠣᠯ ᠴᠢᠨᠠᠷ ᠰᠠᠢᠲᠠᠢ ᠬᠥᠭᠵᠢᠯᠲᠡ᠎ᠶᠢᠨ ᠭᠣᠣᠯ ᠠᠬᠢᠭᠤᠯᠬᠤ ᠬᠦᠴᠦᠨ ᠪᠣᠯᠣᠨ ᠲᠤᠯᠭᠠᠭᠤᠷᠢᠯᠠᠬᠤ ᠬᠦᠴᠦᠨ ᠮᠦᠨ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ ᠨᠢ ᠬᠥᠳᠡᠯᠮᠦᠷᠢᠴᠢᠨ᠂ ᠬᠥᠳᠡᠯᠮᠦᠷᠢ᠎ᠶᠢᠨ ᠬᠡᠷᠡᠭᠰᠡᠯ᠂ ᠬᠥᠳᠡᠯᠮᠦᠷᠢ᠎ᠶᠢᠨ ᠳ᠋ᠦᠢᠰᠢᠶᠠᠩ ᠵᠢᠴᠢ ᠲᠡᠭᠦᠨ᠎ᠢ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ᠎ᠳᠤ ᠬᠣᠯᠪᠣᠭᠳᠠᠵᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠪᠡᠷ ᠳᠠᠮᠵᠢᠭᠤᠯᠤᠨ᠂ ᠰᠢᠨ᠎ᠡ ᠮᠠᠶᠢᠭ᠋᠎ᠤᠨ ᠦᠢᠯᠡᠳᠪᠦᠷᠢᠯᠡᠯ᠎ᠦᠨ ᠬᠠᠷᠢᠴᠠᠭ᠎ᠠ᠎ᠶᠢ ᠪᠠᠢᠭᠤᠯᠵᠤ᠂ ᠪᠠᠢᠭᠤᠯᠤᠯ᠎ᠤᠨ ᠴᠢᠨᠠᠷᠲᠠᠢ ᠬᠠᠷᠰᠢᠯᠠᠬᠤ ᠬᠦᠴᠦᠨ ᠵᠦᠢᠯ᠎ᠢ ᠰᠢᠰᠲᠧᠮ ᠲᠠᠢ ᠰᠢᠢᠳᠪᠦᠷᠢᠯᠡᠪᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠢᠯᠠᠩᠭᠤᠶ᠎ᠠ ᠤᠤᠭᠠᠯ ᠡᠭᠦᠳᠦᠯᠲᠡ᠎ᠶᠢᠨ ᠴᠢᠨᠠᠷᠲᠠᠢ᠂ ᠲᠤᠩᠰᠤᠯᠤᠯᠳᠠ ᠎ᠶᠢᠨ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠎ᠶᠢᠨ ᠬᠠᠮᠲᠤ ᠲᠡᠭᠦᠨ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠵᠤ ᠴᠢᠳᠠᠨ᠎ᠠ᠃ ᠰᠢᠨ᠎ᠡ᠎ᠪᠡᠷ ᠮᠠᠨᠳᠤᠬᠰᠠᠨ ᠠᠵᠤ ᠦᠢᠯᠡᠰ ᠢᠯᠠᠩᠭᠤᠶ᠎ᠠ ᠢᠷᠡᠭᠡᠳᠦᠢ᠎ᠶᠢᠨ ᠠᠵᠤ ᠦᠢᠯᠡᠰ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠭᠣᠣᠯ ᠵᠢᠭ᠍ᠰᠠᠭᠠᠯ᠎ᠤᠨ ᠭᠠᠵᠠᠷ ᠮᠥᠨ᠂ ᠬᠠᠷᠠᠭᠠᠯᠵᠠᠬᠰᠠᠨ ᠪᠠᠢᠭᠤᠯᠤᠯ ᠲᠣᠭᠲᠠᠴᠠ᠎ᠶᠢ ᠪᠠᠢᠭᠤᠯᠵᠤ᠂ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠬᠰᠠᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠣᠭᠲᠠᠭᠠᠵᠤ᠂ ᠢᠷᠡᠭᠡᠳᠦᠢ᠎ᠶᠢᠨ ᠠᠵᠤ ᠦᠢᠯᠡᠰ᠎ᠦᠨ ᠣᠷᠣᠭᠤᠯᠤᠯᠲᠠ᠎ᠶᠢᠨ ᠨᠡᠮᠡᠭᠳᠡᠯ᠎ᠦᠨ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃

