ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠳᠥᠭᠥᠮᠴᠢᠯᠡᠨ᠎ᠡ)᠎ᠳᠦ᠂ ᠡᠷᠬᠡᠪᠰᠢ ᠰᠣᠶᠣᠯ᠎ᠤᠨ ᠢᠲᠡᠭᠡᠯ᠎ᠢᠶᠡᠨ ᠨᠡᠮᠡᠭᠳᠡᠭᠦᠯᠵᠦ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭᠵᠢᠭᠦᠯᠵᠦ᠂ ᠬᠤᠪᠢᠰᠬᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠵᠤ᠂ ᠮᠡᠳᠡᠭᠡ ᠵᠠᠩᠭᠢ᠎ᠶᠢᠨ ᠮᠡᠷᠭᠡᠵᠢᠯ᠎ᠦᠨ ᠦᠳᠲᠡᠷ ᠲᠦᠷᠭᠡᠨ ᠬᠥᠭᠵᠢᠯᠲᠡ᠎ᠶᠢᠨ ᠰᠢᠨ᠎ᠡ ᠪᠠᠢᠳᠠᠯ᠎ᠳᠤ ᠲᠦᠷᠭᠡᠨ ᠵᠣᠬᠢᠴᠠᠵᠤ᠂ ᠠᠤᠭ᠎ᠠ ᠶᠡᠬᠡ ᠬᠡᠪᠴᠢᠶᠡᠪᠦᠬᠦᠢ ᠰᠢᠯᠢᠳᠡᠭ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠪᠣᠢᠵᠢᠭᠤᠯᠤᠨ ᠪᠦᠷᠢᠯᠳᠦᠭᠦᠯᠵᠦ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠳᠤᠷᠠᠳᠴᠠᠢ᠃ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠰᠣᠶᠣᠯ᠎ᠤᠨ ᠴᠡᠴᠡᠭᠯᠡᠯᠲᠡ᠎ᠶᠢ ᠠᠬᠢᠭᠤᠯᠵᠤ᠂ ᠠᠷᠠᠳ ᠲᠦᠮᠡᠨ᠎ᠦ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠴᠢᠷᠮᠠᠢᠨ ᠳᠡᠭᠡᠭᠰᠢᠯᠡᠭᠦᠯᠬᠦ ᠬᠡᠷᠡᠭᠲᠡᠢ᠃
ᠥᠭᠡᠷᠡᠴᠢᠯᠡᠯᠲᠡ ᠪᠣᠯ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠬᠥᠳᠡᠯᠭᠡᠬᠦ ᠬᠦᠴᠦᠨ᠎ᠦ ᠡᠬᠢ ᠪᠤᠯᠠᠭ ᠮᠥᠨ
ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠯ ᠥᠭᠡᠷᠡᠴᠢᠯᠡᠯᠲᠡ᠎ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠪᠡᠶ᠎ᠡ ᠪᠡᠷ᠎ᠢᠶᠡᠨ ᠲᠥᠰᠥᠪᠯᠡᠵᠦ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠵᠤ᠂ ᠮᠠᠨ᠎ᠤ ᠤᠯᠤᠰ᠎ᠤᠨ ᠰᠣᠶᠣᠯ᠎ᠤᠨ ᠬᠦᠷᠢᠶᠡᠨ᠎ᠳᠡᠬᠢ ᠥᠭᠡᠷᠡᠴᠢᠯᠡᠯᠲᠡ ᠵᠢ ᠤᠯᠠᠨ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ᠎ᠲᠠᠢ ᠪᠣᠯᠭᠠᠵᠤ᠂ ᠮᠠᠷᠺᠰ᠎ᠤᠨ ᠦᠵᠡᠯ᠎ᠦᠨ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠵᠢᠯᠤᠭᠣᠳᠬᠤ ᠪᠠᠢᠷᠢ ᠰᠠᠭᠤᠷᠢ᠎ᠶᠢᠨ ᠦᠨᠳᠦᠰᠦᠨ ᠳᠦᠷᠢᠮ᠎ᠢ ᠪᠠᠲᠤ ᠪᠡᠬᠢ ᠲᠣᠭᠲᠠᠭᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ ᠡᠭᠦᠳᠤᠯᠳᠠ ᠵᠢᠨ ᠤᠨᠤᠯ ᠬᠥᠮᠥᠰ᠎ᠦᠨ ᠰᠡᠳᠬᠢᠯ᠎ᠳᠦ ᠭᠦᠨ ᠬᠠᠳᠠᠩᠰᠢᠵᠤ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ ᠥᠷᠭᠡᠨ᠎ᠢᠶᠡᠷ ᠤᠯᠠᠮᠵᠢᠯᠠᠭᠳᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢᠴᠢᠨᠠᠷᠳᠠᠢ ᠪᠡᠷ ᠬᠤᠪᠢᠷᠠᠭᠤᠯᠵᠤ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠂ ᠰᠣᠶᠣᠯ᠎ᠤᠨ ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ᠎ᠦ ᠠᠮᠢ ᠠᠬᠤᠢ ᠦᠷᠭᠦᠯᠵᠢᠯᠡᠨ ᠰᠠᠢᠵᠢᠷᠠᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠪᠠᠢᠳᠠᠯ ᠪᠦᠬᠦ ᠲᠠᠯ᠎ᠠ᠎ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠪᠠᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠪᠠ᠃
ᠣᠳᠣᠬᠠᠨ᠎ᠳᠤ ᠳᠡᠯᠡᠬᠡᠢ ᠳ᠋ᠠᠬᠢᠨ᠎ᠳᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠴᠦ᠂ ᠬᠡᠰᠡᠭ ᠲᠠᠯ᠎ᠠ᠎ᠶᠢᠨ ᠮᠥᠷᠭᠥᠯᠳᠦᠭᠡᠨ ᠪᠠ ᠦᠢᠮᠡᠭᠡᠨ ᠳᠡᠪᠵᠢᠶᠡᠨ ᠪᠠᠢᠨ ᠲᠠᠬᠢᠨ ᠡᠭᠦᠰᠴᠦ᠂ ᠪᠦᠬᠦ ᠪᠥᠮᠪᠥᠷᠴᠡᠭ᠎ᠦᠨ ᠴᠢᠨᠠᠷᠲᠠᠢ ᠠᠰᠠᠭᠤᠳᠠᠯ ᠰᠢᠷᠦᠭᠦᠰᠴᠦ᠂ ᠭᠠᠳᠠᠨ᠎ᠠ᠎ᠵᠢᠨ ᠳᠠᠷᠤᠯᠲᠠ ᠦᠵᠡᠭᠦᠯᠤᠨ ᠬᠠᠰᠢᠬᠤ ᠲᠠᠰᠤᠷᠠᠯᠲᠠ ᠦᠭᠡᠢ ᠳᠡᠰ ᠳᠠᠪᠰᠢᠵᠤ᠂ ᠮᠠᠨ᠎ᠤ ᠤᠯᠤᠰ᠎ᠤᠨ ᠬᠥᠭᠵᠢᠯᠲᠡ ᠳ᠋ᠤ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠣᠷᠣᠰᠢᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠬᠦ ᠴᠠᠭ ᠦᠶ᠎ᠡ᠎ᠳᠦ ᠣᠷᠣᠪᠠ; ᠡᠭᠦᠨ᠎ᠦ ᠬᠠᠮᠲᠤ ᠰᠢᠨ᠎ᠡ᠎ᠪᠡᠷ ᠬᠥᠭᠵᠢᠭᠰᠡᠨ ᠲᠣᠭᠠᠴᠢᠯᠠᠭᠰᠠᠨ ᠮᠡᠷᠭᠡᠵᠢᠯ ᠲᠦᠷᠭᠡᠨ᠎ᠢᠶᠡᠷ ᠬᠥᠭᠵᠢᠵᠦ᠂ ᠰᠣᠶᠣᠯ᠎ᠤᠨ ᠬᠥᠭᠵᠢᠯᠲᠡ᠎ᠳᠦ ᠤᠷᠢᠳ ᠡᠮᠦᠨ᠎ᠡ ᠪᠠᠢᠭ᠎ᠠ ᠦᠭᠡᠢ ᠠᠵᠠ ᠲᠣᠬᠢᠶᠠᠯ ᠪᠠ ᠥᠷᠢᠰᠦᠯᠳᠦᠭᠡᠨ ᠲᠤᠯᠭᠠᠷᠠᠵᠤ ᠪᠠᠢᠨ᠎ᠠ᠃ ᠥᠭᠡᠷᠡᠴᠢᠯᠡᠯᠲᠡ ᠪᠣᠯ ᠨᠡᠢᠭᠡᠮ ᠵᠢᠷᠤᠮ᠎ᠤᠨ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠰᠢᠪᠬᠠᠭᠠᠳ ᠳᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠣᠶᠣᠯ᠎ᠤᠨ ᠦᠢᠯᠡᠳᠪᠦᠷᠢᠯᠡᠯ᠎ᠦᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠰᠠᠭᠤᠷᠢ ᠪᠠᠨ ᠪᠡᠬᠢᠵᠢᠭᠦᠯᠵᠤ᠂ ᠳᠠᠪᠠᠭᠤᠯᠢᠭ᠋ ᠵᠢᠡᠨ ᠪᠠᠳᠠᠷᠠᠭᠤᠯᠵᠤ᠂ ᠳᠤᠲᠠᠭᠤᠳᠠᠯ᠎ᠢ ᠨᠥᠬᠥᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠷᠠᠭᠤᠯᠪᠠᠯ ᠰᠠᠶᠢ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠡᠦᠬᠡᠨ ᠰᠠᠨᠠᠭᠠᠴᠢᠯᠠᠭᠠᠲᠤ ᠴᠢᠨᠠᠷ ᠪᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠴᠢᠨᠠᠷ᠎ᠢ ᠡᠵᠡᠮᠰᠢᠵᠦ ᠴᠢᠳᠠᠨ᠎ᠠ᠃
ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠦᠨᠳᠦᠰᠦᠨ ᠱᠠᠭᠠᠷᠳᠠᠯᠭ᠎ᠠ᠎ᠶᠢ ᠡᠵᠡᠮᠰᠢᠬᠦ ᠬᠡᠷᠡᠭᠳᠡᠢ
ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠡᠷᠬᠡᠪᠰᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠲᠡᠭᠦᠨ᠎ᠦ ᠴᠢᠬᠤᠯᠠ ᠶᠡᠬᠡ ᠪᠥᠭᠡᠳ ᠠᠯᠤᠰ ᠬᠡᠳᠦ᠎ᠶᠢᠨ ᠠᠴᠢ ᠬᠣᠯᠪᠣᠭᠳᠠᠯ᠎ᠢ ᠲᠠᠨᠢᠵᠤ ᠡᠵᠡᠮᠰᠢᠬᠦ ᠬᠡᠷᠡᠭᠲᠡᠢ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠡᠯᠪᠡᠭ ᠪᠠᠶᠠᠯᠢᠭ᠋ ᠪᠠᠢᠬᠤ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠦᠨᠳᠦᠰᠦᠨ ᠱᠠᠭᠠᠷᠳᠠᠯᠭ᠎ᠠ ᠮᠥᠨ᠃ ᠡᠳ᠋ ᠪᠣᠳᠠᠰ᠎ᠤᠨ ᠲᠠᠯ᠎ᠠ᠎ᠪᠠᠷ ᠶᠠᠳᠠᠭᠤ ᠬᠣᠭᠣᠰᠤᠨ ᠪᠠᠢᠬᠤ ᠨᠢ ᠨᠡᠢᠭᠡᠮ ᠵᠢᠷᠤᠮ ᠪᠢᠰᠢ᠂ ᠤᠶᠦᠠ ᠰᠠᠨᠠᠭᠠᠨ᠎ᠤ ᠲᠠᠯ᠎ᠠ᠎ᠪᠠᠷ ᠶᠠᠳᠠᠭᠤ ᠬᠣᠭᠣᠰᠤᠨ ᠪᠠᠢᠬᠤ ᠨᠢ ᠴᠦ᠍ ᠨᠡᠢᠭᠡᠮ ᠵᠢᠷᠤᠮ ᠪᠢᠰᠢ ᠶᠤᠮ᠃ ᠠᠷᠠᠳ ᠲᠦᠮᠡᠨ᠎ᠦ ᠤᠶᠤᠨ᠎ᠤ ᠶᠢᠷᠲᠢᠨᠴᠦ᠎ᠶᠢ ᠪᠠᠶᠠᠯᠢᠭ᠍ᠵᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠱᠠᠭᠠᠷᠳᠠᠯᠭ᠎ᠠ ᠮᠥᠨ ᠪᠥᠭᠡᠳ ᠪᠠᠰᠠ ᠴᠤ᠌ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠎ᠶᠢᠨ ᠴᠢᠬᠤᠯᠠ ᠪᠠᠲᠤᠯᠠᠭ᠎ᠠ ᠮᠥᠨ᠃ ᠰᠣᠶᠣᠯ᠎ᠤᠨ ᠬᠦᠷᠢᠶᠡᠨ᠎ᠦ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠡᠷᠬᠡᠪᠰᠢ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠲᠠ᠎ᠶᠢ ᠠᠬᠢᠭᠤᠯᠬᠤ᠎ᠶᠢ ᠬᠠᠮᠤᠭ᠎ᠤᠨ ᠶᠡᠬᠡ ᠤᠯᠤᠰ ᠲᠥᠷᠥ ᠪᠡᠨ ᠪᠣᠯᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠠᠬᠢᠭᠤᠯᠬᠤ ᠲᠤᠯᠭᠠᠮᠰᠡᠳᠬᠢᠯᠭᠡ ᠪᠣᠯᠣᠨ ᠡᠭᠦᠷᠭᠡᠲᠦ ᠰᠡᠳᠬᠢᠯᠭᠡ᠎ᠪᠡᠨ ᠦᠨᠡᠨᠬᠦ ᠨᠡᠮᠡᠭᠳᠡᠭᠦᠯᠵᠦ᠂ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠤᠨ ᠰᠣᠶᠣᠯ᠎ᠤᠨ ᠬᠦᠷᠢᠶᠡᠨ᠎ᠦ ᠡᠯ᠎ᠡ ᠵᠦᠢᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠡᠷᠡᠭᠲᠡᠢ᠃
ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠳᠤᠮᠳᠠᠳᠤ᠎ᠶᠢᠨ ᠰᠣᠶᠣᠯ᠎ᠤᠨ ᠭᠣᠣᠯ ᠴᠣᠭᠴᠠᠲᠤ ᠴᠢᠨᠠᠷ᠎ᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ᠃ ᠰᠣᠶᠣᠯ᠎ᠤᠨ ᠢᠲᠡᠭᠡᠯ᠎ᠢᠶᠡᠨ ᠪᠠᠲᠤᠳᠬᠠᠬᠤ ᠪᠣᠯ ᠤᠯᠤᠰ᠎ᠤᠨ ᠬᠤᠪᠢ ᠵᠠᠶᠠᠭᠠᠨ᠎ᠤ ᠮᠠᠨᠳᠤᠵᠤ ᠪᠠᠭᠤᠷᠠᠬᠤ᠎ᠳᠤ ᠬᠣᠯᠪᠣᠭᠳᠠᠬᠤ᠂ ᠰᠣᠶᠣᠯ᠎ᠤᠨ ᠠᠮᠤᠷ ᠲᠦᠪᠰᠢᠨ᠎ᠳᠦ ᠬᠣᠯᠪᠣᠭᠳᠠᠬᠤ᠂ ᠦᠨᠳᠦᠰᠦᠲᠡᠨ᠎ᠦ ᠵᠣᠷᠢᠭ᠋ ᠰᠠᠨᠠᠭᠠᠨ᠎ᠤ ᠪᠡᠶ᠎ᠡ᠎ᠪᠡᠨ ᠳᠠᠭᠠᠭᠠᠬᠤ ᠴᠢᠨᠠᠷ᠎ᠲᠤ ᠬᠣᠯᠪᠣᠭᠳᠠᠬᠤ ᠶᠡᠬᠡ ᠠᠰᠠᠭᠤᠳᠠᠯ ᠮᠥᠨ᠃ ᠰᠣᠶᠣᠯ᠎ᠤᠨ ᠭᠣᠣᠯ ᠴᠣᠭᠴᠠᠲᠤ ᠴᠢᠨᠠᠷ ᠪᠠᠢᠪᠠᠯ ᠰᠣᠶᠣᠯ᠎ᠤᠨ ᠤᠳᠬ᠎ᠠ ᠠᠭᠤᠯᠭ᠎ᠠ ᠳᠡᠭᠡᠷᠡᠬᠢ ᠡᠷᠡᠰ ᠪᠠᠲᠤ ᠥᠪᠡᠷ ᠪᠢᠲᠠᠢ ᠪᠣᠯᠵᠤ᠂ ᠰᠣᠶᠣᠯ᠎ᠤᠨ ᠢᠲᠡᠭᠡᠯ ᠦᠨᠳᠦᠰᠦᠨ ᠲᠦᠰᠢᠭ᠎ᠲᠠᠢ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠴᠠᠭ ᠦᠶ᠎ᠡ᠎ᠶᠢ ᠬᠥᠲᠥᠯᠥᠨ ᠳᠠᠭᠠᠭᠤᠯᠬᠤ ᠬᠦᠴᠦᠷᠬᠡᠭ ᠶᠡᠬᠡ ᠰᠣᠶᠣᠯ᠎ᠤᠨ ᠬᠦᠴᠦᠨ᠎ᠲᠠᠢ ᠪᠣᠯᠵᠤ᠂ ᠳᠤᠮᠳᠠᠳᠤ᠎ᠶᠢᠨ ᠦᠨᠳᠦᠰᠦᠲᠡᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ ᠤᠯᠤᠰ ᠣᠷᠣᠨ᠎ᠢᠶᠠᠨ ᠮᠡᠳᠡᠷᠡᠬᠦ ᠪᠠᠲᠤ ᠪᠡᠬᠢ ᠰᠣᠶᠣᠯ᠎ᠤᠨ ᠰᠠᠭᠤᠷᠢ᠎ᠲᠠᠢ ᠪᠣᠯᠵᠤ᠂ ᠳᠤᠮᠳᠠᠳᠤ᠎ᠶᠢᠨ ᠪᠣᠯᠪᠠᠰᠤᠨ ᠳᠡᠯᠡᠬᠡᠢ᠎ᠶᠢᠨ ᠪᠤᠰᠤᠳ ᠪᠣᠯᠪᠠᠰᠤᠨ᠎ᠲᠠᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠬᠤ ᠢᠯᠡ ᠲᠣᠳᠣ᠌ ᠰᠣᠶᠣᠯ᠎ᠤᠨ ᠣᠨᠴᠠᠯᠢᠭ᠋᠎ᠲᠠᠢ ᠪᠣᠯᠣᠨ᠎ᠠ᠃
ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠬᠡᠷᠡᠭᠳᠡᠢ᠃ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠰᠣᠶᠣᠯ ᠪᠣᠯ ᠳᠤᠮᠳᠠᠳᠤ᠎ᠶᠢᠨ ᠦᠨᠳᠦᠰᠦᠲᠡᠨ᠎ᠦ ᠲᠠᠪᠤᠨ ᠮᠢᠩᠭ᠎ᠠ ᠭᠠᠷᠤᠢ ᠵᠢᠯ᠎ᠦᠨ ᠪᠣᠯᠪᠠᠰᠤᠨ᠎ᠤ ᠲᠡᠦᠬᠡ᠎ᠡᠴᠡ ᠬᠥᠪᠥᠷᠡᠭᠦᠯᠵᠦ ᠪᠣᠢᠵᠢᠭᠤᠯᠤᠭᠰᠠᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠠᠴᠠ ᠢᠷᠡᠯᠲᠡ᠎ᠲᠠᠢ ᠶᠤᠮ᠂ ᠲᠡᠷᠡ ᠨᠢ ᠨᠠᠮ᠎ᠠᠴᠠ ᠠᠷᠠᠳ ᠲᠦᠮᠡᠨ᠎ᠢ ᠤᠳᠤᠷᠢᠳᠤᠨ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠬᠦ ᠳᠤᠮᠳᠠ ᠡᠭᠦᠳᠦᠨ ᠪᠦᠲᠦᠭᠡᠭᠰᠡᠨ ᠬᠤᠪᠢᠰᠬᠠᠯᠲᠤ ᠰᠣᠶᠣᠯ ᠪᠠ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠳᠤ ᠠᠭᠤᠰᠴᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠳᠦᠯᠭᠡ᠎ᠳᠦ ᠦᠨᠳᠦᠰᠦᠯᠡᠭᠰᠡᠨ ᠶᠤᠮ᠃ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠪᠠᠢᠭᠤᠯᠤᠯ ᠲᠣᠭᠲᠠᠴᠠ᠎ᠪᠠᠷ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠨᠡᠩ ᠰᠠᠢᠲᠤᠷ ᠬᠥᠭᠵᠢᠭᠦᠯᠵᠦ᠂ ᠬᠤᠪᠢᠰᠬᠠᠯᠲᠤ ᠰᠣᠶᠣᠯ᠎ᠢ ᠨᠡᠩ ᠰᠠᠢᠲᠤᠷ ᠪᠠᠳᠠᠷᠠᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠨᠡᠩ ᠰᠠᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃
ᠮᠡᠳᠡᠭᠡ ᠵᠠᠩᠭᠢ᠎ᠶᠢᠨ ᠮᠡᠷᠭᠡᠵᠢᠯ᠎ᠦᠨ ᠦᠳᠲᠡᠷ ᠲᠦᠷᠭᠡᠨ ᠬᠥᠭᠵᠢᠯᠲᠡ᠎ᠶᠢᠨ ᠰᠢᠨ᠎ᠡ ᠪᠠᠢᠳᠠᠯ᠎ᠳᠤ ᠵᠣᠬᠢᠴᠠᠭᠰᠠᠨ ᠪᠠᠢᠭᠤᠯᠤᠯ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠬᠦ ᠪᠣᠯ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠶᠢᠨ ᠴᠢᠬᠤᠯᠠ ᠠᠭᠤᠯᠭ᠎ᠠ ᠪᠠ ᠬᠦᠴᠦᠯᠡᠬᠦ ᠴᠡᠭ ᠮᠥᠨ᠃
ᠠᠤᠭ᠎ᠠ ᠶᠡᠭᠡ ᠬᠡᠪᠴᠢᠶᠡᠪᠦᠬᠦᠢ ᠰᠢᠯᠢᠳᠡᠭ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠬᠥᠮᠥᠵᠢᠭᠦᠯᠬᠦ ᠬᠡᠷᠡᠭᠲᠡᠢ᠃ ᠰᠢᠯᠢᠳᠡᠭ ᠴᠢᠳᠠᠪᠤᠷᠢᠲᠠᠨ ᠪᠣᠯ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠬᠦᠴᠦᠨ ᠵᠦᠢᠯ ᠮᠥᠨ᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠡᠷᠬᠡᠪᠰᠢ ᠥᠭᠡᠷᠡᠴᠢᠯᠡᠯᠲᠡ ᠬᠥᠭᠵᠢᠯᠲᠡ᠎ᠶᠢᠨ ᠴᠢᠳᠠᠪᠤᠷᠢᠲᠠᠨ᠎ᠤ ᠰᠠᠭᠤᠷᠢ᠎ᠶᠢ ᠵᠤᠵᠠᠭᠠᠳᠬᠠᠵᠤ᠂ ᠠᠵᠢᠯ ᠲᠦᠷᠦᠯ᠂ ᠠᠵᠤ ᠦᠢᠯᠡᠰ᠎ᠦᠨ ᠬᠣᠰᠢᠭᠤᠷᠠᠯ ᠮᠡᠳᠡᠯᠭᠡ ᠪᠠ ᠮᠡᠷᠭᠡᠵᠢᠯ᠎ᠦᠨ ᠠᠬᠢᠴᠠ᠎ᠳᠤ ᠵᠣᠬᠢᠴᠠᠭᠤᠯᠵᠤ᠂ ᠠᠤᠭ᠎ᠠ ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠪᠣᠢᠵᠢᠭᠤᠯᠤᠨ ᠪᠦᠷᠢᠯᠳᠦᠭᠦᠯᠬᠦ ᠬᠡᠷᠡᠭᠲᠡᠢ᠃
ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠳᠡᠢ᠃ ᠠᠷᠠᠳ ᠤᠯᠠᠨ ᠪᠣᠯ ᠲᠡᠦᠬᠡ᠎ᠶᠢᠨ ᠤᠷᠤᠭᠰᠢᠯᠠᠯᠲᠠ ᠪᠠ ᠨᠡᠢᠭᠡᠮ᠎ᠦᠨ ᠬᠤᠪᠢᠰᠤᠯᠲᠠ᠎ᠶᠢ ᠠᠬᠢᠭᠤᠯᠬᠤ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠣᠳᠣᠬᠠᠨ᠎ᠤ ᠢᠨᠲᠧᠷ ᠰᠦᠯᠵᠢᠶᠡᠨ᠎ᠦ ᠴᠠᠭ ᠦᠶ᠎ᠡ᠎ᠳᠦ᠂ ᠰᠦᠯᠵᠢᠶᠡᠨ᠎ᠦ ᠣᠷᠣᠨ ᠵᠠᠢ ᠨᠢ ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠤᠨ ᠰᠢᠨ᠎ᠡ ᠣᠷᠣᠨ ᠵᠠᠢ ᠪᠣᠯᠵᠤ ᠪᠠᠢᠨ᠎ᠠ᠂ ᠠᠷᠠᠳ ᠤᠯᠠᠨ ᠪᠣᠯ ᠰᠦᠯᠵᠢᠶᠡᠨ᠎ᠦ ᠠᠭᠤᠯᠭ᠎ᠠ᠎ᠶᠢᠨ ᠡᠭᠦᠳᠦᠨ ᠪᠦᠲᠦᠭᠡᠭᠴᠢ ᠮᠥᠨ ᠪᠥᠭᠡᠳ ᠪᠠᠰᠠ ᠴᠤ᠌ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠬᠥᠲᠥᠯᠥᠨ ᠳᠠᠭᠠᠭᠤᠯᠤᠭ᠍ᠴᠢ ᠮᠥᠨ᠂ ᠳᠥᠭᠥᠮ ᠳᠥᠲᠡ ᠪᠥᠭᠡᠳ ᠪᠦᠲᠦᠮᠵᠢᠲᠡᠢ ᠰᠦᠯᠵᠢᠶ᠎ᠡ ᠨᠢ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠬᠥᠭᠵᠢᠭᠡᠬᠦ᠎ᠳᠦ ᠤᠷᠢᠳ ᠡᠮᠦᠨ᠎ᠡ ᠪᠠᠢᠭ᠎ᠠ ᠦᠭᠡᠢ ᠠᠷᠭ᠎ᠠ ᠵᠠᠮ ᠪᠠ ᠪᠣᠯᠣᠯᠴᠠᠭ᠎ᠠ᠎ᠶᠢ ᠬᠠᠩᠭᠠᠪᠠ᠃
ᠰᠣᠶᠣᠯ᠎ᠤᠨ ᠬᠦᠷᠢᠶᠡᠨ᠎ᠦ ᠥᠭᠡᠷᠡᠴᠢᠯᠡᠯᠲᠡ᠎ᠵᠢᠨ ᠭᠣᠣᠯᠳᠠᠯᠭ᠎ᠠ᠎ᠳᠤ ᠪᠠᠢᠷᠢᠯᠠᠭᠣᠯᠣᠯᠳᠠ ᠵᠢ ᠯᠠᠪᠳᠠᠭᠣᠨ ᠠᠬᠢᠭᠣᠯᠬᠣ ᠬᠡᠷᠡᠭᠳᠡᠢ
《ᠲᠣᠭᠲᠠᠭᠠᠯ》 ᠨᠢ ᠴᠠᠭ ᠦᠶ᠎ᠡ ᠪᠠ ᠦᠢᠯᠡᠳᠦᠯᠭᠡ᠎ᠶᠢᠨ ᠳᠤᠷᠠᠳᠤᠭᠰᠠᠨ ᠰᠣᠶᠣᠯ᠎ᠤᠨ ᠬᠥᠭᠵᠢᠯᠲᠡ᠎ᠶᠢᠨ ᠰᠢᠨ᠎ᠡ ᠰᠡᠳᠦᠪ᠎ᠢ ᠪᠦᠲᠦᠭᠡᠯᠴᠢ᠎ᠪᠡᠷ ᠬᠠᠷᠢᠭᠤᠯᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠦᠢᠯᠡᠳᠬᠦᠨ᠎ᠦ ᠬᠠᠩᠭᠠᠯᠭ᠎ᠠ᠎ᠶᠢᠨ ᠲᠣᠭᠲᠠᠴᠠ᠎ᠶᠢ ᠰᠢᠯᠢᠳᠡᠭᠵᠢᠭᠦᠯᠵᠦ᠂ ᠰᠦᠯᠵᠢᠶᠡᠨ᠎ᠦ ᠶᠡᠷᠦᠩᠬᠡᠢᠯᠡᠭᠰᠡᠨ ᠵᠠᠰᠠᠯᠳᠠ ᠵᠢᠨ ᠰᠢᠰᠲᠧᠮ᠎ᠢ ᠲᠡᠭᠦᠯᠳᠡᠷᠵᠢᠭᠦᠯᠵᠦ᠂ ᠨᠡᠩ ᠪᠦᠲᠦᠮᠵᠢᠲᠡᠢ ᠤᠯᠠᠨ ᠤᠯᠤᠰ᠎ᠲᠦ ᠣᠯᠠᠮᠵᠢᠯᠠᠨ ᠲᠠᠷᠬᠠᠭᠠᠬᠣ ᠰᠢᠰᠲᠧᠮ᠎ᠢ ᠪᠠᠢᠭᠤᠯᠤᠨ᠎ᠠ ᠭᠡᠵᠦ ᠲᠤᠷᠠᠳᠪᠠ᠃ ᠰᠢᠨ᠎ᠡ ᠪᠠᠢᠳᠠᠯ᠎ᠤᠨ ᠳᠣᠣᠷᠠᠬᠢ ᠰᠣᠶᠣᠯ᠎ᠤᠨ ᠬᠥᠭᠵᠢᠯᠲᠡ᠎ᠳᠦ ᠲᠤᠯᠭᠠᠷᠠᠵᠤ ᠪᠠᠢᠭ᠎ᠠ ᠴᠢᠬᠤᠯᠠ ᠶᠡᠬᠡ ᠥᠷᠢᠰᠦᠯᠳᠦᠭᠡᠨ᠎ᠢ ᠠᠷᠭᠠᠴᠠᠬᠤ᠎ᠳᠤ ᠠᠰᠢᠭ᠍ᠲᠠᠢ᠂ ᠢᠯᠡ ᠲᠣᠳᠣ᠌ ᠠᠰᠠᠭᠤᠳᠠᠯ᠎ᠤᠨ ᠤᠳᠤᠷᠢᠳᠤᠮᠵᠢ ᠪᠠ ᠬᠠᠷᠠᠯᠲᠠ᠎ᠶᠢᠨ ᠤᠳᠤᠷᠢᠳᠤᠮᠵᠢ᠎ᠲᠠᠢ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠴᠢᠨᠠᠷᠳᠠᠢ᠂ ᠪᠦᠬᠦ ᠲᠠᠯ᠎ᠠ᠎ᠶᠢᠨ ᠴᠢᠨᠠᠷᠲᠠᠢ ᠪᠠᠢᠷᠢᠯᠠᠭᠤᠯᠤᠯᠲᠠ ᠮᠦᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠣᠯᠠᠨ ᠤᠯᠤᠰ᠎ᠤᠨ ᠳᠠᠮᠵᠢᠭᠤᠯᠭ᠎ᠠ ᠵᠢᠨ ᠬᠦᠴᠦᠨ᠎ᠢ ᠳᠡᠭᠡᠭᠰᠢᠯᠡᠭᠦᠯᠬᠦ᠎ᠶᠢᠨ ᠵᠠᠩᠭᠢᠯᠠᠭ᠎ᠠ ᠪᠣᠯᠣᠨ᠎ᠠ᠃
ᠦᠵᠡᠯ ᠤᠬᠠᠮᠰᠠᠷ᠎ᠤᠨ ᠬᠡᠯᠪᠡᠷᠢ ᠨᠢ ᠰᠣᠶᠣᠯ᠎ᠤᠨ ᠤᠷᠤᠭᠰᠢᠯᠠᠯᠲᠠ᠎ᠶᠢᠨ ᠴᠢᠭᠯᠡᠯ ᠪᠠ ᠬᠥᠭᠵᠢᠯᠲᠡ᠎ᠶᠢᠨ ᠵᠠᠮ᠎ᠢ ᠲᠣᠭᠲᠠᠭᠠᠳᠠᠭ᠃ 《ᠲᠣᠭᠲᠠᠭᠠᠯ》᠎ᠳᠤ ᠤᠨᠤᠯ᠎ᠢᠶᠠᠷ ᠵᠡᠪᠰᠡᠭᠯᠡᠬᠦ᠂ ᠨᠡᠢᠭᠡᠮ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠂ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠂ ᠪᠣᠯᠪᠠᠰᠤᠨ᠎ᠤ ᠳᠡᠭᠡᠭᠰᠢᠯᠡᠯᠲᠡ᠂ ᠶᠣᠰᠣ᠌ ᠰᠤᠷᠲᠠᠬᠤᠨ᠎ᠤ ᠵᠠᠰᠠᠯᠲᠠ ᠵᠡᠷᠭᠡ ᠲᠠᠯ᠎ᠠ᠎ᠪᠠᠷ ᠠᠯᠢ ᠤᠯᠠᠨ ᠭᠣᠣᠯᠳᠠᠯᠭ᠎ᠠ᠎ᠲᠠᠢ ᠡᠭᠦᠷᠭᠡ᠎ᠶᠢ ᠳᠤᠷᠠᠳᠴᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠦᠨ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ᠎ᠶᠢ ᠢᠮᠠᠭᠲᠠ ᠨᠠᠮ᠎ᠤᠨ ᠭᠠᠷ᠎ᠲᠤ ᠪᠠᠲᠤ ᠡᠵᠡᠮᠰᠢᠬᠦ᠎ᠶᠢ ᠦᠨᠡᠨ ᠬᠦ᠌ ᠪᠠᠲᠤᠯᠠᠪᠠ᠃ ᠣᠳᠣᠬᠠᠨ᠎ᠳᠤ ᠢᠨᠲᠧᠷ ᠰᠦᠯᠵᠢᠶ᠎ᠡ ᠨᠢ ᠨᠢᠭᠡᠨᠲᠡ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠭᠣᠣᠯ ᠲᠡᠶ᠋ᠢᠨ᠎ᠦ ᠲᠠᠯᠠᠪᠤᠷ ᠪᠣᠯᠤᠭᠰᠠᠨ ᠪᠣᠯᠬᠣᠷ᠂ 《ᠲᠣᠭᠲᠠᠭᠠᠯ》᠎ᠳᠤ ᠪᠥᠬᠥ ᠵᠠᠭᠤᠴᠢᠯᠠᠭᠤᠷ᠎ᠤᠨ ᠦᠢᠯᠡᠳᠪᠦᠷᠢᠯᠡᠯ ᠳᠠᠮᠵᠢᠭᠤᠯᠭ᠎ᠠ᠎ᠳᠤ ᠵᠣᠬᠢᠴᠠᠬᠤ ᠠᠵᠢᠯ᠎ᠤᠨ ᠲᠣᠭᠲᠠᠴᠠ ᠪᠠ ᠦᠨᠡᠯᠡᠯᠲᠡ᠎ᠶᠢᠨ ᠰᠢᠰᠲᠧᠮ᠎ᠢ ᠪᠠᠢᠭᠤᠯᠵᠤ᠂ ᠭᠣᠣᠯ ᠵᠠᠭᠤᠴᠢᠯᠠᠭᠤᠷ᠎ᠤᠨ ᠰᠢᠰᠲᠧᠮ᠎ᠦᠨ ᠴᠢᠨᠠᠷᠲᠠᠢ ᠬᠤᠪᠢᠰᠤᠯᠲᠠ᠎ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ; ᠰᠦᠯᠵᠢᠶᠡᠨ ᠳᠡᠭᠡᠷᠡᠬᠢ ᠦᠵᠡᠯ ᠰᠠᠨᠠᠭ᠎ᠠ ᠶᠣᠰᠣ᠌ ᠮᠣᠷᠠᠯ᠎ᠤᠨ ᠬᠥᠮᠦᠵᠢᠯ᠎ᠢ ᠤᠯᠠᠨ ᠲᠦᠮᠡᠨᠴᠢᠯᠡᠬᠦ᠂ ᠨᠠᠷᠢᠯᠢᠭ᠋ ᠤᠨᠤᠴᠠᠳᠤ ᠬᠡᠷᠡᠭᠵᠢᠭᠦᠯᠬᠦ ᠲᠣᠭᠲᠠᠴᠠ᠎ᠶᠢ ᠪᠤᠢ ᠪᠣᠯᠭᠠᠵᠤ᠂ ᠶᠣᠰᠣ᠌ ᠮᠣᠷᠠᠯ᠎ᠤᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠵᠤᠬᠢᠴᠠᠭᠤᠯᠤᠨ ᠵᠠᠰᠠᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠬᠦ ᠵᠡᠷᠭᠡ ᠱᠠᠭᠠᠷᠳᠠᠯᠭ᠎ᠠ᠎ᠶᠢ ᠳᠤᠷᠠᠳᠤᠨ ᠭᠠᠷᠭᠠᠪᠠ᠃
ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠦᠢᠯᠡᠳᠬᠦᠨ᠎ᠦ ᠬᠠᠩᠭᠠᠯᠭ᠎ᠠ ᠪᠣᠯ ᠰᠣᠶᠣᠯ᠎ᠤᠨ ᠪᠠᠢᠭᠤᠯᠤᠯᠲᠠ᠎ᠶᠢᠨ ᠴᠢᠬᠤᠯᠠ ᠭᠣᠭᠴᠣᠭ᠎ᠠ ᠮᠥᠨ᠃ 《ᠲᠣᠭᠲᠠᠭᠠᠯ》᠎ᠳᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠬᠦ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡᠦᠢᠯᠡᠳᠪᠦᠷᠢᠯᠡᠯᠦᠨ ᠦᠢᠯᠡᠴᠢᠯᠡᠭᠡ᠂ ᠬᠥᠲᠥᠯᠥᠨ ᠵᠢᠯᠤᠭᠣᠳᠬᠤ᠂ ᠵᠣᠬᠢᠶᠠᠨ ᠪᠠᠶ᠋ᠢᠭᠤᠯᠬᠤ ᠠᠵᠢᠯ᠎ᠤᠨ ᠲᠣᠭᠲᠠᠴᠠ᠎ᠶᠢ ᠰᠠᠢᠵᠢᠷᠠᠭᠤᠯᠬᠤ᠂ ᠰᠣᠶᠣᠯ᠎ᠤᠨ ᠠᠵᠤ ᠦᠢᠯᠡᠰ᠎ᠦᠨ ᠰᠢᠰᠲᠧᠮ ᠪᠠ ᠵᠠᠬ᠎ᠠ ᠳᠡᠯᠭᠡᠭᠦᠷ᠎ᠦᠨ ᠰᠢᠰᠲᠧᠮ᠎ᠢ ᠪᠦᠷᠢᠨᠰᠢᠭᠦᠯᠬᠦ᠂ ᠤᠷᠠᠨ ᠰᠠᠢᠬᠠᠨ᠎ᠤ ᠬᠦᠷᠢᠶᠡᠨ᠎ᠦ ᠶᠡᠷᠦᠩᠬᠡᠢᠯᠡᠭᠰᠡᠨ ᠵᠠᠰᠠᠯᠲᠠ᠎ᠶᠢ ᠭᠦᠨᠵᠡᠭᠡᠢᠷᠡᠭᠦᠯᠬᠦ᠂ ᠰᠣᠶᠣᠯ᠎ᠤᠨ ᠥᠪ᠎ᠦᠨ ᠰᠢᠰᠲᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ᠎ᠶᠢ ᠠᠬᠢᠭᠤᠯᠬᠤ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠪᠠᠢᠭᠤᠯᠤᠯ ᠲᠣᠭᠲᠠᠴᠠ᠎ᠶᠢ ᠪᠦᠷᠢᠨᠰᠢᠭᠦᠯᠬᠦ ᠵᠡᠷᠭᠡ ᠲᠠᠯ᠎ᠠ᠎ᠪᠠᠷ ᠪᠣᠳᠠᠲᠠᠢ ᠪᠠᠢᠷᠢᠯᠠᠭᠤᠯᠤᠯᠲᠠ ᠬᠢᠭᠰᠡᠨ ᠪᠥᠭᠡᠳ ᠦᠷ᠎ᠡ ᠪᠦᠲᠦᠭᠡᠯ ᠭᠠᠷᠭᠠᠬᠤ ᠪᠠ ᠴᠢᠳᠠᠪᠤᠷᠢᠲᠠᠨ ᠬᠦᠮᠦᠵᠢᠬᠦᠯᠬᠦ᠎ᠶᠢ ᠤᠶᠠᠯᠳᠤᠭᠤᠯᠬᠤ᠂ ᠵᠣᠬᠢᠶᠠᠯ ᠪᠦᠲᠦᠭᠡᠯ᠎ᠢ ᠠᠳᠬᠤᠬᠤ ᠪᠠ ᠣᠷᠴᠢᠨ ᠠᠬᠤᠢ᠎ᠶᠢ ᠠᠳᠬᠤᠬᠤ᠎ᠶᠢ ᠨᠡᠪᠲᠡᠷᠡᠯᠴᠡᠭᠦᠯᠬᠦ ᠠᠵᠢᠯ᠎ᠤᠨ ᠰᠡᠳᠬᠢᠴᠠ ᠵᠢ ