ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠪᠥᠬᠥ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠶ᠎ᠡ
2024-08-30 10:52:54
ᠵᠣᠬᠢᠶᠠᠭ᠍ᠴᠢ᠄
ᠯᠢᠶᠠᠩ ᠱᠢᠶᠤᠤ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠡᠢ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠯ ᠡᠨᠡ ᠬᠦ᠌ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠨᠢ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ  ᠠᠬᠢᠭᠤᠯᠬᠤ᠎ᠳᠤ ᠤᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠬᠤ᠎ᠶᠢᠨ ᠲᠥᠯᠥᠭᠡ ᠶᠤᠮ᠃ ᠨᠡᠢᠭᠡᠮ ᠵᠢᠷᠤᠮᠳᠦ ᠰᠣᠶᠣᠯ᠎ᠤᠨ ᠪᠠᠢᠭᠤᠯᠤᠯ ᠲᠣᠭᠲᠠᠴᠠ᠎ᠶᠢ ᠪᠠᠶ᠋ᠢᠭᠤᠯᠬᠤ᠂ ᠬᠥᠭᠵᠢᠭᠦᠯᠬᠦ᠂ ᠲᠡᠭᠦᠯᠳᠡᠷᠵᠢᠭᠦᠯᠬᠦ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠦᠨ ᠬᠦᠴᠦᠨ᠎ᠢ ᠬᠥᠭᠵᠢᠭᠡᠬᠦ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢᠨ ᠴᠢᠬᠤᠯᠠ ᠲᠤᠷᠰᠢᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ 《ᠬᠣᠶᠠᠷ ᠶᠡᠬᠡ ᠲᠠᠯ᠎ᠠ》 ᠶ᠋ᠢ ᠨᠢᠭᠡᠳᠦᠯᠲᠡᠢ ᠲᠥᠯᠥᠪᠯᠡᠵᠦ᠂ ᠪᠣᠳᠠᠰ᠎ᠤᠨ ᠪᠣᠯᠪᠠᠰᠤᠨ᠎ᠲᠠᠢ ᠵᠣᠬᠢᠴᠠᠭᠰᠠᠨ ᠤᠶᠤᠨ᠎ᠤ ᠪᠣᠯᠪᠠᠰᠤᠨ᠎ᠢ ᠬᠥᠭᠵᠢᠭᠦᠯᠬᠦ᠎ᠶᠢᠨ ᠲᠥᠯᠥᠭᠡ᠂ ᠰᠢ ᠵᠢᠨ ᠫᠢᠩ ᠨᠥᠬᠥᠷ᠎ᠢᠶᠡᠷ ᠭᠣᠣᠯᠯᠠᠭᠣᠯᠣᠭᠰᠠᠨ ᠨᠠᠮ᠎ᠤᠨ ᠲᠥᠪ ᠬᠣᠷᠢᠶ᠎ᠠ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠲᠠᠰᠤᠷᠠᠯᠳᠠ ᠦᠭᠡᠢ ᠠᠬᠢᠭᠤᠯᠪᠠ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ᠎ᠶᠢ ᠪᠠᠷᠢᠮᠲᠠᠯᠠᠬᠤ ᠪᠣᠯ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠴᠢᠬᠤᠯᠠ ᠵᠢᠷᠤᠮᠯᠠᠯ ᠮᠥᠨ᠃

ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠪᠣᠯ ᠴᠢᠬᠤᠯᠠ ᠲᠡᠦᠬᠡᠨ ᠲᠤᠷᠰᠢᠯᠭ᠎ᠠ ᠮᠥᠨ

ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ᠎ᠤ ᠲᠡᠷᠡᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠲᠤᠯᠭᠠᠷᠠᠭᠰᠠᠨ ᠨᠢᠭᠡᠨ ᠪᠡᠷᠬᠡ ᠬᠠᠲᠠᠭᠤᠵᠢᠯᠲᠠᠢ ᠲᠡᠦᠬᠡᠲᠦ ᠡᠭᠦᠷᠭᠡ ᠪᠣᠯ ᠲᠡᠢ᠍ᠢᠴᠢᠯᠡᠵᠦ ᠪᠣᠯᠬᠤ ᠬᠦᠴᠦᠨ ᠪᠦᠬᠦᠠ᠎ᠢ ᠲᠡᠢ᠍ᠢᠴᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠠᠬᠤᠢ᠂ ᠰᠣᠶᠣᠯ᠎ᠢᠶᠠᠷ ᠬᠣᠴᠣᠷᠤᠩᠭᠤᠢ ᠲᠠᠷᠢᠶᠠᠯᠠᠩ᠎ᠤᠨ ᠤᠯᠤᠰ᠎ᠢ ᠳᠡᠭᠡᠳᠦ ᠬᠡᠮᠵᠢᠶ᠎ᠡ᠎ᠪᠡᠷ ᠠᠵᠤ ᠦᠢᠯᠡᠳᠪᠦᠷᠢᠵᠢᠭᠰᠡᠨ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶ᠋ᠢᠭᠤᠯᠬᠤ ᠶᠠᠪᠤᠳᠠᠯ ᠪᠣᠯᠣᠨ᠎ᠠ᠃ ᠲᠡᠦᠬᠡ᠎ᠶᠢᠨ ᠰᠠᠨᠠᠭᠠᠴᠢᠯᠠᠭᠠᠲᠤ ᠴᠢᠨᠠᠷ᠎ᠢ ᠪᠠᠳᠠᠷᠠᠭᠤᠯᠵᠤ᠂ ᠬᠦᠴᠦᠷᠬᠡᠭ ᠶᠡᠬᠡ ᠤᠶᠤᠨ᠎ᠤ ᠬᠦᠴᠦᠨ᠎ᠢᠶᠡᠷ ᠪᠣᠳᠠᠰ᠎ᠤᠨ ᠬᠦᠴᠦᠨ᠎ᠦ ᠬᠦᠷᠦᠯᠴᠡᠬᠦ ᠦᠭᠡᠢ ᠲᠠᠯ᠎ᠠ᠎ᠶᠢ ᠨᠥᠬᠥᠪᠦᠷᠢᠯᠡᠵᠦ᠂ ᠪᠣᠳᠠᠰ᠎ᠤᠨ ᠬᠦᠴᠦᠨ᠎ᠢ ᠲᠠᠰᠤᠷᠠᠯᠳᠠ ᠦᠭᠡᠢ ᠪᠤᠵᠠᠭᠠᠢᠷᠠᠭᠤᠯᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮᠳᠦ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠲᠣᠪᠣᠢᠮ᠎ᠠ ᠣᠨᠴᠠᠯᠢᠭ᠋ ᠰᠢᠨᠵᠢ ᠮᠥᠨ᠃ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠦᠨ ᠬᠦᠴᠦᠨ᠎ᠢ ᠬᠥᠭᠵᠢᠭᠡᠵᠦ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠤᠶᠤᠨ᠎ᠤ ᠬᠦᠴᠦᠨ᠎ᠢ ᠬᠠᠩᠭᠠᠬᠤ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯ ᠲᠣᠭᠲᠠᠴᠠ᠎ᠶᠢ ᠪᠠᠢᠭᠤᠯᠬᠤ  ᠬᠠᠷᠠᠯᠲᠠ ᠮᠥᠨ᠂ ᠪᠠᠰᠠ ᠴᠤ᠌ ᠴᠢᠬᠤᠯᠠ ᠲᠡᠦᠬᠡᠨ ᠲᠤᠷᠰᠢᠯᠭ᠎ᠠ᠎ᠶᠢᠨ ᠨᠢᠭᠡ ᠮᠥᠨ᠃

ᠨᠡᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢᠭᠤᠯᠤᠯᠲᠠ᠎ᠶᠢᠨ ᠴᠠᠭ ᠦᠶ᠎ᠡ᠎ᠳᠦ᠂ ᠮᠠᠤ ᠽᠧ ᠳ᠋ᠦᠩ ᠨᠥᠬᠥᠷ᠎ᠢᠶᠡᠷ ᠭᠣᠣᠯ ᠲᠥᠯᠥᠭᠡᠯᠡᠭᠴᠢ ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠤᠯᠤᠰ᠎ᠤᠨ ᠪᠣᠳᠠᠲᠤ ᠪᠠᠢᠳᠠᠯ᠎ᠢ ᠦᠨᠳᠦᠰᠦᠯᠡᠨ᠂ ᠵᠦᠪᠯᠡᠯᠳᠦ ᠬᠣᠯᠪᠣᠭᠠᠲᠤ ᠤᠯᠤᠰ᠎ᠤᠨ ᠰᠣᠶᠣᠯ᠎ᠤᠨ ᠪᠠᠢᠭᠤᠯᠤᠯᠲᠠ᠎ᠶᠢᠨ ᠲᠡᠦᠬᠡᠨ ᠲᠤᠷᠰᠢᠯᠭ᠎ᠠ ᠰᠤᠷᠭᠠᠮᠵᠢ᠎ᠶᠢ ᠭᠥᠯᠢᠶᠡᠨ ᠠᠪᠴᠤ᠂ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠳᠤ ᠲᠣᠬᠢᠷᠠᠭᠰᠠᠨ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯ ᠲᠣᠭᠲᠠᠴᠠ᠎ᠶᠢ ᠪᠠᠶ᠋ᠢᠭᠤᠯᠬᠤ ᠶᠠᠪᠤᠳᠠᠯ᠎ᠢ ᠬᠠᠢᠨ ᠰᠦᠪᠡᠭᠴᠢᠯᠡᠪᠡ᠃ ᠰᠣᠶᠣᠯ ᠤᠷᠠᠯᠢᠭ᠋ ᠪᠣᠯᠣᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠠᠮᠢᠵᠢᠷᠠᠯ᠎ᠤᠨ ᠬᠦᠴᠦᠨ᠎ᠢ ᠴᠢᠩᠭᠠᠳᠬᠠᠬᠤ᠎ᠶᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠰᠡᠬᠡᠭᠡᠲᠡᠳ᠎ᠦᠨ ᠪᠡᠶ᠎ᠡ᠎ᠪᠡᠨ ᠳᠠᠭᠠᠭᠠᠵᠤ ᠰᠡᠳᠬᠢᠬᠦ᠂ ᠴᠢᠯᠦᠭᠡᠲᠡᠢ ᠶᠠᠷᠢᠯᠴᠠᠬᠤ᠎ᠶᠢ ᠵᠣᠷᠢᠭ᠍ᠵᠢᠭᠤᠯᠪᠠ᠃ 1956 ᠣᠨ᠎ᠤ 4 ᠰᠠᠷ᠎ᠠ᠎ᠶᠢᠨ 28᠎ᠤ ᠡᠳᠦᠷ᠂ ᠮᠠᠤ ᠽᠧ ᠳ᠋ᠦᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠥᠷᠭᠡᠳᠬᠡᠭᠰᠡᠨ ᠬᠤᠷᠠᠯ ᠳᠡᠭᠡᠷ᠎ᠡ᠂ 《ᠤᠷᠠᠯᠢᠭ᠋᠎ᠤᠨ ᠠᠰᠠᠭᠤᠳᠠᠯ ᠳᠡᠭᠡᠷᠡᠬᠢ ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠬᠦ᠂ ᠡᠷᠳᠡᠮ ᠰᠢᠨᠵᠢᠯᠡᠭᠡᠨ᠎ᠦ ᠠᠰᠠᠭᠤᠳᠠᠯ ᠳᠡᠭᠡᠷᠡᠬᠢ ᠡᠷᠳᠡᠮᠲᠡᠨ ᠪᠦᠬᠦᠨ᠎ᠢ ᠴᠢᠯᠦᠭᠡᠲᠡᠢ᠎ᠪᠡᠷ ᠶᠠᠷᠢᠯᠴᠠᠭᠤᠯᠬᠤ ᠨᠢ ᠮᠠᠨ᠎ᠤ ᠴᠢᠭᠯᠡᠯᠲᠡ ᠪᠣᠯᠬᠤ ᠶᠣᠰᠣᠲᠠᠢ》 ᠭᠡᠵᠦ ᠳᠤᠷᠠᠳᠴᠠᠢ᠃ 1956 ᠣᠨ᠎ᠤ 9 ᠰᠠᠷ᠎ᠠ᠎ᠳᠤ 《ᠬᠣᠣᠰ ᠵᠠᠭᠤᠨ᠎ᠤ ᠴᠢᠭᠯᠡᠯᠲᠡ》᠎ᠵᠢ ᠨᠠᠮ᠎ᠤᠨ ᠨᠠᠢ᠍ᠮᠠᠳᠤᠭᠠᠷ ᠶᠡᠬᠡ ᠬᠤᠷᠠᠯ᠎ᠤᠨ ᠤᠯᠤᠰ ᠲᠦᠷᠦ᠎ᠶᠢᠨ ᠢᠯᠡᠳᠬᠡᠯ᠎ᠳᠦ ᠪᠢᠴᠢᠵᠦ ᠣᠷᠣᠭᠤᠯᠪᠠ᠃