ᠬᠣᠶᠠᠷ᠎ᠲᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠦᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠤᠨ ᠲᠡᠭᠦᠯᠳᠡᠷᠵᠢᠭᠦᠯᠵᠦ᠂ ᠴᠢᠨᠠᠷ ᠰᠠᠢᠲᠠᠢ ᠬᠥᠭᠵᠢᠯᠲᠡ᠎ᠳᠦ  ᠠᠮᠢᠵᠢᠷᠠᠯ᠎ᠤᠨ ᠬᠦᠴᠦᠨ ᠨᠡᠮᠡᠷᠢᠯᠡᠨ᠎ᠡ᠃ ᠡᠬᠢ ᠪᠠᠶᠠᠯᠢᠭ᠋᠎ᠢ ᠲᠣᠬᠢᠷᠠᠭᠤᠯᠬᠤ ᠶᠠᠪᠤᠴᠠ᠎ᠳᠤ ᠵᠠᠬ᠎ᠠ ᠳᠡᠯᠭᠡᠭᠦᠷ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠬᠦ ᠪᠣᠯ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢᠨ ᠲᠡᠷᠢᠭᠦᠨ ᠴᠢᠬᠤᠯᠠ ᠪᠠᠢᠷᠢ ᠲᠣᠭᠲᠠᠭᠠᠯᠲᠠ ᠪᠣᠯᠣᠨ᠎ᠠ᠃ ᠭᠠᠭᠴᠠ ᠬᠦ᠌ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠣᠯᠣᠯ᠎ᠢ ᠪᠠᠢᠭᠤᠯᠵᠤ᠂ ᠵᠠᠬ᠎ᠠ ᠳᠡᠯᠭᠡᠭᠦᠷ᠎ᠦᠨ ᠲᠣᠭᠲᠠᠴᠠ᠎ᠶᠢᠨ ᠦᠢᠯᠡᠳᠦᠯ᠎ᠢ ᠨᠡᠩ ᠰᠠᠢᠨ ᠪᠠᠳᠠᠷᠠᠭᠤᠯᠪᠠᠯ ᠰᠠᠶᠢ ᠡᠷᠬᠡ ᠲᠡᠭᠰᠢ᠎ᠪᠡᠷ ᠥᠷᠢᠰᠦᠯᠳᠦᠬᠦ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠡᠭᠦᠳᠴᠦ ᠴᠢᠳᠠᠨ᠎ᠠ᠃

ᠭᠤᠷᠪᠠ᠎ᠳᠤ᠂ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠬᠤ᠎ᠳᠤ ᠰᠠᠭᠤᠷᠢ ᠲᠠᠯᠪᠢᠨ᠎ᠡ᠃ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠰᠢᠪᠲᠤᠯᠤᠯᠲᠠ᠎ᠶᠢ ᠪᠡᠶᠡᠯᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠬᠤ᠎ᠳᠤ ᠰᠠᠭᠤᠷᠢ ᠰᠤᠳᠤᠯᠭᠠᠨ᠂ ᠬᠡᠷᠡᠭᠯᠡᠭᠡᠨ᠎ᠦ ᠰᠤᠳᠤᠯᠭᠠᠨ ᠪᠠ ᠲᠤᠷᠰᠢᠯᠲᠠ᠎ᠶᠢᠨ ᠬᠥᠭᠵᠢᠯᠲᠡ ᠵᠡᠷᠭᠡ ᠡᠯ᠎ᠡ ᠭᠣᠭᠴᠣᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ ᠵᠡᠷᠭᠡ ᠡᠯ᠎ᠡ ᠬᠦᠷᠢᠶ᠎ᠡ᠎ᠡᠴᠡ ᠭᠠᠷᠳᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠦᠬᠦᠯᠢ ᠴᠣᠭᠴᠠ᠎ᠶᠢᠨ ᠲᠦᠪᠰᠢᠨ᠎ᠦ ᠳᠡᠭᠡᠭᠰᠢᠯᠡᠯᠲᠡ᠎ᠶᠢ ᠠᠬᠢᠭᠤᠯᠬᠤ ᠬᠡᠷᠡᠭᠲᠡᠢ᠃ ᠶᠠᠮᠠᠷᠪᠠ ᠭᠣᠭᠴᠣᠭ᠎ᠠ᠂ ᠬᠦᠷᠢᠶᠡᠨ᠎ᠦ ᠳᠤᠲᠠᠭᠳᠠᠯ ᠪᠣᠯᠣᠨ ᠬᠦᠷᠦᠯᠴᠡᠬᠦ ᠦᠭᠡᠢ ᠲᠠᠯ᠎ᠠ ᠨᠢ ᠴᠥᠮ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠦᠪᠰᠢᠨ᠎ᠢ ᠳᠡᠭᠡᠭᠰᠢᠯᠡᠭᠦᠯᠬᠦ᠎ᠶᠢ ᠬᠢᠵᠠᠭᠠᠷᠯᠠᠬᠤ ᠪᠣᠯᠣᠨ᠎ᠠ᠃ ᠡᠢᠮᠦ᠎ᠡᠴᠡ ᠪᠢᠳᠠ ᠪᠦᠬᠦ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠳᠡᠮᠵᠢᠬᠦ ᠪᠠᠢᠭᠤᠯᠤᠯ  ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃

ᠳᠥᠷᠪᠡ᠎ᠳᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠪᠡᠷ ᠳᠠᠮᠵᠢᠭᠤᠯᠤᠨ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠤᠨ ᠳᠡᠭᠡᠭᠰᠢᠯᠡᠯᠲᠡ᠎ᠶᠢ ᠠᠬᠢᠭᠤᠯᠬᠤ ᠬᠡᠷᠡᠭᠲᠡᠢ᠃ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ ᠨᠢ ᠵᠠᠰᠠᠭ᠎ᠤᠨ ᠣᠷᠳᠣᠨ᠎ᠤ ᠠᠵᠤ ᠠᠬᠤᠢ᠎ᠶᠢᠨ ᠬᠥᠭᠵᠢᠯᠲᠡ᠎ᠳᠡᠬᠢ ᠬᠥᠲᠥᠯᠥᠨ ᠵᠢᠯᠤᠭᠣᠳᠬᠤ ᠪᠠ ᠲᠣᠬᠢᠷᠠᠭᠤᠯᠤᠨ ᠡᠵᠡᠮᠳᠡᠬᠦ ᠡᠭᠦᠷᠭᠡ ᠴᠢᠳᠠᠪᠤᠷᠢ᠎ᠶᠢ ᠲᠥᠪᠯᠡᠷᠡᠩᠭᠦᠢ ᠢᠯᠡᠷᠡᠭᠦᠯᠵᠦ᠂ ᠠᠵᠤ ᠠᠬᠤᠢ᠎ᠶᠢᠨ ᠬᠥᠭᠵᠢᠯᠲᠡ᠎ᠶᠢᠨ ᠴᠢᠭᠯᠡᠯ᠂ ᠶᠠᠰᠤ ᠴᠢᠨᠠᠷ᠎ᠲᠤ ᠲᠤᠢᠯ᠎ᠤᠨ ᠴᠢᠬᠤᠯᠠ ᠦᠢᠯᠡᠳᠦᠯ᠎ᠲᠠᠢ ᠶᠤᠮ᠃ ᠮᠠᠨ᠎ᠤ ᠤᠯᠤᠰ ᠬᠣᠷᠸ᠎ᠠ ᠠᠵᠤ ᠠᠬᠤᠢ᠎ᠶᠢᠨ ᠲᠣᠬᠢᠷᠠᠭᠤᠯᠭ᠎ᠠ  ᠡᠵᠡᠮᠳᠡᠯ᠎ᠦᠨ ᠲᠠᠯ᠎ᠠ᠎ᠪᠠᠷ ᠥᠪᠡᠷᠮᠢᠴᠡ ᠳᠠᠪᠠᠭᠤᠯᠢᠭ᠋ ᠲᠠᠯ᠎ᠠ᠎ᠲᠠᠢ ᠪᠠᠢᠳᠠᠭ᠂ ᠵᠠᠰᠠᠭ᠎ᠤᠨ ᠣᠷᠳᠣᠨ᠎ᠤ ᠪᠦᠲᠦᠮᠵᠢᠲᠡᠢ ᠭᠠᠷ ᠳᠦᠷᠦᠯᠲᠡ ᠨᠢ ᠪᠢᠳᠡᠨ᠎ᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠯ᠎ᠡ ᠵᠦᠢᠯ᠎ᠦᠨ ᠲᠤᠷᠰᠢᠯᠭ᠎ᠠ ᠪᠠᠷ ᠲᠣᠯᠢ ᠪᠣᠯᠭᠠᠵᠤ᠂ ᠠᠵᠤ ᠠᠬᠤᠢ᠎ᠶᠢᠨ ᠬᠥᠭᠡᠭᠡᠵᠦ ᠭᠦᠢᠴᠡᠬᠦ ᠠᠬᠢᠴᠠ᠎ᠶᠢ ᠲᠦᠷᠭᠡᠳᠬᠡᠬᠦ᠎ᠶᠢᠨ ᠬᠠᠮᠲᠤ ᠵᠠᠷᠢᠮ ᠮᠤᠷᠤᠢ ᠵᠠᠮ᠎ᠢᠶᠠᠷ ᠵᠠᠮᠨᠠᠬᠤ᠎ᠡᠴᠡ ᠪᠦᠲᠦᠮᠵᠢᠲᠡᠢ  ᠵᠠᠢᠯᠠᠰᠬᠢᠵᠦ ᠴᠢᠳᠠᠨ᠎ᠠ᠃

ᠲᠠᠪᠤ᠎ᠳᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠪᠡᠷ ᠳᠠᠮᠵᠢᠭᠤᠯᠤᠨ ᠬᠣᠲᠠ ᠬᠥᠳᠡᠭᠡ᠎ᠶᠢᠨ ᠠᠭᠤᠰᠤᠯᠴᠠᠨ ᠬᠥᠭᠵᠢᠬᠦ ᠪᠠ ᠥᠨᠳᠥᠷ ᠲᠦᠪᠰᠢᠨ ᠪᠦᠬᠦᠢ ᠭᠠᠳᠠᠭ᠍ᠰᠢ ᠨᠡᠭᠡᠭᠡᠯᠲᠡ ᠬᠢᠬᠦ᠎ᠶᠢ ᠠᠬᠢᠭᠤᠯᠤᠨ᠎ᠠ᠃ ᠬᠤᠳᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ᠎ᠶᠢᠨ ᠬᠥᠭᠵᠢᠯᠲᠡ᠎ᠶᠢᠨ ᠬᠤᠷᠳᠤᠴᠠ᠎ᠶᠢ ᠲᠦᠷᠭᠡᠳᠬᠡᠵᠦ᠂ ᠬᠤᠳᠠ ᠬᠥᠳᠡᠭᠡ᠎ᠶᠢᠨ ᠬᠣᠶᠠᠷ ᠡᠰᠢᠲᠦ ᠪᠠᠢᠭᠤᠯᠤᠯ᠎ᠢ᠎ᠠᠯᠬᠤᠮ ᠠᠯᠬᠤᠮ᠎ᠢᠶᠠᠷ ᠠᠷᠢᠯᠭᠠᠬᠤ ᠪᠣᠯ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠠᠭᠤᠯᠭ᠎ᠠ ᠪᠣᠯᠣᠨ᠎ᠠ᠃ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠦᠨ ᠠᠬᠢᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠬᠥᠳᠡᠯᠮᠦᠷᠢ᠎ᠶᠢᠨ ᠬᠦᠴᠦᠨ᠎ᠦ ᠭᠦᠨᠵᠡᠭᠡᠢ ᠰᠢᠯᠵᠢᠯᠲᠡ᠎ᠶᠢ ᠲᠦᠷᠭᠡᠳᠬᠡᠵᠦ᠂ ᠳᠠᠭᠠᠭᠠᠴᠢᠯᠠᠯᠲᠠ᠎ᠶᠢᠨ ᠭᠠᠵᠠᠷ᠎ᠤᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ᠎ᠶᠢ ᠰᠠᠯᠭᠠᠬᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠬᠥᠳᠡᠭᠡ ᠲᠣᠰᠬᠣᠨ᠎ᠤ ᠰᠢᠨ᠎ᠡ ᠮᠠᠶᠢᠭ᠋᠎ᠤᠨ ᠬᠠᠮᠲᠤ᠎ᠶᠢᠨ ᠠᠵᠤ ᠠᠬᠤᠢ᠎ᠶᠢᠨ ᠥᠭᠡᠷᠡᠴᠢᠯᠡᠯᠲᠡ᠎ᠶᠢ ᠬᠥᠭᠵᠢᠭᠦᠯᠬᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ᠋ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠡᠯ᠎ᠡ ᠵᠦᠢᠯ᠎ᠦᠨ ᠲᠦᠷᠢᠮ᠎ᠢ ᠲᠡᠭᠦᠯᠳᠡᠷᠵᠢᠭᠦᠯᠬᠦ᠎ᠪᠡᠷ ᠭᠠᠷᠳᠠᠴᠠ ᠪᠣᠯᠭᠠᠵᠤ᠂ ᠲᠠᠷᠢᠶᠠᠴᠢᠳ᠎ᠤᠨ ᠣᠷᠣᠯᠭ᠎ᠠ᠎ᠶᠢᠨ ᠳᠡᠭᠡᠭᠰᠢᠯᠡᠯᠲᠡ᠎ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠨᠡᠭᠡᠭᠡᠯᠲᠡ᠎ᠶᠢ ᠥᠷᠭᠡᠳᠬᠡᠬᠦ᠎ᠪᠡᠷ ᠳᠠᠮᠵᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠪᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠲᠦᠰᠢᠭ ᠪᠣᠯᠣᠨ᠎ᠠ᠃ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ᠎ᠤ ᠪᠠᠢᠭᠤᠯᠤᠯ᠂ ᠭᠠᠳᠠᠭᠠᠳᠤ᠎ᠶᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠪᠠ ᠭᠠᠳᠠᠭᠠᠳᠤ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠭᠦᠨᠵᠡᠭᠡᠢᠷᠡᠭᠦᠯᠬᠦ ᠬᠡᠷᠡᠭᠲᠡᠢ᠃

ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠦᠬᠦ ᠬᠦᠴᠦᠨ᠎ᠢᠶᠡᠷ ᠠᠬᠢᠭᠤᠯᠤᠨ᠎ᠠ

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠳᠤᠷᠠᠳᠤᠭᠰᠠᠨ ᠠᠵᠤ ᠠᠬᠤᠢ᠎ᠶᠢᠨ ᠪᠠᠢᠭᠣᠯᠣᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠨᠢ ᠮᠠᠨ᠎ᠤ ᠤᠯᠤᠰ᠎ᠤᠨ ᠣᠳᠣᠬᠠᠨ᠎ᠤ ᠠᠵᠤ ᠠᠬᠤᠢ᠎ᠶᠢᠨ ᠬᠥᠭᠵᠢᠯᠲᠡ᠎ᠶᠢᠨ ᠰᠤᠳᠠᠰᠤ᠎ᠶᠢ ᠣᠨᠣᠭᠠᠵᠤ᠂ ᠴᠢᠨᠠᠷ ᠰᠠᠢᠲᠠᠢ ᠬᠥᠭᠵᠢᠯᠲᠡ᠎ᠶᠢ ᠵᠢᠯᠤᠭᠣᠳᠬᠤ ᠦᠨᠳᠦᠰᠦᠨ ᠵᠢᠷᠤᠮᠯᠠᠯ ᠪᠣᠯᠣᠨ᠎ᠠ᠃ ᠪᠢᠳᠡ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠨ ᠣᠨᠣᠪᠴᠢᠲᠠᠶ ᠡᠵᠡᠮᠳᠡᠭᠰᠡᠨ ᠰᠠᠭᠤᠷᠢᠨ ᠳᠡᠭᠡᠷ᠎ᠡ᠂ ᠪᠥᠬᠥᠳᠡ ᠬᠤᠷᠠᠯ᠎ᠠᠴᠠ ᠳᠤᠷᠠᠳᠤᠭᠰᠠᠨ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠲᠦᠷᠭᠡᠳᠬᠡᠨ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠪᠡᠷ ᠤᠳᠤᠷᠢᠳᠤᠮᠵᠢ ᠪᠣᠯᠭᠠᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠭᠦᠳᠡ ᠬᠤᠷᠠᠯ᠎ᠠᠴᠠ ᠳᠤᠷᠠᠳᠤᠭᠰᠠᠨ ᠡᠯ᠎ᠡ ᠵᠦᠢᠯ᠎ᠦᠨ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢᠨ ᠵᠠᠷᠢᠮ ᠨᠢ ᠥᠩᠭᠡᠷᠡᠭᠰᠡᠨ᠎ᠦ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠠᠷᠢᠮ ᠨᠢ ᠦᠢᠯᠡᠳᠦᠯᠭᠡ᠎ᠶᠢᠨ ᠬᠡᠷᠡᠭᠴᠡᠭᠡ ᠪᠠ ᠲᠤᠷᠰᠢᠯᠲᠠ᠎ᠶᠢ ᠦᠨᠳᠦᠰᠦᠯᠡᠨ ᠰᠢᠨ᠎ᠡ ᠳᠤᠷᠠᠳᠤᠭᠰᠠᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠪᠤᠯᠤᠨ᠎ᠠ᠂ ᠵᠢᠱ᠌ᠢᠶᠡᠯᠡᠪᠡᠯ ᠵᠠᠬ᠎ᠠ ᠳᠡᠯᠭᠡᠭᠦᠷ᠎ᠦᠨ ᠲᠣᠭᠲᠠᠴᠠ᠎ᠶᠢᠨ ᠦᠢᠯᠡᠳᠦᠯ᠎ᠢ ᠨᠡᠩ ᠰᠠᠢᠨ ᠪᠠᠳᠠᠷᠠᠭᠤᠯᠬᠤ ᠵᠢᠴᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠎ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃

ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠦᠢᠯᠡᠳᠦᠯᠭᠡ᠎ᠶᠢᠨ ᠳᠤᠮᠳᠠ ᠨᠠᠢᠳᠠᠪᠤᠷᠢᠵᠢᠭᠤᠯᠪᠠᠯ ᠰᠠᠶᠢ ᠲᠡᠭᠦᠨ᠎ᠦ ᠦᠷᠳᠡᠭ᠎ᠢ ᠦᠨᠡᠨ ᠬᠦ᠌ ᠢᠯᠡᠷᠡᠭᠦᠯᠵᠦ ᠴᠢᠳᠠᠨ᠎ᠠ᠃ ᠪᠢᠳᠡ ᠡᠷᠬᠡᠪᠰᠢ ᠦᠢᠯᠡᠳᠦᠯᠭᠡ᠎ᠶᠢᠨ ᠳᠤᠮᠳᠠ ᠲᠤᠰ ᠪᠡᠶ᠎ᠡ᠎ᠶᠢᠨ ᠬᠥᠭᠵᠢᠯᠲᠡ᠎ᠶᠢᠨ ᠰᠠᠭᠤᠷᠢ᠂ ᠨᠥᠬᠥᠴᠡᠯ ᠵᠢᠴᠢ ᠲᠤᠯᠭᠠᠷᠠᠵᠤ ᠪᠠᠢᠭ᠎ᠠ ᠠᠰᠠᠭᠤᠳᠠᠯ ᠪᠣᠯᠣᠨ ᠥᠷᠢᠰᠦᠯᠳᠦᠭᠡᠨ᠎ᠢ ᠦᠨᠳᠦᠰᠦᠯᠡᠨ᠂ ᠪᠦᠬᠦᠳᠡ ᠬᠤᠷᠠᠯ᠎ᠠᠴᠠ ᠳᠤᠷᠠᠳᠤᠭᠰᠠᠨ ᠬᠣᠯᠪᠣᠭᠳᠠᠯ ᠪᠦᠬᠦᠢ ᠱᠠᠭᠠᠷᠳᠠᠯᠭ᠎ᠠ᠎ᠲᠠᠢ ᠤᠶᠠᠯᠳᠤᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠣᠳᠠᠲᠠᠢ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠪᠠᠯ ᠰᠠᠶᠢ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠵᠤ᠂ ᠮᠠᠨ᠎ᠤ ᠤᠯᠤᠰ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ ᠲᠠᠰᠤᠷᠠᠯᠳᠠ ᠦᠭᠡᠢ ᠰᠢᠨ᠎ᠡ ᠠᠬᠢᠴᠠ᠎ᠲᠠᠢ ᠪᠣᠯᠭᠠᠵᠤ ᠴᠢᠳᠠᠨ᠎ᠠ᠃

(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ᠂ ᠠᠵᠤ ᠠᠬᠤᠢ᠎ᠶᠢᠨ ᠤᠬᠠᠭᠠᠨ᠎ᠤ ᠳ᠋ᠣᠺᠲ᠋ᠣᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号