ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠤᠶ᠎ᠠ
2024-08-23 10:40:59
ᠵᠣᠬᠢᠶᠠᠭ᠍ᠴᠢ᠄
​ᠵᠠᠩ ᠰᠢᠤᠸᠠᠢ ᠭᠠᠩ
ᠣᠩᠱᠢᠭ᠍ᠰᠠᠨ ᠣᠳᠠᠭ᠎ᠠ᠄
★★★☆☆

ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ᠎ᠶᠢ ᠲᠥᠯᠥᠪᠯᠡᠵᠦ ᠪᠠᠢᠷᠢᠯᠠᠭᠤᠯᠬᠤ ᠪᠣᠯ ᠨᠠᠮ᠎ᠠᠴᠠ ᠥᠭᠡᠷᠡᠴᠢᠯᠡᠯᠲᠡ ᠨᠡᠭᠡᠭᠡᠯᠲᠡ᠎ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠬᠥᠭᠵᠢᠭᠦᠯᠬᠦ ᠪᠣᠯ ᠨᠠᠮ᠎ᠤᠨ ᠲᠦᠷᠦ ᠪᠠᠷᠢᠵᠤ ᠤᠯᠤᠰ᠎ᠢᠶᠠᠨ ᠮᠠᠨᠳᠤᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠮᠥᠨ᠂ ᠪᠣᠳᠠᠰ᠎ᠤᠨ ᠪᠠ ᠮᠡᠷᠭᠡᠵᠢᠯ᠎ᠦᠨ  ᠪᠠᠲᠤ ᠰᠠᠭᠤᠷᠢ ᠦᠭᠡᠢ ᠪᠣᠯ ᠨᠡᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢᠭᠣᠯᠵᠦ ᠴᠢᠳᠠᠬᠤ ᠦᠭᠡᠢ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠠᠴᠠ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ᠎ᠶᠢ ᠴᠢᠬᠤᠯᠠᠴᠢᠯᠠᠵᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠴᠢᠬᠤᠯᠠ ᠪᠠᠲᠤᠯᠠᠭ᠎ᠠ ᠮᠥᠨ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠭᠣᠣᠯᠳᠠᠯᠭ᠎ᠠ ᠪᠠ ᠬᠥᠲᠥᠯᠥᠮᠵᠢ ᠪᠣᠯᠭᠠᠵᠤ᠂ ᠪᠦᠬᠦᠯᠢ ᠴᠣᠭᠴᠠ ᠪᠠᠷ ᠲᠥᠯᠥᠪᠯᠡᠵᠦ᠂ ᠰᠢᠰᠲᠧᠮ᠎ᠲᠠᠢ ᠪᠠᠢᠷᠢᠯᠠᠭᠤᠯᠬᠤ ᠨᠢ ᠦᠢᠯᠡᠳᠪᠦᠷᠢᠯᠡᠯ᠎ᠦᠨ ᠬᠠᠷᠢᠴᠠᠭ᠎ᠠ ᠪᠠ ᠦᠢᠯᠡᠳᠪᠦᠷᠢᠯᠡᠯ᠎ᠦᠨ ᠬᠦᠴᠦᠨ᠂ ᠳᠠᠪᠬᠤᠷᠭ᠎ᠠ ᠪᠠ ᠠᠵᠤ ᠠᠬᠤᠢ᠎ᠶᠢᠨ ᠰᠠᠭᠤᠷᠢ᠂ ᠤᠯᠤᠰ᠎ᠤᠨ ᠵᠠᠰᠠᠯᠲᠠ ᠪᠠ ᠨᠡᠢᠭᠡᠮ᠎ᠦᠨ ᠬᠥᠭᠵᠢᠯᠲᠡ᠎ᠶᠢ ᠨᠡᠩ ᠰᠠᠢᠨ ᠵᠣᠬᠢᠴᠠᠭᠤᠯᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠲᠦᠷᠢᠮ᠎ᠤᠨ ᠪᠠᠲᠤᠯᠠᠭ᠎ᠠ ᠬᠠᠩᠭᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭᠠᠵᠤ ᠭᠠᠷᠭᠠᠪᠠ᠃

ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠤᠨ᠎ᠠ

ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠵᠤ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠴᠢᠬᠤᠯᠠ ᠪᠠᠲᠤᠯᠠᠭ᠎ᠠ ᠬᠠᠩᠭᠠᠬᠤ ᠬᠡᠷᠡᠭᠲᠡᠢ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢ ᠬᠥᠭᠵᠢᠭᠦᠯᠵᠦ᠂ ᠣᠳᠣᠬᠢᠴᠢᠯᠠᠭᠰᠠᠨ ᠠᠵᠤ ᠠᠬᠤᠢ᠎ᠶᠢᠨ ᠰᠢᠰᠲᠧᠮ᠎ᠢ ᠪᠠᠶ᠋ᠢᠭᠤᠯᠬᠤ᠎ᠳᠤ ᠡᠬᠢ ᠪᠠᠶᠠᠯᠢᠭ᠋᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠨᠡᠩ ᠰᠠᠢᠨ ᠪᠠᠳᠠᠷᠠᠭᠤᠯᠬᠤ ᠮᠥᠷᠲᠡᠭᠡᠨ ᠪᠠᠰᠠ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠬᠣ ᠬᠡᠷᠡᠭᠲᠡᠢ᠃ ᠨᠡᠩ ᠲᠥᠪ ᠭᠣᠣᠯᠴᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠡᠭᠦᠳᠴᠦ 《ᠠᠮᠢᠳᠤᠯᠢᠭ᠋ ᠪᠣᠯᠭᠠᠬᠤ》 ᠮᠥᠷᠲᠡᠭᠡᠨ ᠪᠠᠰᠠ 《ᠬᠠᠮᠢᠶᠠᠷᠴᠤ ᠳᠡᠶ᠋ᠢᠯᠬᠦ》 ᠪᠣᠯᠭᠠᠵᠤ᠂ ᠪᠦᠬᠦ ᠨᠡᠢᠭᠡᠮ᠎ᠦᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢ ᠠᠬᠢᠭᠤᠯᠬᠤ ᠬᠠᠤᠯᠢ᠎ᠶᠢ ᠲᠣᠭᠲᠠᠭᠠᠨ ᠨᠡᠢᠲᠡᠯᠡᠵᠦ᠂ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠪᠡᠬᠢᠯᠡᠯᠲᠡ᠎ᠶᠢ ᠲᠤᠭᠤᠰᠢᠳᠠᠢ ᠡᠪᠳᠡᠵᠦ᠂ ᠳᠡᠮᠵᠢᠬᠦ ᠲᠦᠷᠦ᠎ᠶᠢᠨ ᠪᠣᠳᠣᠯᠭ᠎ᠠ ᠳᠦᠷᠢᠮ᠎ᠢ ᠲᠡᠭᠦᠯᠳᠡᠷᠵᠢᠭᠦᠯᠦᠨ᠎ᠡ; ᠠᠵᠤ ᠠᠬᠤᠢᠯᠠᠯᠲᠠᠨ᠎ᠤ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠨᠡᠩ ᠤᠯᠠᠨ ᠳᠡᠯᠡᠬᠡᠢ᠎ᠶᠢᠨ ᠲᠡᠷᠢᠭᠦᠨ᠎ᠦ ᠠᠵᠤ ᠠᠬᠤᠢᠯᠠᠯ᠎ᠢ ᠪᠠᠢᠭᠤᠯᠤᠨ᠎ᠠ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠢᠭᠤᠯᠵᠤ᠂ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢᠨ ᠬᠠᠲᠠᠭᠤ ᠬᠢᠵᠠᠭᠠᠷᠯᠠᠯ᠎ᠢ ᠴᠢᠩᠭᠠᠳᠬᠠᠵᠤ᠂ ᠮᠣᠨᠣᠫᠣᠯᠢᠴᠢᠯᠠᠯ᠎ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ᠎ᠶᠢ ᠴᠢᠩᠭᠠᠳᠬᠠᠨ᠎ᠠ; ᠡᠯᠧᠮᠧᠨ᠋ᠲ᠎ᠦᠨ ᠵᠠᠬ᠎ᠠ ᠳᠡᠯᠭᠡᠭᠦᠷ᠎ᠦᠨ ᠲᠦᠷᠢᠮ ᠪᠡ ᠲᠦᠷᠢᠮᠯᠠᠯ᠎ᠢ ᠲᠡᠭᠦᠯᠳᠡᠷᠵᠢᠭᠦᠯᠵᠦ᠂ ᠦᠢᠯᠡᠳᠪᠦᠷᠢᠯᠡᠯ᠎ᠦᠨ ᠡᠯᠧᠮᠧᠨ᠋ᠲ᠎ᠦᠨ ᠰᠠᠭᠠᠳ ᠦᠭᠡᠢ ᠬᠦᠢᠯᠭᠡᠭᠡᠭᠦ᠂ ᠡᠯ᠎ᠡ ᠲᠦᠷᠦᠯ᠎ᠦᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠢ ᠲᠣᠬᠢᠷᠠᠭᠤᠯᠬᠤ᠂ ᠵᠠᠬ᠎ᠠ ᠳᠡᠯᠭᠡᠭᠦᠷ᠎ᠦᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠬᠤ᠎ᠶᠢ ᠠᠬᠢᠭᠤᠯᠤᠨ᠎ᠠ; ᠬᠡᠷᠡᠭᠯᠡᠭᠡ᠎ᠶᠢᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠲᠡᠭᠦᠯᠳᠡᠷᠵᠢᠭᠦᠯᠦᠨ ᠥᠷᠭᠡᠳᠬᠡᠵᠦ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠨᠡᠢᠭᠡᠮ᠎ᠦᠨ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠪᠠ ᠪᠡᠯᠡ ᠣᠷᠣᠭᠤᠯᠤᠯᠲᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠰᠠᠭᠤᠷᠢ ᠳᠦᠷᠢᠮ᠎ᠢ ᠲᠡᠭᠦᠯᠳᠡᠷᠵᠢᠭᠦᠯᠵᠦ᠂ ᠨᠡᠢᠭᠡᠮ᠎ᠦᠨ ᠢᠲᠡᠭᠡᠮᠵᠢ᠎ᠶᠢᠨ ᠰᠢᠰᠲᠧᠮ ᠪᠠ ᠬᠢᠨᠠᠨ ᠬᠠᠮᠢᠶᠠᠷᠬᠤ ᠳᠦᠷᠢᠮ᠎ᠢ ᠤᠯᠠᠮ ᠲᠡᠭᠦᠯᠳᠡᠷᠵᠢᠭᠦᠯᠦᠨ᠎ᠡ᠃

ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠦᠨ᠎ᠡ

ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠵᠦ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶᠢᠨ ᠬᠤᠪᠢᠰᠤᠯᠲᠠ᠂ ᠬᠥᠳᠡᠯᠭᠡᠬᠦ ᠬᠦᠴᠦᠨ᠎ᠦ ᠬᠤᠪᠢᠰᠤᠯᠲᠠ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠋᠎ᠢ ᠪᠤᠢ ᠪᠣᠯᠭᠠᠨ᠎ᠡ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠴᠢᠨᠠᠷ ᠰᠠᠢᠲᠠᠢ ᠬᠥᠭᠵᠢᠯᠲᠡ᠎ᠶᠢᠨ ᠣᠳᠣᠬᠢᠴᠢᠯᠠᠯᠲᠠ ᠮᠥᠨ᠂ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠳᠦ ᠡᠷᠬᠡᠪᠰᠢ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ ᠠᠬᠢᠭᠤᠯᠬᠤ ᠬᠡᠷᠡᠭᠲᠡᠢ᠃ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ᠎ᠶᠢ ᠲᠦᠷᠭᠡᠳᠬᠡᠨ ᠲᠡᠭᠦᠯᠳᠡᠷᠵᠢᠭᠦᠯᠵᠦ᠂ ᠦᠷ᠎ᠡ ᠪᠦᠲᠦᠮᠵᠢ᠎ᠶᠢᠨ ᠬᠤᠪᠢᠰᠤᠯᠲᠠ᠂ ᠬᠥᠳᠡᠯᠭᠡᠬᠦ ᠬᠦᠴᠦᠨ᠎ᠦ ᠬᠤᠪᠢᠰᠤᠯᠲᠠ᠎ᠪᠠᠷ ᠶᠠᠰᠤ ᠴᠢᠨᠠᠷ᠎ᠤᠨ ᠬᠤᠪᠢᠰᠤᠯᠲᠠ᠎ᠶᠢ ᠠᠬᠢᠭᠤᠯᠵᠤ᠂ ᠮᠠᠨ᠎ᠤ ᠤᠯᠤᠰ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠠᠢᠭᠤᠯᠤᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ;ᠢᠷᠡᠭᠡᠳᠦᠢ᠎ᠶᠢᠨ ᠠᠵᠤ ᠦᠢᠯᠡᠰ᠎ᠦᠨ ᠣᠷᠣᠭᠤᠯᠤᠯᠲᠠ᠎ᠶᠢ ᠨᠡᠮᠡᠭᠳᠡᠭᠦᠯᠬᠦ ᠲᠣᠭᠲᠠᠴᠠ᠎ᠶᠢ ᠪᠠᠢᠭᠤᠯᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠬᠰᠠᠨ ᠠᠵᠤ ᠦᠢᠯᠡᠰ᠎ᠦᠨ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ ᠪᠠ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠦᠨ ᠠᠬᠢᠭᠤᠯᠤᠨ᠎ᠠ᠃ ᠪᠣᠳᠠᠲᠤ ᠴᠣᠭᠴᠠ᠎ᠶᠢᠨ ᠠᠵᠤ ᠠᠬᠤᠢ ᠪᠠ ᠲᠣᠭᠠᠴᠢᠯᠠᠭᠰᠠᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠳᠦᠷᠢᠮ᠎ᠢ ᠪᠦᠷᠢᠨᠰᠢᠭᠦᠯᠵᠦ᠂ ᠴᠢᠬᠤᠯᠠ ᠶᠡᠬᠡ ᠠᠵᠤ ᠦᠢᠯᠡᠰ᠎ᠦᠨ ᠰᠠᠭᠤᠷᠢ ᠮᠥᠩᠭᠥᠨ᠎ᠦ ᠠᠵᠢᠯᠯᠠᠭᠠᠨ ᠪᠠ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠰᠢᠯᠢᠳᠡᠭᠵᠢᠭᠦᠯᠵᠦ᠂ ᠦᠢᠯᠡᠳᠬᠦ ᠦᠢᠯᠡᠰ᠎ᠦᠨ ᠵᠦᠢ ᠵᠣᠬᠢᠰᠲᠠᠢ ᠬᠤᠪᠢ᠎ᠶᠢᠨ ᠵᠢᠩ᠎ᠢ ᠪᠠᠳᠤᠯᠠᠵᠦ ᠣᠷᠣᠭᠤᠯᠤᠯᠲᠠ ᠬᠢᠬᠦ  ᠲᠣᠭᠲᠠᠴᠠ᠎ᠶᠢ ᠪᠠᠢᠭᠤᠯᠤᠨ᠎ᠠ; ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠪᠠᠢᠭᠤᠯᠤᠯ ᠲᠣᠭᠲᠠᠴᠠ᠎ᠶᠢ ᠲᠦᠷᠭᠡᠳᠬᠡᠨ  ᠪᠠᠢᠭᠤᠯᠵᠤ᠂ ᠲᠣᠭᠠᠴᠢᠯᠠᠭᠰᠠᠨ ᠠᠵᠤ ᠦᠶ᠋ᠯᠡᠰᠵᠢᠯᠲᠡ ᠪᠠ ᠠᠵᠤ ᠦᠢᠯᠡᠰ᠎ᠢ ᠲᠣᠭᠠᠴᠢᠯᠠᠬᠣ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂᠎ᠳ᠋ᠠᠢᠲ᠋ᠠ᠎ᠶᠢᠨ ᠠᠮᠤᠷ ᠲᠦᠪᠰᠢᠨ᠎ᠦ ᠵᠠᠰᠠᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ᠎ᠦ ᠦᠢᠯᠡᠰ᠎ᠦᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ ᠬᠥᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠦᠭᠦᠭᠡᠷᠦᠮᠵᠢ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠦᠨ᠎ᠡ; ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢ ᠠᠭᠤᠰᠤᠯᠴᠠᠭᠤᠯᠤᠨ ᠠᠰᠢᠭ᠍ᠯᠠᠬᠤ ᠲᠣᠭᠲᠠᠴᠠ ᠪᠠ ᠴᠢᠬᠤᠯᠠ ᠶᠡᠬᠡ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠵᠣᠬᠢᠴᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ᠎ᠦ ᠬᠡᠮᠵᠢᠶ᠎ᠡ ᠵᠢ ᠳᠡᠭᠡᠭᠰᠢᠯᠡᠭᠦᠯᠬᠦ ᠳᠦᠷᠢᠮ᠎ᠢ ᠪᠦᠷᠢᠨᠰᠢᠭᠦᠯᠦᠨ᠎ᠡ; ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠦᠷᠦᠴᠡᠨ ᠭᠠᠵᠠᠷ ᠪᠠ ᠵᠠᠩᠭᠢᠯᠠᠭ᠎ᠠ᠎ᠶᠢᠨ ᠠᠵᠤ ᠦᠢᠯᠡᠰ᠎ᠦᠨ ᠨᠦᠬᠡᠴᠡ ᠪᠡᠯᠡᠳᠬᠡᠯ᠎ᠢ ᠪᠠᠢᠭᠤᠯᠵᠤ᠂ ᠤᠯᠤᠰ᠎ᠤᠨ ᠨᠥᠭᠡᠴᠡᠯᠡᠯᠲᠡ᠎ᠶᠢᠨ ᠰᠢᠰᠲᠧᠮ᠎ᠢ ᠲᠦᠷᠭᠡᠳᠬᠡᠨ ᠲᠡᠭᠦᠯᠳᠡᠷᠵᠢᠭᠦᠯᠦᠨ᠎ᠡ; ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠬᠤ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ᠎ᠶᠢ ᠨᠢᠭᠡᠳᠦᠯᠲᠡᠢ ᠲᠥᠯᠥᠪᠯᠡᠬᠦ ᠪᠠ ᠵᠣᠯᠭᠠᠯᠳᠤᠭᠤᠯᠬᠤ ᠰᠢᠰᠲ᠋ᠸᠮ᠎ᠢ ᠲᠡᠬᠦᠯᠳᠡᠷᠵᠢᠬᠦᠯᠦᠨ᠎ᠡ᠃

ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠪᠦᠷᠢᠨᠰᠢᠬᠦᠯᠦᠨ᠎ᠠ

ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠎ᠢ ᠪᠠᠳᠠᠷᠠᠭᠤᠯᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠵᠤ ᠠᠬᠤᠢ᠎ᠶᠢᠨ ᠬᠠᠷᠠᠯᠲᠠ᠎ᠶᠢᠨ ᠤᠷᠤᠭᠰᠢᠲᠠᠢ ᠪᠡᠶᠡᠯᠡᠭᠳᠡᠬᠦ᠎ᠶᠢ ᠦᠨᠡᠨ ᠬᠦ᠌ ᠪᠠᠲᠤᠯᠠᠨ᠎ᠠ᠃ ᠬᠣᠷᠸ᠎ᠠ ᠲᠣᠬᠢᠷᠠᠭᠤᠯᠭ᠎ᠠ ᠡᠵᠡᠮᠳᠡᠯ ᠪᠣᠯ ᠨᠠᠮ ᠪᠠ ᠲᠦᠷᠦ᠎ᠶᠢᠨ ᠠᠵᠤ ᠠᠬᠤᠢ᠎ᠶᠢ ᠵᠠᠰᠠᠬᠤ ᠴᠢᠬᠤᠯᠠ ᠠᠷᠭ᠎ᠠ ᠮᠠᠶᠢᠭ᠋ ᠮᠥᠨ᠃ ᠵᠠᠰᠠᠭ᠎ᠤᠨ ᠣᠷᠳᠣᠨ᠎ᠤ ᠬᠠᠮᠢᠶᠠᠷᠤᠯᠲᠠ ᠪᠠ ᠦᠢᠯᠡᠴᠢᠯᠡᠭᠡᠨ᠎ᠦ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠰᠢᠨᠵᠢᠯᠡᠬᠦ ᠤᠬᠠᠭᠠᠨᠴᠢ ᠬᠣᠷᠸ᠎ᠠ ᠲᠣᠬᠢᠷᠠᠭᠤᠯᠭ᠎ᠠ ᠡᠵᠡᠮᠳᠡᠯ᠂ ᠪᠦᠲᠦᠮᠵᠢᠲᠡᠢ ᠵᠠᠰᠠᠭ᠎ᠤᠨ ᠣᠷᠳᠣᠨ᠎ᠤ ᠵᠠᠰᠠᠯᠲᠠ᠎ᠶᠢ ᠬᠡᠷᠡᠭᠵᠢᠭᠦᠯᠵᠦ᠂ ᠤᠯᠤᠰ᠎ᠤᠨ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠤᠯᠠᠮ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠎ᠶᠢᠨ ᠰᠢᠰᠲᠧᠮ ᠪᠠ ᠲᠦᠷᠦ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠡᠳ᠋᠎ᠦᠨ ᠵᠠᠰᠠᠭ ᠭᠠᠢᠯᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠯᠤᠰ᠎ᠤᠨ ᠥᠮᠴᠢᠯᠡᠯ᠎ᠦᠨ ᠬᠥᠷᠥᠩᠭᠡ᠎ᠶᠢᠨ ᠡᠵᠡᠩᠨᠡᠯᠲᠡ᠎ᠶᠢᠨ ᠲᠥᠰᠥᠪ ᠪᠠ ᠠᠮᠵᠢᠯᠲᠠ ᠪᠦᠲᠦᠮᠵᠢ᠎ᠶᠢ ᠦᠨᠡᠯᠡᠬᠦ ᠳᠦᠷᠢᠮ᠎ᠢ ᠲᠡᠭᠦᠯᠳᠡᠷᠵᠢᠭᠦᠯᠦᠨ᠎ᠡ; ᠴᠢᠨᠠᠷ ᠰᠠᠢᠲᠠᠢ ᠬᠥᠭᠵᠢᠯᠲᠡ᠂ ᠨᠡᠢᠭᠡᠮ᠎ᠦᠨ ᠲᠥᠪ ᠭᠣᠣᠯᠴᠢ᠂ ᠵᠠᠬ᠎ᠠ ᠳᠡᠯᠭᠡᠭᠦᠷ᠎ᠦᠨ ᠨᠢᠭᠡᠳᠦᠯ᠎ᠳᠦ ᠠᠰᠢᠭ᠍ᠲᠠᠢ ᠭᠠᠢᠯᠢ ᠲᠠᠲᠠᠪᠤᠷᠢ᠎ᠶᠢᠨ ᠳᠦᠷᠢᠮ᠎ᠢ ᠪᠦᠷᠢᠨᠰᠢᠭᠦᠯᠦᠨ᠎ᠡ; ᠡᠷᠬᠡ ᠬᠠᠷᠢᠭᠤᠴᠠᠯᠭ᠎ᠠ ᠲᠣᠳᠣᠷᠬᠠᠢ᠂ ᠡᠳ᠋᠎ᠦᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠲᠥᠪ ᠪᠠ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠬᠠᠷᠢᠴᠠᠭ᠎ᠠ᠎ᠶᠢ ᠪᠠᠢᠭᠤᠯᠵᠤ᠂ ᠲᠥᠪ᠎ᠦᠨ ᠠᠵᠢᠯ ᠶᠠᠪᠤᠳᠠᠯ᠎ᠤᠨ ᠡᠷᠬᠡ᠎ᠶᠢ ᠵᠣᠬᠢᠰᠲᠠᠢ᠎ᠪᠠᠷ ᠴᠢᠩᠭᠠᠳᠬᠠᠵᠤ᠂ ᠲᠥᠪ᠎ᠦᠨ ᠡᠳ᠋᠎ᠦᠨ ᠵᠠᠰᠠᠭ᠎ᠤᠨ ᠵᠠᠷᠤᠯᠭ᠎ᠠ᠎ᠶᠢᠨ ᠬᠠᠷᠢᠴᠠᠯ᠎ᠢ ᠳᠡᠭᠡᠭᠰᠢᠯᠡᠭᠦᠯᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠲᠥᠪ ᠪᠠᠩᠬᠢ᠎ᠶᠢᠨ ᠳᠦᠷᠢᠮ᠎ᠢ ᠲᠦᠷᠭᠡᠳᠬᠡᠨ ᠲᠡᠭᠦᠯᠳᠡᠷᠵᠢᠭᠦᠯᠵᠦ᠂ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠳᠠᠮᠵᠢᠭᠤᠯᠬᠤ ᠲᠣᠭᠲᠠᠴᠠ᠎ᠶᠢ ᠰᠠᠭᠠᠳ ᠦᠬᠡᠢ ᠨᠡᠪᠳᠡᠷᠡᠬᠦᠯᠦᠨ᠎ᠡ; ᠣᠯᠠᠨ ᠡᠰᠢᠲᠦ ᠰᠲ᠋ᠣᠺ᠎ᠤᠨ ᠡᠷᠬᠡ᠎ᠶᠢᠨ ᠪᠡᠯᠡ ᠲᠣᠬᠢᠷᠠᠭᠤᠯᠭ᠎ᠠ᠎ᠶᠢ ᠬᠥᠭᠵᠢᠭᠦᠯᠵᠦ᠂ ᠣᠯᠠᠨ ᠳᠡᠰ ᠳᠠᠪᠬᠤᠷᠭ᠎ᠠ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠢ ᠪᠦᠷᠢᠨᠰᠢᠭᠦᠯᠦᠨ᠎ᠡ; ᠲᠣᠮᠣ᠌ ᠬᠤᠪᠢ ᠣᠷᠣᠭᠤᠯᠤᠭ᠍ᠴᠢ᠂ ᠪᠣᠳᠠᠲᠠᠢ ᠡᠵᠡᠮᠳᠡᠬᠦ ᠬᠥᠮᠥᠨ᠎ᠦ ᠦᠢᠯᠡ ᠠᠵᠢᠯᠯᠠᠭ᠎ᠠ᠎ᠶᠢ ᠵᠢᠷᠤᠮᠵᠢᠭᠤᠯᠤᠨ ᠬᠢᠵᠠᠭᠠᠷᠯᠠᠬᠤ ᠲᠣᠭᠲᠠᠴᠠ ᠪᠠ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠠᠰᠢᠭ᠋ ᠬᠤᠪᠢᠶᠠᠬᠤ᠎ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ᠎ᠶᠢ ᠲᠡᠭᠦᠯᠳᠡᠷᠵᠢᠭᠦᠯᠤᠨ᠎ᠠ; ᠣᠷᠣᠬᠤ᠎ᠶᠢ ᠵᠥᠪᠰᠢᠶᠡᠷᠡᠬᠦ᠎ᠡᠴᠡ ᠡᠮᠦᠨᠡᠬᠢ ᠠᠷᠠᠳ ᠢᠷᠭᠡᠨ᠎ᠦ ᠎ᠬᠠᠷᠠᠭᠠᠯᠵᠠᠯ ᠳᠡᠭᠡᠷ᠎ᠡ ᠨᠠᠵᠠᠭᠠᠢ ᠲᠠᠯ᠎ᠠ᠎ᠶᠢᠨ ᠲᠣᠳᠣᠷᠬᠠᠢ ᠬᠠᠭᠤᠳᠠᠰᠤ᠎ᠶᠢ ᠨᠡᠮᠡᠬᠦ ᠬᠠᠮᠢᠶᠠᠷᠤᠯᠲᠠ᠎ᠶᠢᠨ ᠵᠠᠭᠪᠤᠷ᠎ᠢ ᠲᠡᠭᠦᠯᠳᠡᠷᠵᠢᠭᠦᠯᠵᠦ᠂ ᠬᠢᠯᠢ᠎ᠶᠢᠨ ᠭᠠᠳᠠᠨᠠᠬᠢ ᠬᠢᠷᠢ ᠲᠡᠩᠴᠡᠭᠰᠡᠨ ᠪᠡᠯᠡ ᠣᠷᠣᠭᠤᠯᠤᠭ᠍ᠴᠢᠳ᠎ᠤᠨ ᠳᠦᠷᠢᠮ᠎ᠢ ᠰᠢᠯᠢᠳᠡᠭᠵᠢᠭᠦᠯᠦᠨ᠎ᠡ᠃ ᠣᠷᠣᠨ ᠪᠦᠰᠡ᠎ᠵᠢ ᠵᠣᠬᠢᠴᠠᠩᠭᠤᠢ᠎ᠬᠦᠭᠵᠢᠬᠦᠯᠬᠦ ᠪᠠᠢᠯᠳᠤᠬᠤ ᠪᠣᠳᠣᠯᠭ᠎ᠠ᠎ᠶᠢᠨ ᠬᠡᠷᠡᠭᠵᠢᠬᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠂ ᠣᠷᠣᠨ ᠪᠦᠰᠡ᠎ᠶᠢᠨ ᠬᠥᠭᠵᠢᠯᠲᠡ᠎ᠶᠢᠨ ᠶᠡᠷᠦᠩᠬᠡᠢ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠳᠦᠷᠢᠮ ᠪᠠ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠦᠷᠢᠨᠰᠢᠭᠦᠯᠦᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ᠎ᠶᠢᠨ ᠬᠥᠭᠵᠢᠯᠲᠡ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠲᠣᠭᠲᠠᠴᠠ᠎ᠶᠢ ᠰᠢᠯᠢᠳᠡᠭᠵᠢᠭᠦᠯᠦᠨ᠎ᠡ; ᠪᠡᠶᠡᠴᠢ ᠴᠣᠭᠴᠠ᠎ᠶᠢᠨ ᠴᠢᠳᠠᠮᠵᠢᠲᠤ ᠣᠷᠣᠨ᠎ᠤ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠣᠷᠣᠨ ᠪᠦᠰᠡ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠂ ᠳᠠᠯᠠᠢ ᠲᠠᠩᠭᠢᠰ᠎ᠤᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ᠎ᠡ᠃

ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ᠎ᠡ

ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠬᠤᠳᠠ ᠬᠥᠳᠡᠭᠡ᠎ᠶᠢᠨ ᠬᠥᠭᠵᠢᠯᠲᠡ᠎ᠶᠢᠨ ᠵᠥᠷᠢᠶ᠎ᠡ᠎ᠶᠢ ᠪᠦᠲᠦᠮᠵᠢᠲᠡᠢ ᠪᠠᠭᠠᠰᠬᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠳᠤᠲᠠᠭᠤᠳᠠᠯ᠎ᠢ ᠨᠥᠬᠥᠪᠦᠷᠢᠯᠡᠨ᠎ᠡ᠃ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠬᠡᠯᠪᠡᠷᠢ᠎ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ᠎ᠶᠢᠨ ᠡᠯᠧᠮᠧᠨ᠋ᠲ᠎ᠦᠨ ᠡᠷᠬᠡ ᠲᠡᠭᠰᠢ᠎ᠪᠡᠷ ᠰᠣᠯᠢᠯᠴᠠᠬᠤ᠂ ᠬᠣᠣᠰ ᠴᠢᠭᠯᠡᠯ᠎ᠢᠶᠡᠷ ᠰᠢᠯᠵᠢᠬᠦ᠎ᠶᠢ ᠠᠬᠢᠭᠤᠯᠵᠤ᠂ ᠬᠤᠳᠠ ᠬᠥᠳᠡᠭᠡ᠎ᠶᠢᠨ ᠬᠠᠮᠲᠤ᠎ᠪᠠᠷ ᠴᠡᠴᠡᠭᠯᠡᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠵᠢ ᠠᠬᠢᠭᠤᠯᠬᠤ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ ᠠᠬᠢᠭᠤᠯᠵᠤ᠂ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ᠎ᠶᠢ ᠬᠤᠲᠠ᠎ᠶᠢᠨ ᠠᠷᠠᠳ ᠪᠣᠯᠭᠠᠬᠤ᠎ᠶᠢ ᠲᠦᠷᠭᠡᠳᠬᠡᠨ᠂ ᠬᠤᠲᠠ ᠎ᠳᠦ ᠡᠷᠦᠬᠡ ᠠᠮᠠ ᠣᠷᠣᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠵᠤ᠂ ᠠᠵᠤ ᠦᠢᠯᠡᠰ᠎ᠦᠨ ᠳᠡᠰ ᠳᠡᠪᠰᠢᠬᠦ᠂ ᠬᠥᠮᠥᠨ ᠠᠮᠠ᠎ᠶᠢᠨ ᠲᠥᠪᠯᠡᠷᠡᠯ᠂ ᠬᠤᠲᠠ ᠪᠠᠯᠭᠠᠰᠤᠨ᠎ᠤ ᠬᠥᠭᠵᠢᠯᠲᠡ᠎ᠶᠢᠨ ᠰᠠᠢᠨ ᠦᠢᠯᠡᠳᠦᠯᠴᠡᠯ᠎ᠦᠨ ᠲᠣᠭᠲᠠᠴᠠ᠎ᠶᠢ ᠲᠦᠷᠭᠡᠳᠬᠡᠨ ᠪᠠᠢᠭᠤᠯᠤᠨ᠎ᠠ; ᠬᠣᠲᠠ᠎ᠶᠢᠨ ᠲᠥᠯᠦᠪᠵᠢᠭᠦᠯᠭᠡ᠎ᠶᠢᠨ ᠰᠢᠰᠲᠧᠮ᠎ᠢ ᠪᠦᠷᠢᠨᠰᠢᠭᠦᠯᠵᠦ᠂ ᠬᠣᠲᠠ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠢ ᠲᠦᠷᠭᠡᠳᠬᠡᠨ ᠬᠤᠪᠢᠷᠠᠭᠤᠯᠤᠨ᠎ᠠ᠃ ᠬᠥᠳᠡᠭᠡ ᠲᠣᠰᠬᠣᠨ᠎ᠤ ᠦᠨᠳᠦᠰᠦᠨ ᠡᠵᠡᠩᠨᠡᠯᠲᠡ᠎ᠶᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠂ ᠬᠣᠶᠠᠳᠤᠭᠠᠷ ᠡᠭᠡᠯᠵᠢ᠎ᠶᠢᠨ ᠭᠠᠵᠠᠷ ᠰᠢᠷᠣᠢ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠲᠤᠯᠤᠭᠰᠠᠨ᠎ᠤ ᠲᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠲᠤᠷᠰᠢᠯᠲᠠ᠎ᠵᠢᠨ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠳᠠᠭᠠᠭᠠᠴᠢᠯᠠᠯᠲᠠ᠎ᠶᠢᠨ ᠭᠠᠵᠠᠷ᠎ᠰᠢᠷᠦᠢ ᠵᠢᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ᠎ᠶᠢ ᠰᠠᠯᠭᠠᠬᠤ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ; ᠲᠠᠷᠢᠶᠠᠯᠠᠩ᠎ᠤᠨ ᠡᠵᠡᠩᠨᠡᠯᠲᠡ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠦᠨ᠎ᠠ᠃ ᠲᠠᠷᠢᠶᠠᠯᠠᠩ᠎ᠢ ᠬᠦᠴᠦᠷᠬᠡᠭᠵᠢᠭᠦᠯᠬᠦ᠂ ᠲᠠᠷᠢᠶᠠᠴᠢᠳ᠎ᠲᠤ ᠠᠰᠢᠭ᠋ ᠬᠦᠷᠲᠡᠭᠡᠬᠦ᠂ ᠲᠠᠷᠢᠶᠠᠴᠢᠳ᠎ᠢ ᠪᠠᠶᠠᠵᠢᠭᠤᠯᠬᠤ᠎ᠶᠢ ᠳᠡᠮᠵᠢᠬᠦ ᠳᠦᠷᠢᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠂ ᠲᠠᠷᠢᠶᠠᠯᠠᠩ᠎ᠤᠨ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠰᠢᠯᠢᠳᠡᠭᠵᠢᠭᠦᠯᠵᠦ᠂ ᠣᠯᠠᠨ ᠲᠠᠰ ᠳᠠᠪᠬᠤᠷᠭ᠎ᠠ᠎ᠶᠢᠨ ᠲᠠᠷᠢᠶᠠᠯᠠᠩ᠎ᠤᠨ ᠳᠠᠭᠠᠳᠬᠠᠯ᠎ᠢ ᠬᠥᠭᠵᠢᠭᠦᠯᠦᠨ᠎ᠡ; ᠬᠥᠳᠡᠭᠡ ᠲᠣᠰᠬᠣᠨ᠎ᠤ ᠬᠥᠮᠥᠨ ᠠᠮᠠ᠎ᠶᠢ ᠬᠠᠮᠤᠷᠤᠭᠰᠠᠨ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠪᠠᠢᠩᠭᠤᠵᠢᠭ᠍ᠰᠠᠨ ᠲᠣᠭᠲᠠᠴᠠ᠎ᠶᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠯᠳᠠ ᠪᠠᠭᠣᠷᠠᠢ ᠭᠠᠵᠠᠷ ᠣᠷᠣᠨ᠎ᠤ ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ᠎ᠢ ᠪᠠᠢᠭᠤᠯᠤᠨ᠎ᠠ; ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ᠋ ᠣᠷᠣᠯᠭ᠎ᠠ᠎ᠶᠢ ᠪᠠᠲᠤᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠢᠨ ᠭᠠᠷᠣᠯᠳᠠ ᠵᠢᠨ ᠣᠷᠣᠨ  ᠪᠣᠷᠣᠯᠠᠭᠣᠯᠭ᠎ᠠ ᠵᠢᠨ ᠣᠷᠣᠨ᠎ᠦ ᠮᠣᠵᠢ ᠵᠢᠨ  ᠬᠣᠭᠣᠷᠣᠨᠳᠣᠬᠢ ᠬᠥᠨᠳᠡᠯᠡᠨ ᠴᠢᠭᠯᠡᠯ ᠎ᠦᠨ ᠠᠰᠢᠬ ᠲᠣᠰᠠ ᠵᠢᠨ ᠨᠥᠬᠥᠪᠦᠷᠢ᠎ᠶᠢᠨ ᠲᠣᠭᠲᠠᠴᠠ᠎ᠶᠢ ᠨᠢᠭᠡᠳᠦᠯᠲᠡᠢ ᠲᠥᠯᠥᠪᠯᠡᠨ ᠪᠠᠢᠭᠤᠯᠤᠨ᠎ᠠ᠃ ᠭᠠᠵᠠᠷ ᠰᠢᠷᠣᠢ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠲᠡᠢ ᠪᠠᠢᠯᠭᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠬᠤ᠂ ᠰᠢᠯᠭᠠᠨ ᠠᠪᠬᠤ᠂ ᠬᠠᠮᠢᠶᠠᠷᠣᠨ ᠬᠠᠮᠠᠭᠠᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ; ᠲᠠᠷᠢᠶᠠᠴᠢᠨ ᠡᠷᠦᠬᠡ᠎ᠶᠢᠨ ᠬᠠᠤᠯᠢ ᠶᠣᠰᠣᠭᠠᠷ ᠡᠵᠡᠮᠰᠢᠵᠦ ᠪᠠᠢᠭ᠎ᠠ ᠣᠷᠣᠨ ᠰᠠᠭᠤᠴᠠ᠎ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠠᠮᠢᠳᠤᠯᠢᠭ ᠪᠤᠯᠭᠠᠨ ᠠᠰᠢᠭ᠍ᠯᠠᠬᠤ᠎ᠶᠢ ᠵᠥᠪᠰᠢᠶᠡᠷᠡᠨ᠎ᠡ; ᠬᠥᠳᠡᠭᠡ ᠲᠣᠰᠬᠣᠨ᠎ᠤ ᠬᠠᠮᠲᠤ᠎ᠶᠢᠨ ᠡᠵᠡᠩᠨᠡᠯᠲᠡ᠎ᠶᠢᠨ ᠴᠢᠨᠠᠷᠲᠠᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠦ ᠣᠷᠣᠭᠤᠯᠬᠤ ᠥᠭᠡᠷᠡᠴᠢᠯᠡᠯᠲᠡ᠎ᠶᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠭᠠᠵᠠᠷ ᠰᠢᠷᠣᠢ᠎ᠶᠢᠨ ᠦᠷᠳᠡᠭ ᠨᠡᠮᠡᠭᠳᠡᠭᠰᠡᠨ ᠠᠰᠢᠭ᠋ ᠣᠷᠣᠯᠭ᠎ᠠ᠎ᠶᠢ ᠬᠤᠪᠢᠶᠠᠷᠢᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ; ᠬᠣᠷᠸ᠎ᠠ ᠲᠦᠷᠦ᠎ᠶᠢᠨ ᠪᠣᠳᠣᠯᠭ᠎ᠠ ᠪᠠ ᠣᠷᠣᠨ ᠪᠦᠰᠡ᠎ᠶᠢᠨ ᠬᠥᠭᠵᠢᠯᠲᠡ ᠯᠦ᠍ᠭᠡ ᠥᠨᠳᠥᠷ ᠪᠦᠲᠦᠮᠵᠢᠲᠡᠢ᠎ᠪᠡᠷ ᠵᠣᠯᠭᠠᠯᠳᠤᠭᠤᠯᠣᠬᠰᠠᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠳᠦᠷᠢᠮ᠎ᠢ ᠪᠦᠷᠢᠨᠰᠢᠭᠦᠯᠦᠨ᠎ᠠ᠃

ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ᠎ᠡ

ᠥᠨᠳᠥᠷ ᠲᠦᠪᠰᠢᠨ᠎ᠪᠦᠬᠦᠢ ᠭᠠᠳᠠᠭᠠᠳᠤ ᠨᠡᠭᠡᠭᠡᠯᠲᠡ᠎ᠶᠢᠨ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠪᠦᠬᠦ ᠲᠠᠯ᠎ᠠ᠎ᠪᠠᠷ ᠭᠠᠳᠠᠭᠠᠳᠤ ᠨᠡᠭᠡᠭᠡᠯᠲᠡ ᠬᠢᠬᠦ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠨ᠎ᠡ᠃ ᠨᠡᠭᠡᠭᠡᠯᠲᠡ ᠬᠢᠬᠦ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠡ ᠲᠣᠳᠣ᠌ ᠲᠡᠮᠳᠡᠭ ᠮᠥᠨ᠃ ᠡᠷᠭᠡᠪᠰᠢ ᠭᠠᠳᠠᠭ᠍ᠰᠢ ᠨᠡᠭᠡᠭᠡᠯᠲᠡ ᠬᠢᠬᠦ ᠤᠯᠤᠰ᠎ᠤᠨ ᠦᠨᠳᠦᠰᠦᠨ ᠪᠣᠳᠣᠯᠭ᠎ᠠ᠎ᠶᠢ ᠪᠠᠷᠢᠮᠲᠠᠯᠠᠵᠤ᠂ ᠨᠡᠭᠡᠭᠡᠯᠲᠡ᠎ᠪᠡᠷ ᠥᠭᠡᠷᠡᠴᠢᠯᠡᠯᠲᠡ᠎ᠶᠢ ᠠᠬᠢᠭᠤᠯᠬᠤ᠎ᠶᠢ ᠪᠠᠷᠢᠮᠲᠠᠯᠠᠵᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ᠎ᠶᠢᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ ᠪᠠᠶ᠋ᠢᠭᠤᠯᠬᠤ ᠬᠡᠷᠡᠭᠲᠡᠢ᠃ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠯᠠᠪᠳᠠᠭᠤᠨ᠎ᠢᠶᠠᠷ ᠥᠷᠭᠡᠳᠬᠡᠵᠦ᠂ ᠮᠠᠨ᠎ᠤ ᠤᠯᠤᠰ᠎ᠤᠨ ᠭᠠᠳᠠᠭ᠍ᠰᠢ ᠨᠡᠭᠡᠭᠡᠯᠲᠡ ᠬᠢᠬᠦ ᠎ᠶᠢ ᠡᠮᠬᠢ ᠵᠢᠷᠤᠮ᠎ᠲᠠᠢ ᠥᠷᠭᠡᠳᠬᠡᠵᠦ᠂ ᠬᠦᠭᠵᠢᠯᠳᠡ ᠪᠡᠷ ᠬᠠᠮᠤᠭ᠎ᠦᠨ ᠲᠣᠷᠣᠢ ᠤᠯᠤᠰ᠎ᠲᠦ ᠭᠠᠭᠴᠠ ᠲᠠᠯ᠎ᠠ᠎ᠡᠴᠡ ᠨᠡᠭᠡᠭᠡᠯᠲᠡ ᠬᠢᠬᠦ᠎ᠶᠢ ᠥᠷᠭᠡᠳᠬᠡᠨ᠎ᠡ; ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯᠯᠠᠭᠤᠯᠤᠬᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠦᠨ ᠥᠭᠡᠷᠡᠴᠢᠯᠡᠯᠲᠡ᠎ᠳᠦ ᠢᠳᠡᠪᠬᠢᠲᠡᠢ ᠣᠷᠣᠯᠴᠠᠨ᠎ᠠ; ᠪᠦᠬᠦ ᠪᠥᠮᠪᠥᠷᠴᠡᠭ᠎ᠲᠦ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ᠎ᠤ ᠣᠷᠣᠨ᠎ᠤ ᠲᠣᠣᠷ᠎ᠢ ᠥᠷᠭᠡᠳᠬᠡᠵᠦ᠂ ᠤᠯᠠᠨ ᠤᠯᠤᠰ᠎ᠤᠨ ᠨᠡᠢᠳᠡᠮ ᠬᠡᠷᠡᠭᠯᠡᠵᠦ ᠪᠠᠢᠭ᠎ᠠ ᠲᠦᠷᠢᠮ ᠯᠤᠭᠡ ᠵᠣᠯᠭᠠᠯᠳᠤᠭᠤᠯᠤᠬᠰᠠᠨ ᠲᠣᠭᠲᠠᠭᠠᠯ᠎ᠳᠤ ᠨᠡᠢᠴᠡᠬᠦᠯᠬᠦ ᠲᠣᠭᠲᠠᠴᠠ᠎ᠶᠢ ᠪᠠᠢᠭᠤᠯᠤᠨ᠎ᠠ᠃ ᠭᠠᠳᠠᠭᠠᠳᠤ ᠠᠷᠠᠯᠵᠢᠶᠠᠨ᠎ᠤ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠷᠠᠯᠵᠢᠶᠠᠨ᠎ᠤ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠲᠣᠭᠲᠠᠴᠠ᠎ᠶᠢ ᠪᠦᠷᠢᠨᠰᠢᠭᠦᠯᠵᠦ᠂ ᠭᠠᠳᠠᠭᠠᠳᠤ ᠭᠠᠷᠭᠠᠯᠲᠠ᠎ᠶᠢᠨ ᠵᠠᠬᠢᠷᠣᠨ ᠬᠠᠮᠢᠶᠠᠷᠬᠣ᠎ᠰᠢᠰᠲᠧᠮ ᠪᠠ ᠠᠷᠠᠯᠵᠢᠶ᠎ᠡ ᠵᠢ ᠲᠣᠰᠠᠯᠠᠨ ᠲᠡᠳᠬᠦᠬᠦ ᠳᠦᠷᠢᠮ᠎ᠢ ᠲᠡᠭᠦᠯᠳᠡᠷᠵᠢᠭᠦᠯᠦᠨ᠎ᠡ; ᠬᠢᠯᠢ ᠠᠯᠤᠰᠯᠠᠭᠰᠠᠨ ᠦᠢᠯᠡᠴᠢᠯᠡᠭᠡᠨ᠎ᠦ ᠠᠷᠠᠯᠵᠢᠶ᠎ᠠ᠎ᠶᠢᠨ ᠬᠣᠷᠢᠭ᠎ᠠ ᠴᠠᠭᠠᠵᠠ᠎ᠲᠠᠢ ᠵᠦᠢᠯᠡᠰ᠎ᠦᠨ ᠨᠠᠷᠢᠨ ᠬᠠᠭᠤᠳᠠᠰᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠦᠢᠯᠡᠴᠢᠯᠡᠭᠡᠨ᠎ᠦ ᠦᠢᠯᠡᠰ᠎ᠦᠨ ᠨᠡᠭᠡᠭᠡᠯᠲᠡ᠎ᠪᠡᠨ ᠥᠷᠭᠡᠳᠬᠡᠬᠦ ᠶᠡᠷᠦᠩᠬᠡᠢᠯᠡᠭᠰᠡᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ᠎ᠶᠢ ᠠᠬᠢᠭᠤᠯᠤᠨ᠂ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠰᠢᠰᠲᠧᠮ᠎ᠢ ᠪᠠᠢᠭᠤᠯᠤᠨ ᠪᠦᠷᠢᠨᠰᠢᠭᠦᠯᠦᠨ᠎ᠡ᠃ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠬᠤ ᠪᠠ ᠭᠠᠳᠠᠭᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ; ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢ ᠠᠬᠢᠭᠤᠯᠬᠤ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠭᠠᠳᠠᠭᠠᠳᠤ᠎ᠳᠤ ᠪᠡᠯᠡ ᠣᠷᠣᠭᠤᠯᠬᠤ᠎ᠶᠢ ᠠᠬᠢᠭᠤᠯᠬᠤ ᠪᠠ ᠪᠠᠲᠤᠯᠠᠬᠤ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ᠂ ᠭᠠᠳᠠᠭᠠᠳᠤ᠎ᠳᠤ ᠪᠡᠯᠡ ᠣᠷᠣᠭᠤᠯᠬᠤ ᠬᠠᠮᠢᠶᠠᠷᠣᠯᠳᠠ  ᠦᠢᠯᠡᠴᠢᠯᠡᠭᠡᠨ᠎ᠦ ᠰᠢᠰᠲᠧᠮ᠎ᠢ ᠪᠦᠷᠢᠨᠰᠢᠬᠦᠯᠦᠨ᠎ᠠ᠃ ᠣᠷᠣᠨ ᠪᠦᠰᠡ᠎ᠶᠢᠨ ᠨᠡᠭᠡᠭᠡᠯᠲᠡ᠎ᠶᠢᠨ ᠪᠠᠢᠷᠢᠯᠠᠭᠣᠯᠣᠯᠳᠠ ᠵᠢ ᠰᠢᠯᠢᠳᠡᠭᠵᠢᠭᠦᠯᠵᠦ᠂ ᠵᠡᠭᠦᠨ ᠬᠡᠰᠡᠭ᠎ᠦᠨ ᠲᠠᠯᠠᠢ ᠳᠠᠭᠠᠤ ᠣᠷᠣᠨ᠎ᠤ ᠨᠡᠭᠡᠭᠡᠯᠲᠡ᠎ᠶᠢᠨ ᠬᠣᠰᠢᠭᠤᠴᠢ ᠪᠣᠯᠬᠤ ᠪᠠᠢᠷᠢ ᠰᠠᠭᠤᠷᠢ᠎ᠶᠢ ᠪᠡᠬᠢᠵᠢᠭᠦᠯᠦᠨ᠂ ᠳᠤᠮᠳᠠ ᠬᠡᠰᠡᠭ ᠪᠠᠷᠠᠭᠤᠨ ᠬᠡᠰᠡᠭ᠎ᠦᠨ ᠭᠠᠵᠠᠷ ᠣᠷᠣᠨ ᠪᠠ ᠵᠡᠭᠦᠨ ᠬᠣᠢᠲᠤ ᠣᠷᠣᠨ᠎ᠤ ᠨᠡᠭᠡᠭᠡᠯᠲᠡ᠎ᠶᠢᠨ ᠲᠦᠪᠰᠢᠨ᠎ᠢ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ᠎ᠦ ᠤᠯᠤᠰ᠎ᠤᠨ ᠭᠠᠳᠠᠭ᠍ᠰᠢ ᠨᠡᠭᠡᠭᠡᠯᠲᠡ ᠬᠢᠬᠦ ᠳᠤᠮᠳᠠᠬᠢ ᠦᠢᠯᠡᠳᠦᠯ᠎ᠢᠶᠡᠨ ᠨᠡᠩ ᠰᠠᠢᠨ ᠪᠠᠳᠠᠷᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠦ ᠠᠵᠤ ᠠᠬᠤᠢ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠬᠤ ᠳᠦᠷᠢᠮ ᠪᠠ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠪᠠᠷ ᠬᠠᠮᠲᠤ᠎ᠪᠠᠷ ᠪᠦᠲᠦᠭᠡᠨ ᠪᠠᠶ᠋ᠢᠭᠤᠯᠬᠤ᠎ᠶᠢ ᠠᠬᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠪᠤᠬᠢᠷᠳᠤᠯ ᠦᠬᠡᠢ  ᠬᠥᠭᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ᠎ᠳᠡᠬᠢ ᠣᠯᠠᠨ ᠲᠠᠯᠠᠲᠤ ᠬᠠᠮᠲᠤᠷᠠᠯᠴᠠᠭᠠᠨ᠎ᠤ ᠲᠠᠪᠴᠠᠩ᠎ᠤᠨ ᠪᠠᠢᠭᠤᠯᠤᠯᠲᠠ᠎ᠶᠢ ᠴᠢᠩᠭᠠᠳᠬᠠᠨ᠎ᠠ; ᠬᠠᠭᠤᠷᠠᠢ ᠲᠠᠯᠠᠢ ᠠᠭᠠᠷ᠎ᠦᠨ ᠲᠣᠣᠷ᠎ᠢ ᠨᠢᠭᠡ ᠴᠣᠭᠴᠠᠵᠢᠭᠤᠯᠤᠨ ᠪᠠᠢᠷᠢᠯᠠᠭᠤᠯᠬᠤ ᠵᠢ ᠲᠡᠬᠦᠯᠳᠡᠷᠵᠢᠬᠦᠯᠵᠦ 《ᠨᠢᠭᠡ ᠪᠦᠰᠡ ᠨᠢᠭᠡ ᠵᠠᠮ》᠎ᠤᠨ ᠪᠣᠰᠣᠭ᠎ᠠ ᠴᠣᠭᠴᠠᠲᠤ ᠬᠣᠯᠪᠣᠯᠳᠤᠨ ᠨᠡᠪᠲᠡᠷᠡᠯᠴᠡᠬᠦ ᠲᠣᠣᠷ᠎ᠢ ᠪᠠᠢᠭᠤᠯᠤᠨ᠎ᠠ; ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ ᠪᠠ 《ᠪᠠᠭ᠎ᠠ ᠠᠳᠠᠯ᠎ᠠ ᠰᠠᠢᠬᠠᠨ》 ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃

(ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠠᠵᠤ ᠠᠬᠤᠢ᠎ᠶᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠫᠷᠤᠹᠸᠰᠰᠤᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号