20 ᠳ᠋ᠤᠭᠠᠷ ᠵᠠᠭᠤᠨ᠎ᠤ ᠳᠤᠮᠳᠠᠳᠤ ᠤᠯᠤᠰ᠎ᠲᠤ᠂ ᠳᠤᠮᠳᠠᠳᠤ ᠦᠷᠦᠨᠡᠳᠡᠬᠢᠨ᠎ᠦ ᠡᠷᠲᠡᠨ ᠡᠳᠦᠭᠡ ᠵᠢᠨ ᠰᠣᠶᠣᠯ᠎ᠦᠨ ᠬᠤᠭᠤᠷᠤᠨᠳᠦ ᠶᠡᠬᠡ ᠮᠦᠷᠬᠦᠯᠳᠦᠬᠡᠨ ᠭᠠᠷᠪᠠ᠃ ᠰᠣᠶᠣᠯ᠎ᠤᠨ ᠦᠨᠳᠦᠰᠦᠲᠡᠨ᠎ᠦ ᠴᠢᠨᠠᠷ᠎ᠢᠶᠠᠷ ᠠᠪᠴᠤ ᠬᠡᠯᠡᠪᠡᠯ᠂ ᠳᠣᠷᠣᠨᠠᠳᠠᠬᠢᠨ ᠪᠠ ᠥᠷᠥᠨᠡᠳᠠᠬᠢᠨ᠎ᠤ ᠰᠣᠶᠣᠯ᠎ᠤᠨ ᠮᠥᠷᠭᠥᠯᠳᠦᠯ ᠨᠢ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠂ ᠡᠸᠦ᠋ᠷᠦᠫᠡ ᠠᠮᠧᠷᠢᠺᠠ᠎ᠶᠢᠨ ᠰᠣᠶᠣᠯ ᠪᠠ ᠵᠥᠪᠯᠡᠯᠲᠦ᠎ᠶᠢᠨ ᠰᠣᠶᠣᠯ᠎ᠤᠨ ᠬᠣᠭᠣᠷᠣᠨᠳᠣᠬᠢ ᠮᠥᠷᠭᠥᠯᠳᠦᠯ᠎ᠢᠶᠡᠷ ᠢᠯᠡᠷᠡᠳᠡᠭ᠃ ᠳᠤᠮᠳᠠᠳᠤ  ᠦᠷᠦᠨᠡᠳᠡᠬᠢᠨ᠎ᠦ ᠡᠷᠲᠡᠨ ᠡᠳᠦᠭᠡ᠎ᠶᠢᠨ ᠰᠣᠶᠣᠯ᠎ᠳᠤ ᠬᠡᠷᠬᠢᠨ ᠰᠢᠨᠵᠢᠯᠡᠬᠦ ᠤᠬᠠᠭᠠᠨᠴᠢ ᠪᠠᠷ ᠬᠠᠨᠳᠤᠬᠤ ᠪᠤᠢ? ᠲᠠᠰᠤᠷᠠᠯᠲᠠ ᠦᠭᠡᠢ ᠬᠠᠢᠨ ᠰᠦᠪᠡᠭᠴᠢᠯᠡᠵᠦ ᠦᠢᠯᠡᠳᠦᠯᠭᠡᠵᠢᠭᠦᠯᠬᠦ᠎ᠪᠡᠷ ᠳᠠᠮᠵᠢᠨ ᠳᠤᠮᠳᠠᠳᠤ ᠤᠯᠤᠰ᠎ᠤᠨ ᠡᠪ ᠬᠠᠮᠲᠤᠴᠤᠳ 《ᠡᠷᠲᠡᠨ᠎ᠦ ᠬᠢ᠎ᠶᠢ ᠡᠳᠦᠭᠡ᠎ᠳᠦ ᠦᠢᠯᠡᠴᠢᠯᠡᠭᠦᠯᠵᠦ᠂ ᠭᠠᠳᠠᠭᠠᠳᠤ᠎ᠶᠢᠨ ᠬᠢ᠎ᠶᠢ ᠳᠤᠮᠳᠠᠳᠤ ᠤᠯᠤᠰ᠎ᠲᠤ ᠦᠢᠯᠡᠴᠢᠯᠡᠭᠦᠯᠬᠦ》᠎ᠶᠢ ᠳᠤᠷᠠᠳᠴᠤ᠂ ᠳᠤᠮᠳᠠᠳᠤ᠎ᠶᠢᠨ ᠦᠨᠳᠦᠰᠦᠲᠡᠨ᠎ᠳᠦ ᠠᠰᠢᠭ᠍ᠲᠠᠢ ᠰᠣᠶᠣᠯ ᠪᠦᠬᠦᠨ᠎ᠢ ᠴᠥᠮ ᠰᠤᠷᠤᠯᠴᠠᠬᠤ᠎ᠶᠢᠨ ᠬᠠᠮᠲᠤ ᠥᠪᠡᠷ᠎ᠦᠨ ᠬᠢ᠎ᠪᠡᠷ᠎ᠢᠶᠡᠨ ᠭᠣᠣᠯ ᠪᠣᠯᠭᠠᠬᠤ᠎ᠶᠢ ᠪᠠᠷᠢᠮᠲᠠᠯᠠᠵᠤ᠂ ᠭᠠᠳᠠᠭᠠᠳᠤ᠎ᠶᠢᠨ ᠰᠢᠯᠢᠳᠡᠭ ᠰᠣᠶᠣᠯ᠎ᠤᠨ ᠦᠷ᠎ᠡ ᠪᠦᠲᠦᠭᠡᠯ᠎ᠢ ᠰᠤᠷᠤᠯᠴᠠᠵᠤ ᠥᠪᠡᠷ᠎ᠢ᠎ᠪᠡᠨ ᠬᠥᠭᠵᠢᠭᠦᠯᠪᠠ᠃

ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠦ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠰᠢᠨ᠎ᠡ ᠴᠠᠭ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤᠴᠤᠳ ᠲᠡᠦᠬᠡ᠎ᠶᠢᠨ ᠲᠤᠷᠰᠢᠯᠭ᠎ᠠ ᠪᠠ ᠰᠤᠷᠭᠠᠮᠵᠢ᠎ᠶᠢ ᠬᠦᠯᠢᠶᠡᠨ ᠠᠪᠴᠤ᠂ ᠦᠵᠡᠯ ᠰᠠᠨᠠᠭ᠎ᠠ᠎ᠪᠠᠨ ᠴᠢᠯᠦᠭᠡᠯᠡᠨ᠂ ᠦᠨᠡᠨ᠎ᠡᠴᠡ ᠵᠥᠪ᠎ᠢ ᠡᠷᠢᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠵᠦ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠰᠣᠶᠣᠯ᠎ᠤᠨ ᠪᠠᠢᠭᠤᠯᠤᠯᠲᠠ᠎ᠶᠢᠨ ᠴᠢᠭᠯᠡᠯᠲᠡ ᠪᠠ ᠵᠠᠷᠴᠢᠮ᠎ᠢ ᠰᠡᠷᠭᠦᠭᠡᠨ ᠤᠯᠠᠮ ᠨᠢᠭᠡ ᠠᠯᠬᠤᠮ ᠬᠠᠢᠨ ᠰᠦᠪᠡᠭᠴᠢᠯᠡᠵᠦ᠂ ᠰᠣᠶᠣᠯ᠎ᠤᠨ ᠪᠠᠢᠭᠤᠯᠤᠯᠲᠠ᠎ᠶᠢᠨ ᠲᠤᠬᠠᠢ ᠨᠠᠮ᠎ᠤᠨ ᠵᠥᠪ ᠴᠢᠭᠯᠡᠯᠲᠡ᠎ᠶᠢ ᠲᠡᠭᠦᠯᠳᠡᠷᠵᠢᠭᠦᠯᠦᠨ᠂ ᠤᠳᠬ᠎ᠠ ᠤᠷᠠᠯᠢᠭ᠋ ᠨᠢ ᠠᠷᠠᠳ ᠲᠦᠮᠡᠨ᠎ᠳᠦ ᠦᠢᠯᠡᠴᠢᠯᠡᠬᠦ᠂ ᠨᠡᠢᠭᠡᠮ ᠵᠢᠷᠤᠮ᠎ᠳᠤ ᠦᠢᠯᠡᠴᠢᠯᠡᠬᠦ᠎ᠶᠢ ᠳᠤᠷᠠᠳᠤᠨ ᠭᠠᠷᠭᠠᠵᠤ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠪᠠ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠠᠷᠠᠯᠲᠠ᠎ᠶᠢ ᠲᠣᠭᠲᠠᠭᠠᠭᠰᠠᠨ ᠪᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠬᠥᠭᠵᠢᠯᠲᠡ᠎ᠶᠢ ᠳᠠᠭᠠᠯᠳᠤᠨ᠂ ᠳᠤᠮᠳᠠᠳᠤ ᠤᠯᠤᠰ᠎ᠤᠨ ᠡᠪ ᠬᠠᠮᠲᠤᠴᠤᠳ ᠰᠣᠶᠣᠯ᠎ᠤᠨ ᠦᠢᠯᠡᠰ᠂ ᠰᠣᠶᠣᠯ᠎ᠤᠨ ᠠᠵᠤ ᠠᠬᠤᠢ᠂ ᠰᠣᠶᠣᠯ᠎ᠤᠨ ᠵᠠᠬ᠎ᠠ ᠳᠡᠯᠭᠡᠭᠦᠷ᠂ ᠰᠣᠶᠣᠯ᠎ᠤᠨ ᠬᠠᠮᠢᠶᠠᠷᠤᠯᠲᠠ᠎ᠶᠢᠨ ᠪᠠᠢᠭᠤᠯᠤᠯ᠂ ᠰᠣᠶᠣᠯ᠎ᠤᠨ ᠠᠵᠤ ᠦᠢᠯᠡᠰ᠎ᠦᠨ ᠪᠠᠢᠭᠤᠯᠤᠯ ᠲᠣᠭᠲᠠᠴᠠ᠎ᠶᠢ ᠲᠠᠰᠤᠷᠠᠯᠳᠠ ᠦᠭᠡᠢ ᠬᠠᠢᠨ ᠰᠦᠪᠡᠭᠴᠢᠯᠡᠵᠦ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠣᠨᠴᠠᠯᠢᠭ᠋ ᠪᠠ ᠵᠢᠮ᠎ᠡ ᠶᠣᠰᠣ᠌ ᠶᠣᠰᠣᠭᠠᠷ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠭᠤᠯᠤᠨ᠂ ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠢᠳᠡᠪᠬᠢᠲᠡᠢ ᠬᠥᠭᠵᠢᠭᠦᠯᠦᠨ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠦᠨ ᠬᠦᠴᠦᠨ᠎ᠢ ᠦᠷᠭᠦᠯᠵᠢᠯᠡᠨ ᠬᠥᠭᠵᠢᠭᠡᠨ᠎ᠡ᠃

ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ ᠨᠠᠩ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠤᠨ᠎ᠠ

ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠣᠯ ᠣᠢᠷ᠎ᠠ ᠦᠶ᠎ᠡ᠎ᠡᠴᠡ ᠨᠠᠭᠠᠰᠢᠬᠢ ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠠᠭᠤᠤ ᠶᠡᠬᠡ ᠬᠦᠰᠡᠯ ᠵᠡᠭᠦᠳᠦ ᠮᠥᠨ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠦ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠤᠯᠤᠰ᠎ᠤᠨ ᠵᠡᠭᠦᠳᠦ᠎ᠶᠢ ᠪᠡᠶᠡᠯᠡᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃ ᠣᠢᠷ᠎ᠠ᠎ᠶᠢᠨ ᠵᠢᠯ᠎ᠡᠴᠡ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠤᠯᠤᠰ ᠲᠦᠷᠦ ᠠᠵᠤ ᠠᠬᠤᠢ᠎ᠶᠢᠨ ᠡᠯᠧᠮᠧᠨ᠋ᠲ᠎ᠦᠨ ᠨᠥᠯᠥᠭᠡᠯᠡᠯ ᠳᠣᠣᠷ᠎ᠠ᠂ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠭᠠᠷᠴᠤ᠂ ᠳᠡᠯᠡᠬᠡᠢ ᠳ᠋ᠠᠬᠢᠨ ᠰᠢᠨ᠎ᠡ ᠣᠷᠣᠭ᠎ᠠ ᠪᠤᠰᠬᠠᠭ᠎ᠠ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠪᠠ᠃ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠦᠬᠦ ᠲᠠᠯ᠎ᠠ ᠪᠣᠯᠣᠨ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠢᠵᠢᠯᠢ ᠠᠯᠬᠤᠮ᠎ᠢᠶᠠᠷ ᠰᠣᠯᠪᠢᠴᠠᠵᠤ᠂ ᠬᠠᠷᠢᠯᠴᠠᠨ ᠨᠥᠯᠥᠭᠡᠯᠡᠵᠦ ᠪᠠᠢᠭ᠎ᠠ ᠴᠠᠭ ᠦᠶ᠎ᠡ᠎ᠶᠢᠨ ᠠᠬᠤᠢ ᠪᠠᠢᠳᠠᠯ ᠳᠣᠣᠷ᠎ᠠ᠂ ᠪᠢᠳᠡ ᠡᠷᠬᠡᠪᠰᠢ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠤᠯᠠᠮ ᠬᠥᠭᠵᠢᠭᠡᠵᠦ᠂ ᠨᠡᠩ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ᠂ ᠤᠷᠢᠳ ᠡᠮᠦᠨ᠎ᠡ ᠪᠠᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠬᠤ ᠬᠡᠷᠡᠭᠲᠡᠢ᠃

ᠡᠳ᠋ ᠪᠣᠳᠠᠰ᠎ᠤᠨ ᠲᠠᠯ᠎ᠠ᠎ᠪᠠᠷ ᠶᠠᠳᠠᠭᠤ ᠬᠣᠭᠣᠰᠤᠨ ᠪᠠᠢᠬᠤ ᠨᠢ ᠨᠡᠢᠭᠡᠮ ᠵᠢᠷᠤᠮ ᠪᠢᠰᠢ᠂ ᠤᠶᠦᠠ ᠰᠠᠨᠠᠭᠠᠨ᠎ᠤ ᠲᠠᠯ᠎ᠠ᠎ᠪᠠᠷ ᠶᠠᠳᠠᠭᠤ ᠬᠣᠭᠣᠰᠤᠨ ᠪᠠᠢᠬᠤ ᠨᠢ ᠴᠦ᠍ ᠨᠡᠢᠭᠡᠮ ᠵᠢᠷᠤᠮ ᠪᠢᠰᠢ ᠶᠤᠮ᠃ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠬᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ᠂ ᠪᠣᠳᠠᠰ᠎ᠤᠨ ᠡᠳ᠋ ᠪᠠᠶᠠᠯᠢᠭ᠋᠎ᠢ ᠲᠤᠢᠯ᠎ᠤᠨ ᠶᠡᠬᠡ᠎ᠪᠡᠷ ᠪᠠᠶᠠᠯᠢᠭ᠍ᠵᠢᠭᠤᠯᠬᠤ᠎ᠶᠢ ᠱᠠᠭᠠᠷᠳᠠᠬᠤ᠎ᠪᠠᠷ ᠪᠠᠷᠠᠬᠤ ᠦᠭᠡᠢ᠂ ᠬᠥᠮᠥᠨ᠎ᠦ ᠤᠶᠤᠨ᠎ᠤ ᠶᠢᠷᠲᠢᠨᠴᠦ᠎ᠶᠢ ᠴᠦ᠍ ᠶᠡᠬᠡ᠎ᠪᠡᠷ ᠪᠠᠶᠠᠯᠢᠭ᠍ᠵᠢᠭᠤᠯᠬᠤ᠎ᠶᠢ ᠱᠠᠭᠠᠷᠳᠠᠨ᠎ᠠ᠃ ᠡᠢᠮᠦ᠎ᠡᠴᠡ ᠣᠳᠣᠬᠢᠴᠢᠯᠠᠯᠲᠠ ᠵᠢᠨ ᠪᠣᠳᠠᠰ᠎ᠤᠨ ᠰᠠᠭᠤᠷᠢ᠎ᠶᠢ ᠲᠠᠰᠤᠷᠠᠯᠳᠠ ᠦᠭᠡᠢ ᠵᠤᠵᠠᠭᠠᠳᠬᠠᠵᠤ᠂ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠪᠣᠳᠠᠰ᠎ᠤᠨ ᠨᠥᠬᠥᠴᠡᠯ᠎ᠢ ᠲᠠᠰᠤᠷᠠᠯᠳᠠ ᠦᠭᠡᠢ ᠪᠠᠲᠤᠳᠬᠠᠬᠤ᠎ᠶᠢᠨ ᠬᠠᠮᠲᠤ᠂ ᠪᠢᠳᠡ ᠡᠷᠬᠡᠪᠰᠢ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠡᠯᠪᠡᠭ ᠪᠠᠶᠠᠯᠢᠭ᠋ ᠰᠢᠯᠢᠳᠡᠭ ᠰᠣᠶᠣᠯ᠎ᠤᠨ ᠪᠦᠲᠦᠭᠡᠯ᠎ᠢ ᠡᠭᠦᠳᠦᠨ ᠪᠦᠲᠦᠭᠡᠬᠦ ᠬᠡᠷᠡᠭᠲᠡᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ 《ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ》 ᠭᠡᠵᠦ ᠣᠯᠠᠨᠲᠠ ᠴᠢᠬᠤᠯᠠᠴᠢᠯᠠᠵᠤ 《ᠣᠢᠷ᠎ᠠ ᠦᠶ᠎ᠡ᠎ᠡᠴᠡ ᠨᠠᠭᠠᠰᠢᠬᠢ ᠳᠡᠯᠡᠬᠡᠢ᠎ᠶᠢᠨ ᠬᠥᠭᠵᠢᠯᠲᠡ᠎ᠶᠢᠨ ᠥᠩᠭᠡᠷᠡᠯᠲᠡ᠎ᠶᠢ ᠡᠷᠭᠢᠴᠡᠭᠦᠯᠪᠡᠯ ᠨᠢᠭᠡ ᠤᠯᠤᠰ ᠪᠠ ᠦᠨᠳᠦᠰᠦᠲᠡᠨ᠎ᠦ ᠰᠢᠨ᠎ᠡ᠎ᠶᠢ ᠡᠭᠦᠳᠬᠦ ᠴᠢᠳᠠᠪᠤᠷᠢ ᠨᠢ ᠤᠯᠤᠰ ᠪᠠ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠨᠥᠯᠥᠭᠡᠯᠡᠵᠦ ᠴᠢᠨᠠᠭᠰᠢᠯᠠᠪᠠᠯ ᠲᠣᠭᠲᠠᠭᠠᠬᠤ ᠪᠣᠯᠣᠨ᠎ᠠ》 ᠭᠡᠵᠦ ᠵᠢᠭᠠᠵᠤ ᠭᠠᠷᠭᠠᠪᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠲᠤᠬᠠᠢ 《ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ》᠎ᠵᠢ ᠳᠤᠷᠠᠳᠤᠨ ᠭᠠᠷᠭᠠᠪᠠ; ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠲᠤᠬᠠᠢ 《ᠰᠢᠨ᠎ᠡ᠎ᠶᠢ ᠡᠭᠦᠳᠬᠦ ᠪᠣᠯ ᠤᠳᠬ᠎ᠠ ᠤᠷᠠᠯᠢᠭ᠋᠎ᠤᠨ ᠠᠮᠢ ᠨᠠᠰᠤ ᠮᠥᠨ᠃ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠳᠤᠮᠳᠠ ᠢᠯᠡᠷᠡᠭᠰᠡᠨ ᠵᠠᠷᠢᠮ ᠠᠰᠠᠭᠤᠳᠠᠯ ᠨᠢ ᠰᠢᠨ᠎ᠡ᠎ᠶᠢ ᠡᠭᠦᠳᠬᠦ ᠴᠢᠳᠠᠪᠤᠷᠢ᠎ᠪᠠᠷ ᠳᠤᠲᠠᠮᠠᠭ ᠪᠠᠢᠬᠤ᠎ᠲᠠᠢ ᠮᠠᠰᠢ ᠶᠡᠬᠡ ᠬᠣᠯᠪᠣᠭ᠎ᠠ᠎ᠲᠠᠢ ᠶᠤᠮ》; ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠥᠭᠵᠢᠯᠲᠡ᠎ᠶᠢᠨ ᠲᠤᠬᠠᠢ 《ᠰᠢᠨ᠎ᠡ᠎ᠶᠢ ᠡᠭᠦᠳᠬᠦ ᠪᠣᠯ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠥᠭᠵᠢᠯᠲᠡ᠎ᠶᠢᠨ ᠮᠥᠩᠬᠡ᠎ᠶᠢᠨ ᠭᠣᠣᠯ ᠰᠡᠳᠦᠪ ᠮᠥᠨ》 ᠭᠡᠵᠦ ᠵᠢᠭᠠᠵᠤ ᠭᠠᠷᠭᠠᠪᠠ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠲᠤᠬᠠᠢ 《ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶᠢ ᠭᠤᠢᠪᠢᠰᠢ ᠦᠭᠡᠢ ᠬᠡᠷᠡᠭᠵᠢᠭᠦᠯᠦᠨ᠎ᠡ》 ᠭᠡᠵᠦ ᠳᠤᠷᠠᠳᠪᠠ᠃ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠢ᠂ ᠶᠡᠷᠦᠩᠬᠡᠢ ᠱᠦᠵᠢ ᠰᠢ ᠵᠢᠨ ᠫᠢᠩ ᠲᠦᠷ ᠴᠠᠭ ᠨᠢᠭᠡ ᠬᠦᠷᠢᠶ᠎ᠡ ᠬᠡᠪᠴᠢᠶᠠᠨ᠎ᠳᠤ ᠪᠣᠳᠣᠯᠬᠢᠯᠠᠬᠤ ᠪᠢᠰᠢ᠂ ᠬᠠᠷᠢᠨ ᠶᠡᠬᠡ ᠲᠡᠦᠬᠡ᠎ᠶᠢᠨ ᠦᠵᠡᠯᠲᠡ᠎ᠶᠢᠨ ᠡᠭᠦᠳᠡᠨ᠎ᠡᠴᠡ ᠬᠢᠨᠠᠨ ᠠᠵᠢᠭ᠍ᠯᠠᠬᠤ ᠬᠡᠷᠡᠭᠲᠡᠢ᠃

ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠢᠨ᠎ᠡ ᠤᠨᠤᠯ᠂ ᠰᠢᠨ᠎ᠡ ᠣᠢᠯᠠᠭᠠᠭᠳᠠᠬᠤᠨ᠂ ᠰᠢᠨ᠎ᠡ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠳᠣᠣᠷ᠎ᠠ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠪᠡᠷ ᠭᠣᠣᠯ ᠭᠣᠭᠴᠣᠭ᠎ᠠ ᠪᠣᠯᠭᠠᠵᠤ᠂ ᠮᠠᠨ᠎ᠤ ᠤᠯᠤᠰ᠎ᠤᠨ ᠰᠣᠶᠣᠯ᠎ᠤᠨ ᠬᠠᠮᠢᠶᠠᠷᠤᠯᠲᠠ᠎ᠶᠢᠨ ᠪᠠᠢᠭᠤᠯᠤᠯ᠂ ᠤᠳᠤ ᠦᠶ᠎ᠡ᠎ᠶᠢᠨ ᠰᠣᠶᠣᠯ᠎ᠤᠨ ᠵᠠᠬ᠎ᠠ ᠳᠡᠯᠭᠡᠭᠦᠷ᠎ᠦᠨ ᠰᠢᠰᠲᠧᠮ᠂ ᠤᠳᠤ ᠦᠶ᠎ᠡ᠎ᠶᠢᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠂ ᠰᠣᠶᠣᠯ᠎ᠤᠨ ᠨᠡᠭᠡᠭᠡᠯᠲᠡ ᠵᠡᠷᠭᠡ ᠬᠦᠷᠢᠶᠡᠨ᠎ᠳᠦ᠂ ᠰᠣᠶᠣᠯ᠎ᠤᠨ ᠪᠠᠢᠭᠤᠯᠤᠯ ᠲᠣᠭᠲᠠᠴᠠ ᠳᠠᠰᠤᠷᠠᠯᠳᠠ ᠦᠭᠡᠢ ᠰᠢᠨ᠎ᠡ᠎ᠶᠢ ᠡᠭᠦᠳᠴᠦ᠂ ᠥᠭᠡᠷᠡᠴᠢᠯᠡᠯᠲᠡ ᠳᠠᠰᠤᠷᠠᠯᠳᠠ ᠦᠭᠡᠢ ᠭᠦᠨᠵᠡᠭᠡᠢᠷᠡᠪᠡ᠃

ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠨ᠎ᠡ

ᠶᠡᠷᠦᠩᠬᠡᠢ ᠱᠦᠵᠢ ᠰᠢ ᠵᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ 《ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ᠎ᠶᠢ ᠪᠠᠷᠢᠮᠲᠠᠯᠠᠵᠤ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠬᠤ ᠬᠡᠷᠡᠭᠲᠡᠢ》᠂ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》᠎ᠳᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ 《ᠵᠢᠷᠭᠤᠭ᠎ᠠ᠎ᠶᠢ ᠪᠠᠷᠢᠮᠲᠠᠯᠠᠬᠤ》 ᠵᠠᠷᠴᠢᠮ᠎ᠢ ᠳᠤᠷᠠᠳᠤᠨ ᠭᠠᠷᠭᠠᠪᠠ᠂ ᠡᠳᠡᠭᠡᠷ ᠪᠣᠯ ᠴᠥᠮ ᠮᠠᠨ᠎ᠤ ᠤᠯᠤᠰ᠎ᠤᠨ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠳᠦ ᠵᠢᠷᠤᠮᠯᠠᠬᠤ ᠴᠢᠬᠤᠯᠠᠲᠠᠢ ᠦᠨᠳᠦᠰᠦᠨ ᠵᠠᠷᠴᠢᠮ ᠮᠥᠨ᠃ 

ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠣ ᠬᠡᠷᠡᠭᠳᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ ᠪᠣᠯ  ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠳᠤᠮᠳᠠ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠢ ᠲᠦᠰᠢᠭᠯᠡᠬᠦ᠎ᠶᠢ ᠪᠠᠷᠢᠮᠲᠠᠯᠠᠬᠤ ᠶᠠᠪᠤᠳᠠᠯ ᠪᠣᠯᠣᠨ᠎ᠠ᠃ ᠥᠭᠡᠷᠡᠴᠢᠯᠡᠯᠲᠡ᠎ᠶᠢᠨ ᠦᠢᠯᠡᠳᠦᠯᠭᠡ ᠳᠤᠮᠳᠠ ᠨᠠᠢᠳᠠᠪᠤᠷᠢᠵᠢᠭᠤᠯᠬᠤ᠎ᠳᠤ ᠤᠯᠠᠨ ᠲᠦᠮᠡᠨᠴᠢ ᠱᠤᠭᠤᠮ᠎ᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠮᠠᠨ᠎ᠤ ᠤᠯᠤᠰ᠎ᠤᠨ ᠥᠭᠡᠷᠡᠴᠢᠯᠡᠯᠲᠡ ᠪᠡᠷᠬᠡ᠎ᠶᠢ ᠳᠤᠭᠤᠯᠬᠤ ᠱᠠᠲᠤᠨ᠎ᠳᠤ ᠣᠷᠣᠵᠤ᠂ ᠶᠠᠮᠠᠷᠪᠠ ᠳᠠᠩ ᠭᠠᠭᠴᠠ ᠴᠢᠨᠠᠷᠲᠠᠢ ᠥᠭᠡᠷᠡᠴᠢᠯᠡᠯᠲᠡ ᠴᠥᠮ ᠦᠢᠯᠡᠳᠦᠯ᠎ᠢᠶᠡᠨ ᠪᠠᠳᠠᠷᠠᠭᠤᠯᠬᠤ᠎ᠳᠤ ᠪᠡᠷᠬᠡ ᠪᠣᠯᠵᠠᠢ᠃ ᠡᠢᠮᠦ᠎ᠡᠴᠡ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠡᠷᠬᠡᠪᠰᠢ ᠰᠢᠰᠲᠧᠮ᠎ᠦᠨ ᠦᠵᠡᠯᠲᠡ᠎ᠶᠢ ᠪᠠᠷᠢᠮᠲᠠᠯᠠᠨ᠂ ᠨᠢᠭᠡᠳᠦᠯᠲᠡᠢ ᠲᠥᠯᠥᠪᠯᠡᠨ ᠨᠡᠢ᠍ᠢᠳᠡ ᠳ᠋ᠦ᠍ᠨᠢ ᠬᠠᠷᠠᠭᠠᠯᠵᠠᠵᠤ᠂ ᠪᠦᠬᠦᠯᠢ ᠴᠣᠭᠴᠠ᠎ᠪᠠᠷ ᠨᠢ ᠠᠬᠢᠭᠤᠯᠵᠤ᠂ ᠦᠵᠦ ᠳᠠᠪᠬᠤᠷᠭ᠎ᠠ᠎ᠶᠢᠨ ᠵᠢᠷᠤᠭ ᠲᠥᠯᠥᠪᠯᠡᠭᠡ᠎ᠶᠢ ᠰᠠᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ᠎ᠦ  ᠦᠵᠦ ᠲᠥᠯᠥᠪᠯᠡᠭᠡ ᠪᠣᠯ ᠠᠷᠠᠳ ᠤᠯᠠᠨ᠎ᠤ ᠡᠭᠦᠳᠦᠨ ᠪᠦᠲᠦᠭᠡᠬᠦ ᠵᠠᠷᠴᠢᠮ᠎ᠲᠠᠢ ᠨᠢᠭᠡᠳᠦᠯᠲᠡᠢ ᠶᠤᠮ᠂ ᠲᠡᠷᠡ ᠨᠢ ᠨᠡᠢᠭᠡᠮ᠎ᠦᠨ ᠬᠥᠭᠵᠢᠯᠲᠡ᠎ᠶᠢᠨ ᠦᠨᠡᠨ ᠪᠣᠳᠠᠲᠠᠢ ᠪᠠᠢᠳᠠᠯ᠎ᠢ ᠲᠤᠰᠬᠠᠵᠤ᠂ ᠠᠷᠠᠳ ᠤᠯᠠᠨ᠎ᠤ ᠰᠡᠳᠬᠢᠯ᠎ᠦᠨ ᠳᠠᠭᠤᠨ᠎ᠢ ᠲᠤᠰᠬᠠᠵᠤ ᠪᠠᠢᠳᠠᠭ᠃ 

ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ ᠬᠡᠷᠡᠭᠲᠡᠢ᠃ ᠲᠥᠪ ᠶᠣᠰᠣ᠌᠎ᠶᠢ ᠪᠠᠷᠢᠮᠲᠠᠯᠠᠬᠤ ᠪᠠ ᠰᠢᠨ᠎ᠡ᠎ᠶᠢ ᠡᠭᠦᠳᠬᠦ ᠨᠢ ᠬᠠᠷᠢᠯᠴᠠᠨ ᠨᠥᠬᠥᠴᠡᠯᠳᠦᠵᠦ᠂ ᠵᠠᠯᠭᠠᠮᠵᠢᠯᠠᠬᠤ ᠪᠠ ᠬᠥᠭᠵᠢᠭᠦᠯᠬᠦ᠂ ᠵᠠᠷᠴᠢᠮᠲᠤ ᠴᠢᠨᠠᠷ ᠪᠠ ᠪᠦᠲᠦᠭᠡᠯᠴᠢ ᠴᠢᠨᠠᠷ᠎ᠤᠨ ᠬᠤᠪᠢᠰᠤᠩᠭᠤᠢ ᠨᠢᠭᠡᠳᠦᠯ᠎ᠢ ᠢᠯᠡᠷᠡᠭᠦᠯᠵᠡᠢ᠃ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠳᠦ᠂ ᠵᠥᠪ ᠵᠠᠮ᠎ᠢ ᠪᠠᠷᠢᠮᠲᠠᠯᠠᠬᠤ ᠪᠠ ᠳᠦᠷᠢᠮ᠎ᠢ ᠪᠠᠷᠢᠮᠲᠠᠯᠠᠬᠤ ᠬᠡᠷᠡᠭᠲᠡᠢ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠤᠭᠣᠳᠬᠤ ᠪᠠᠢᠷᠢ ᠰᠠᠭᠤᠷᠢ᠎ᠶᠢᠨ ᠦᠨᠳᠦᠰᠦᠨ ᠳᠦᠷᠢᠮ᠎ᠢ ᠪᠠᠷᠢᠮᠲᠠᠯᠠᠬᠤ ᠬᠡᠷᠡᠭᠲᠡᠢ᠂ ᠨᠡᠢᠭᠡᠮ ᠵᠢᠷᠤᠮ᠎ᠤᠨ ᠭᠣᠣᠯᠯᠠᠭᠴᠢ ᠦᠷᠳᠡᠭ᠎ᠦᠨ ᠦᠵᠡᠯᠲᠡ᠎ᠪᠡᠷ ᠰᠣᠶᠣᠯ᠎ᠤᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ ᠳᠦᠷᠢᠮ᠎ᠢ ᠪᠠᠷᠢᠮᠲᠠᠯᠠᠬᠤ ᠬᠡᠷᠡᠭᠲᠡᠢ᠂ ᠠᠷᠠᠳ ᠲᠦᠮᠡᠨ᠎ᠦ ᠰᠣᠶᠣᠯ᠎ᠤᠨ ᠡᠷᠬᠡ ᠠᠰᠢᠭ᠋᠎ᠢ ᠪᠠᠲᠤᠯᠠᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠂ ᠵᠥᠪ ᠤᠳᠤᠷᠢᠳᠤᠮᠵᠢ᠎ᠶᠢ ᠪᠠᠷᠢᠮᠲᠠᠯᠠᠬᠤ ᠶᠠᠷᠢᠶ᠎ᠠ ᠬᠡᠯᠡᠯᠴᠡᠭᠡᠨ᠎ᠦ ᠬᠥᠲᠥᠯᠥᠨ ᠵᠢᠯᠤᠭᠣᠳᠬᠤ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠂ ᠨᠡᠢᠭᠡᠮ᠎ᠦᠨ ᠦᠷ᠎ᠡ ᠠᠰᠢᠭ᠋᠎ᠢ ᠲᠡᠷᠢᠭᠦᠨ ᠪᠠᠢᠷᠢᠨ᠎ᠳᠤ ᠲᠠᠯᠪᠢᠬᠤ᠂ ᠨᠡᠢᠭᠡᠮ᠎ᠦᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋᠎ᠢ ᠨᠢᠭᠡᠳᠬᠡᠬᠦ ᠰᠣᠶᠣᠯ᠎ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ᠎ᠤᠨ ᠪᠠᠢᠭᠤᠯᠤᠯ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ 

ᠨᠡᠭᠡᠭᠡᠯᠲᠡᠲᠡᠢ ᠪᠠᠭᠲᠠᠭᠠᠮᠵᠢᠲᠠᠢ ᠪᠠᠢᠬᠣ ᠵᠢ ᠪᠠᠷᠢᠮᠳᠠᠯᠠᠬᠣ ᠬᠡᠷᠡᠭᠳᠡᠢ᠃ ᠳᠡᠭᠡᠳᠦ ᠬᠡᠮᠵᠢᠶ᠎ᠡ᠎ᠪᠡᠷ ᠬᠥᠭᠵᠢᠭᠰᠡᠨ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ ᠨᠢ ᠵᠠᠢᠯᠠᠰᠢ ᠦᠭᠡᠢ ᠠᠨᠠᠪᠠᠳ ᠲᠠᠯᠠᠢ᠎ᠶᠢ ᠪᠠᠭᠲᠠᠭᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠣᠯᠪᠠᠰᠤᠨ ᠪᠠᠢᠵᠤ᠂ ᠵᠠᠢᠯᠠᠰᠢ ᠦᠭᠡᠢ ᠳᠡᠯᠡᠬᠡᠢ᠎ᠶᠢᠨ ᠡᠯ᠎ᠡ ᠪᠣᠯᠪᠠᠰᠤᠨ᠎ᠲᠠᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠬᠤ ᠳᠤᠮᠳᠠ ᠲᠠᠰᠤᠷᠠᠯᠳᠠ ᠦᠭᠡᠢ ᠬᠥᠭᠵᠢᠬᠦ ᠶᠤᠮ᠃ ᠰᠢᠨ᠎ᠡ ᠠᠶᠠᠨ᠎ᠳᠤ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠬᠡ ᠠᠯᠬᠤᠮ ᠭᠦᠨᠵᠡᠭᠡᠢᠷᠡᠭᠦᠯᠬᠦ᠎ᠳᠦ᠂ ᠡᠷᠬᠡᠪᠰᠢ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ᠎ᠶᠢ ᠪᠠᠷᠢᠮᠲᠠᠯᠠᠵᠤ᠂ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠳᠤ ᠠᠰᠢᠭ᠍ᠲᠠᠢ ᠪᠠᠢᠭᠤᠯᠤᠯ ᠲᠣᠭᠲᠠᠴᠠ᠎ᠶᠢ ᠬᠠᠢᠨ ᠰᠦᠪᠡᠭᠴᠢᠯᠡᠬᠦ᠎ᠶᠢ ᠪᠠᠷᠢᠮᠲᠠᠯᠠᠵᠤ᠂ ᠪᠦᠬᠦ ᠨᠡᠢᠭᠡᠮ᠎ᠳᠦ ᠨᠡᠭᠡᠭᠡᠯᠲᠡᠲᠡᠢ ᠪᠠᠭᠲᠠᠭᠠᠮᠵᠢᠲᠠᠢ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ᠃

︵ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号