8 ᠰᠠᠷ᠎ᠠ ᠵᠢᠨ 23 ᠤ᠋ ᠡᠳᠦᠷ᠂ ᠠᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠮᠦᠽᠧᠢ ᠵᠢᠴᠢ ᠬᠠᠮᠢᠶ᠎ᠠ ᠪᠦᠬᠦᠢ ᠦᠢᠯᠡᠳᠬᠦᠨ ᠬᠢᠭᠡᠳ ᠮᠡᠷᠭᠡᠵᠢᠯ ᠤ᠋ᠨ ᠦᠵᠡᠰᠬᠦᠯᠡᠩ ᠤ᠋ᠨ ᠴᠤᠭᠯᠠᠭᠠᠨ ᠬᠥᠬᠡᠬᠣᠲᠠ ᠵᠢᠨ ᠴᠡᠯᠡᠭᠡᠷ ᠲᠠᠯ᠎ᠠ ᠣᠯᠠᠨ ᠤᠯᠤᠰ ᠤ᠋ᠨ ᠦᠵᠡᠰᠬᠦᠯᠡᠩ ᠤ᠋ᠨ ᠲᠥᠪ ᠲᠦ᠍ ᠡᠬᠢᠯᠡᠪᠡ᠃ 《ᠮᠦᠽᠧᠢ ᠵᠢᠨ ᠴᠢᠨᠠᠷ ᠰᠠᠢᠲᠠᠢ ᠬᠥᠭᠵᠢᠯᠲᠡ᠄ ᠰᠤᠷᠭᠠᠨ ᠬᠦᠮᠦᠵᠢᠯ ᠪᠠ ᠰᠤᠳᠤᠯᠭᠠᠨ ᠢ᠋ ᠵᠡᠷᠭᠡ ᠪᠡᠷ ᠴᠢᠬᠤᠯᠠᠴᠢᠯᠠᠵᠦ ᠲᠤᠭᠠᠴᠢᠯᠠᠬᠰᠠᠨ ᠪᠠ ᠪᠣᠳᠠᠳᠠᠢ ᠵᠢ ᠠᠭᠤᠰᠤᠯᠴᠠᠭᠤᠯᠬᠤ》 ᠪᠡᠷ ᠭᠤᠤᠯ ᠰᠡᠲᠦᠪ ᠪᠤᠯᠭᠠᠭᠰᠠᠨ ᠲᠤᠰ ᠤᠳᠠᠭᠠᠨ ᠤ᠋ ᠦᠵᠡᠰᠬᠦᠯᠡᠩ ᠳ᠋ᠤ 422 ᠮᠦᠽᠧᠢ ᠪᠤᠯᠤᠨ 155 ᠠᠵᠤ ᠠᠬᠤᠢᠯᠠᠯ ᠤᠷᠤᠯᠴᠠᠨ᠂ ᠦᠵᠡᠰᠭᠦᠯᠡᠩ ᠤ᠋ᠨ ᠶᠡᠷᠦᠩᠬᠡᠢ ᠲᠠᠯᠠᠪᠠᠢ ᠨᠢ 5 ᠲᠦᠮᠡᠨ ᠲᠡᠭ᠌ᠰᠢ ᠳᠥᠷᠪᠡᠯᠵᠢᠨ ᠮᠸᠲᠷ ᠢ᠋ ᠳᠠᠪᠠᠵᠦ᠂ ᠪᠦᠬᠦ ᠤᠯᠤᠰ ᠤ᠋ᠨ ᠮᠦᠽᠧᠢ ᠵᠢᠨ ᠬᠦᠭᠵᠢᠯᠳᠡ ᠵᠢᠨ ᠦᠷ᠎ᠠ ᠪᠦᠳᠦᠭᠡᠯ ᠤ᠋ᠨ ᠦᠵᠡᠬᠦᠯᠬᠡ ᠵᠢᠨ ᠲᠤᠭᠤᠷᠢᠭ᠂ ᠪᠦᠬᠦ ᠤᠯᠤᠰ ᠤ᠋ᠨ ᠰᠤᠶᠤᠯ ᠤ᠋ᠨ ᠤᠷᠳᠤᠨ ᠮᠦᠽᠧᠢ ᠵᠢᠨ ᠠᠵᠤ ᠠᠬᠤᠢᠯᠠᠯ ᠤ᠋ᠨ ᠬᠦᠭᠵᠢᠯᠳᠡ ᠵᠢᠨ ᠦᠷ᠎ᠠ ᠪᠦᠳᠦᠭᠡᠯ ᠤ᠋ᠨ ᠦᠵᠡᠬᠦᠯᠬᠡ ᠵᠢᠨ ᠲᠤᠭᠤᠷᠢᠭ᠂ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ·ᠬᠦᠬᠡᠬᠤᠳᠠ ᠵᠢᠨ ᠰᠤᠶᠤᠯ ᠤ᠋ᠨ ᠤᠷᠳᠤᠨ ᠮᠦᠽᠧᠢ ᠵᠢᠨ ᠠᠵᠢᠯ ᠦᠢᠯᠡᠰ ᠤ᠋ᠨ ᠶᠡᠷᠦᠩᠬᠡᠢᠯᠡᠭᠰᠡᠨ ᠦᠵᠡᠬᠦᠯᠬᠡ ᠵᠢᠨ ᠲᠤᠭᠤᠷᠢᠭ᠂ ᠮᠦᠽᠧᠢ ᠵᠢᠨ ᠲᠤᠭᠠᠴᠢᠯᠠᠯᠳᠠ ᠤᠶᠤᠨᠴᠢᠯᠠᠯᠳᠠ ᠵᠢᠨ ᠲᠤᠰᠬᠠᠢ ᠰᠡᠳᠦᠪᠳᠦ ᠦᠵᠡᠬᠦᠯᠬᠡ ᠵᠢᠨ ᠲᠤᠭᠤᠷᠢᠭ᠂ ᠰᠤᠶᠤᠯ ᠤ᠋ᠨ ᠡᠬᠦᠳᠦᠯᠳᠡ ᠵᠢᠨ ᠪᠦᠳᠦᠭᠡᠭᠳᠡᠬᠦᠨ ᠵᠢᠴᠢ ᠰᠡᠯᠡᠬᠦᠴᠡᠯ ᠤ᠋ᠨ ᠲᠤᠭᠤᠷᠢᠭ ᠬᠡᠬᠦ 5 ᠦᠵᠡᠭᠦᠯᠭᠡ ᠵᠢᠨ ᠲᠤᠭᠤᠷᠢᠭ ᠬᠤᠪᠢᠶᠠᠵᠠᠢ᠃
ᠲᠣᠰ ᠬᠤᠭᠤᠴᠠᠭᠠᠨ ᠤ᠋ ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ ᠪᠣᠯ ᠦᠨᠳᠦᠰᠦᠲᠡᠨ ᠤ᠋ ᠭᠠᠵᠠᠷ ᠣᠷᠣᠨ ᠳ᠋ᠤ ᠶᠠᠪᠤᠭᠳᠠᠭᠰᠠᠨ ᠨᠢᠭᠡ ᠤᠳᠠᠭ᠎ᠠ ᠵᠢᠨ ᠰᠣᠶᠣᠯ ᠤ᠋ᠨ ᠦᠪᠡᠳᠡᠭ᠌ᠰᠢ ᠳᠠᠢᠯᠠᠯᠭ᠎ᠠ ᠪᠤᠯᠤᠨ᠎ᠠ᠃ ᠦᠵᠡᠰᠭᠦᠯᠡᠩ ᠤ᠋ᠨ ᠬᠤᠭᠤᠴᠠᠭᠠᠨ ᠳ᠋ᠤ ᠬᠥᠬᠡᠬᠣᠲᠠ ᠶ᠋ᠢᠨ ᠠᠷᠠᠳ ᠲᠦᠮᠡᠨ ᠪᠤᠯᠤᠨ ᠵᠣᠨ ᠤ᠋ ᠠᠮᠠᠷᠠᠯᠲᠠ ᠪᠡᠷ ᠬᠦᠬᠡᠬᠤᠳᠠ ᠳ᠋ᠤ ᠢᠷᠡᠵᠤ ᠵᠢᠭᠤᠯᠴᠢᠯᠠᠵᠤ ᠪᠠᠢᠭ᠎ᠠ ᠬᠦᠮᠤᠰ ᠲᠸ᠋ ᠣᠯᠠᠨ ᠶᠠᠩᠵᠤᠶ᠋ᠢᠨ ᠰᠣᠶᠣᠯ ᠪᠠ ᠮᠦᠽᠧᠶ ᠶ᠋ᠢᠨ ᠪᠡᠶᠡᠴᠢᠯᠡᠭᠰᠡᠨ ᠣᠢᠯᠠᠭᠠᠯᠲᠠ ᠬᠠᠩᠭᠠᠭᠰᠠᠨ ᠪᠦᠭᠡᠳ ᠳᠤᠮᠳᠠᠳᠤ ᠤᠯᠤᠰ ᠤ᠋ᠨ ᠮᠦᠽᠧᠶ ᠶ᠋ᠢᠨ ᠠᠵᠢᠯ ᠲᠥᠷᠥᠯ ᠤ᠋ᠨ ᠨᠡᠭᠡᠭᠡᠯᠲᠡᠲᠦ ᠪᠠᠢᠳᠠᠯ᠂ ᠱᠢᠨ᠎ᠡ ᠶ᠋ᠢ ᠡᠭᠦᠳᠬᠦ᠌ ᠴᠢᠳᠠᠪᠤᠷᠢ ᠪᠠ ᠬᠥᠭ᠌ᠵᠢᠯᠲᠡ ᠶ᠋ᠢᠨ ᠠᠮᠢᠵᠢᠷᠠᠯ ᠤ᠋ᠨ ᠬᠦᠴᠦᠨ ᠢ᠋ ᠭᠦᠶ᠋ᠴᠡᠳ ᠢᠯᠡᠷᠡᠭᠦᠯᠵᠦ᠍᠂ ᠮᠦᠽᠧᠶ ᠶ᠋ᠢᠨ ᠠᠵᠢᠯᠳᠠᠳ ᠲᠦ᠍ ᠠᠭᠤᠯᠭ᠎ᠠ ᠪᠠᠶᠠᠯᠢᠭ᠂ ᠰᠣᠯᠢᠯᠴᠠᠭ᠎ᠠ ᠭᠦᠨᠵᠡᠭᠡᠶ᠂ ᠨᠥᠯᠥᠭᠡ ᠥᠷᠭᠡᠨ ᠲᠤᠰᠭᠠᠶ ᠮᠡᠷᠭᠡᠵᠢᠯ ᠤ᠋ᠨ ᠲᠠᠪᠴᠠᠩ ᠬᠠᠡᠭᠭᠠᠪᠠ᠃ ᠵᠣᠬᠢᠶᠠᠨ ᠪᠠᠢᠭᠤᠯᠬᠤ ᠺᠣᠮᠢᠰ ᠡᠴᠡ ᠪᠥᠬᠥ᠌ ᠤᠯᠤᠰ ᠤ᠋ᠨ ᠬᠠᠮᠤᠭ ᠤ᠋ᠨ ᠬᠠᠯᠠᠮᠰᠢᠯ ᠮᠦᠽᠧᠶ ᠶ᠋ᠢᠨ ᠴᠢᠨᠠᠷ ᠰᠠᠢᠲᠠᠶ ᠲᠣᠭᠠᠴᠢᠯᠠᠭ᠍ᠰᠠᠨ ᠦᠵᠡᠭᠦᠯᠭᠡ ᠪᠠ ᠣᠶᠤᠨᠴᠢᠯᠠᠭ᠍ᠰᠠᠨ ᠪᠠᠢᠭᠤᠯᠤᠯᠲᠠ ᠶ᠋ᠢᠨ ᠵᠢᠱ᠌ᠢᠶ᠎ᠡ ᠶ᠋ᠢ ᠱᠢᠯᠢᠨ ᠰᠣᠩᠭᠣᠵᠤ᠂ ᠲᠤᠰᠭᠠᠶ ᠰᠡᠳᠦᠪᠲᠦ ᠦᠵᠡᠭᠦᠯᠭᠡ ᠭᠠᠷᠭᠠᠵᠠᠢ᠃ ᠡᠭᠦᠨ ᠳ᠋ᠤ ᠨᠠᠨᠵᠢᠩ ᠤ᠋ᠨ ᠮᠦᠽᠧᠶ ᠶ᠋ᠢᠨ 《ᠲᠣᠭᠠᠴᠢᠯᠠᠭ᠍ᠰᠠᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤ᠎ᠠ ᠰᠠᠢᠬᠠᠨ》᠂ ᠳ᠋ᠦᠨᠬᠤᠸᠠᠩ ᠤ᠋ᠨ ᠮᠦᠽᠧᠶ ᠶ᠋ᠢᠨ 《ᠲᠣᠭᠠᠴᠢᠯᠠᠭ᠍ᠰᠠᠨ ᠳ᠋ᠦᠨᠬᠤᠸᠠᠩ》᠂ ᠰᠠᠨ ᠱᠢᠩ ᠳ᠋ᠦᠶ ᠮᠦᠽᠧᠶ ᠶ᠋ᠢᠨ 《ᠰᠠᠨ ᠰᠢᠡᠭ ᠳ᠋ᠦᠢ ᠵᠢᠨ ᠬᠠᠢᠯᠳᠠ — ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠯᠳᠠ ᠵᠢᠨ ᠲᠠᠯᠠᠪᠠᠶ》 VR ᠦᠵᠡᠬᠦᠯᠬᠡ᠂ ᠶᠠᠩᠵᠸᠦ᠍ ᠶ᠋ᠢᠨ ᠳᠤᠮᠳᠠᠳᠤ ᠤᠯᠤᠰ ᠤ᠋ᠨ ᠶᠡᠬᠡ ᠲᠠᠲᠠᠮᠠᠯ ᠭᠤᠤᠯ ᠤ᠋ᠨ ᠮᠦᠽᠧᠶ ᠶ᠋ᠢᠨ 《ᠲᠠᠲᠠᠮᠠᠯ ᠭᠤᠤᠯ ᠤ᠋ᠨ ᠣᠩᠭᠣᠴᠠᠨ ᠰᠡᠯᠢᠭᠦᠷ》 ᠤ᠋ᠨ ᠲᠤᠭᠠᠴᠢᠯᠠᠯᠳᠠ ᠤᠶᠤᠨᠴᠢᠯᠠᠯᠳᠠ ᠵᠢᠨ ᠦᠵᠡᠬᠦᠯᠭᠡ᠂ ᠵᠸᠵᠢᠶᠠᠡᠭ ᠮᠤᠵᠢ ᠵᠢᠨ ᠮᠦᠽᠸᠢ ᠵᠢᠨ 《ᠰᠦᠯᠵᠢᠶᠡᠨ ᠳ᠋ᠡᠬᠢ ᠵᠸᠵᠢᠶᠠᠡᠭ》 ᠵᠡᠷᠭᠡ ᠪᠤᠢ᠃
ᠮᠦᠽᠧᠢ ᠨᠢ ᠰᠤᠷᠭᠠᠨ ᠬᠥᠮᠦᠵᠢᠯ ᠤ᠋ᠨ ᠡᠭᠦᠷᠭᠡ ᠬᠠᠷᠢᠭᠤᠴᠠᠯᠭ᠎ᠠ ᠶ᠋ᠢ ᠡᠭᠦᠷᠭᠡᠯᠡᠵᠦ᠍᠂ ᠨᠡᠢᠭᠡᠮ ᠤ᠋ᠨ ᠰᠤᠷᠭᠠᠨ ᠬᠥᠮᠦᠵᠢᠯ ᠤ᠋ᠨ ᠠᠵᠢᠯᠯᠠᠭ᠎ᠠ ᠪᠤᠯ ᠮᠦᠽᠧᠢ ᠶ᠋ᠢᠨ ᠰᠤᠷᠭᠠᠨ ᠬᠥᠮᠦᠵᠢᠯ ᠤ᠋ᠨ ᠡᠬᠦᠷᠭᠡ ᠴᠢᠳᠠᠪᠬᠢ ᠪᠠᠨ ᠪᠠᠳᠠᠷᠠᠭᠤᠯᠬᠤ ᠴᠢᠬᠤᠯᠠ ᠠᠷᠭ᠎ᠠ ᠬᠡᠯᠪᠡᠷᠢ ᠪᠤᠯᠬᠤ ᠶᠤᠮ᠃ ᠲᠣᠰ ᠬᠤᠭᠤᠴᠠᠭᠠᠨ ᠤ᠋ ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ ᠳ᠋ᠤ ᠮᠠᠰᠢ ᠣᠯᠠᠨ ᠲᠤᠰᠭᠠᠶ ᠮᠡᠷᠭᠡᠵᠢᠯ ᠤ᠋ᠨ ᠡᠷᠳᠡᠮ ᠱᠢᠨᠵᠢᠯᠡᠭᠡᠨ ᠤ᠋ ᠠᠵᠢᠯᠯᠠᠭ᠎ᠠ ᠦᠷᠨᠢᠬᠦᠯᠬᠦ ᠡᠴᠡ ᠭᠠᠳᠠᠨ᠎ᠠ ᠪᠠᠰᠠ ᠮᠠᠰᠢ ᠣᠯᠠᠨ ᠪᠠᠭᠠᠴᠤᠳ ᠬᠡᠦᠬᠡᠳ ᠤ᠋ᠨ ᠵᠢᠭᠠᠨ ᠰᠤᠳᠤᠯᠬᠤ ᠠᠵᠢᠯᠯᠠᠭ᠎ᠠ ᠶ᠋ᠢ ᠨᠠᠷᠢᠨ ᠨᠢᠮᠪᠠᠶ ᠲᠥᠯᠥᠪᠯᠡᠵᠦ᠍᠂ ᠠᠳᠠᠯᠢ ᠪᠤᠰᠤ ᠨᠠᠰᠤᠨ ᠤ᠋ ᠬᠦᠮᠦᠰ ᠲᠦ᠍ ᠵᠤᠷᠢᠭᠤᠯᠤᠨ ᠰᠤᠷᠭᠠᠨ ᠬᠥᠮᠦᠵᠢᠯ ᠤ᠋ᠨ ᠠᠴᠢ ᠬᠣᠯᠪᠣᠭ᠍ᠳᠠᠯ ᠪᠦᠬᠦᠢ ᠰᠣᠶᠣᠯ ᠤ᠋ᠨ ᠭᠦᠨᠵᠡᠭᠡᠶ ᠪᠡᠶᠡᠴᠢ ᠣᠢᠯᠠᠭᠠᠯᠲᠠ ᠬᠠᠩᠭᠠᠬᠤ ᠵᠢ ᠵᠤᠷᠢᠵᠠᠢ᠃ ᠡᠬᠦᠨ ᠳ᠋ᠤ 40 ᠱᠢᠬᠠᠮ ᠮᠦᠽᠧᠶ ᠥᠪᠡᠷ ᠥᠪᠡᠷ ᠤ᠋ᠨ ᠰᠣᠳᠣᠨ ᠰᠠᠢᠬᠠᠨ ᠵᠢᠭᠠᠨ ᠰᠤᠳᠤᠯᠬᠤ ᠠᠵᠢᠯᠯᠠᠭ᠎ᠠ ᠪᠠ ᠬᠢᠴᠢᠶᠡᠯ ᠵᠢᠡᠨ ᠲᠠᠨᠢᠯᠴᠠᠭᠤᠯᠤᠭᠰᠠᠨ ᠪᠠᠢᠨ᠎ᠠ᠃ ᠵᠢᠱ᠌ᠢᠶᠡᠯᠡᠪᠡᠯ᠂ ᠬᠠᠭᠠᠨ ᠤ᠋ ᠣᠷᠳᠣᠨ ᠤ᠋ ᠮᠦᠽᠧᠶ ᠶ᠋ᠢᠨ 《ᠪᠤᠯᠤᠷ ᠴᠤᠮᠤ ᠦᠢᠯᠡᠳᠬᠦ》 ᠠᠵᠢᠯᠯᠠᠭ᠎ᠠ ᠨᠢ ᠬᠠᠭᠠᠨ ᠤ᠋ ᠣᠷᠳᠣᠨ ᠤ᠋ ᠮᠦᠽᠧᠶ ᠳ᠋ᠤ ᠬᠠᠳᠠᠭᠠᠯᠠᠵᠤ ᠪᠠᠢᠭ᠎ᠠ ᠲᠩᠷᠢ ᠲᠡᠳᠬᠦᠭ᠌ᠴᠢ ᠶ᠋ᠢᠨ ᠪᠣᠯᠣᠷ ᠴᠣᠮᠣ ᠲᠠᠶ ᠤᠶᠠᠯᠳᠤᠭᠤᠯᠤᠨ ᠬᠡᠤᠭᠡᠳ ᠤ᠋ᠳ ᠲᠸ᠋ ᠪᠡᠶᠡᠴᠢᠯᠡᠨ ᠣᠢᠯᠠᠭᠠᠬᠤ ᠭᠣᠭ᠍ᠴᠣᠭᠠ ᠶ᠋ᠢ ᠲᠤᠬᠢᠷᠠᠭᠤᠯᠪᠠ; ᠱᠠᠨᠰᠢᠶ᠋ᠢᠨ ᠲᠡᠦᠬᠡ ᠶ᠋ᠢᠨ ᠮᠦᠽᠧᠶ ᠶ᠋ᠢᠨ 《ᠲᠠᠩ ᠤᠯᠤᠰ ᠤ᠋ᠨ ᠲᠡᠤᠭᠡ ᠵᠢᠨ ᠮᠡᠳᠡᠯᠭᠡ ᠵᠢᠨ ᠤᠷᠤᠯᠳᠤᠭᠠᠨ》 ᠤ᠋ ᠠᠵᠢᠯᠯᠠᠭ᠎ᠠ ᠨᠢ ᠮᠦᠽᠧᠶ ᠳ᠋ᠡᠬᠢ ᠲᠠᠩ ᠤᠯᠤᠰ ᠤ᠋ᠨ ᠦᠶ᠎ᠡ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠪᠤᠯᠤᠨᠲᠠᠩ ᠤᠯᠤᠰ ᠤ᠋ᠨ ᠴᠠᠩ ᠠᠨ ᠬᠣᠲᠠ ᠶ᠋ᠢᠨ ᠪᠡᠯᠭᠡ ᠲᠡᠮᠳᠡᠭ ᠤ᠋ᠨ ᠴᠢᠨᠠᠷᠲᠠᠶ ᠭᠠᠵᠠᠷ ᠣᠷᠣᠨ᠂ ᠬᠥᠮᠦᠨ᠂ ᠬᠡᠷᠡᠭ ᠶᠠᠪᠤᠳᠠᠯ ᠲᠠᠶ ᠬᠣᠯᠪᠣᠭ᠍ᠳᠠᠭᠤᠯᠤᠨ ᠠᠭᠤᠰᠤᠯᠴᠠᠭᠤᠯᠵᠤ᠂ ᠬᠦᠮᠦᠰ ᠢ᠋ ᠬᠥᠲᠥᠯᠥᠨ ᠵᠢᠯᠣᠭᠣᠳᠴᠤ᠌ ᠪᠠᠢᠭᠠᠳ ᠨᠢᠭᠡ ᠨᠢᠭᠡ ᠠᠯᠬᠤᠮ ᠵᠢᠡᠷ ᠲᠠᠩ ᠤᠯᠤᠰ ᠤ᠋ᠨ ᠴᠠᠩ ᠠᠨ ᠢ᠋ ᠤᠢᠯᠠᠭᠠᠭᠤᠯᠤᠨ᠂ ᠲᠠᠩ ᠤᠯᠤᠰ ᠤ᠋ᠨ ᠲᠡᠦᠬᠡ ᠶ᠋ᠢ ᠰᠤᠷᠤᠯᠴᠠᠭᠤᠯᠪᠠ᠃
《ᠪᠢᠳᠡ ᠲᠤᠰ ᠬᠤᠭᠤᠴᠠᠭᠠᠨ ᠤ᠋ ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ ᠢ᠋ ᠠᠯᠢ ᠴᠢᠳᠠᠬᠤ ᠪᠠᠷ ᠣᠨᠴᠠᠯᠢᠭ ᠲᠠᠶ ᠡᠷᠭᠢᠯᠡᠵᠤ᠂ ᠣᠷᠣᠯᠴᠠᠭ᠍ᠴᠢ ᠨᠢᠭᠡ ᠪᠦᠷᠢ ᠳ᠋ᠤ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠭᠦᠨᠵᠡᠭᠡᠢ ᠣᠢᠯᠠᠭᠠᠬᠤ ᠪᠠ ᠪᠡᠶᠡᠴᠢᠯᠡᠨ ᠣᠢᠯᠠᠭᠠᠬᠤ ᠠᠵᠠ ᠲᠣᠬᠢᠶᠠᠯ ᠬᠠᠩᠭᠠᠨ᠂ ᠦᠵᠡᠭᠴᠢᠳ ᠪᠡᠶ᠎ᠡ ᠪᠡᠷ ᠵᠢᠡᠨ ᠣᠷᠣᠯᠴᠠᠵᠤ ᠭᠡᠷᠡᠯ ᠰᠠᠴᠤᠷᠠᠩᠭᠤᠢ ᠳᠤᠮᠳᠠᠳᠤ ᠶ᠋ᠢᠨ ᠪᠣᠯᠪᠠᠰᠤᠨ ᠢ᠋ ᠣᠢᠯᠠᠭᠠᠬᠤ ᠵᠢᠨ ᠬᠠᠮᠳᠤ ᠲᠡᠤᠭᠡ ᠵᠢᠨ ᠮᠡᠳᠡᠯᠭᠡ ᠬᠦᠷᠳᠡᠬᠦ ᠵᠢ ᠬᠦᠰᠡᠵᠦ ᠪᠠᠢᠨ᠎ᠠ》 ᠬᠡᠵᠤ ᠳᠤᠮᠳᠠᠳᠤ ᠤᠯᠤᠰ ᠤ᠋ᠨ ᠮᠦᠽᠧᠶᠶ᠋ᠢᠨ ᠨᠡᠢᠭᠡᠮᠯᠢᠭ ᠤ᠋ᠨ ᠨᠠᠷᠢᠨ ᠪᠢᠴᠢᠭ ᠤ᠋ᠨ ᠳᠠᠷᠤᠭ᠎ᠠ ᠯᠢ ᠶ᠋ᠢᠨ ᠭᠤᠸᠠᠩ ᠬᠡᠯᠡᠨ᠎ᠠ᠃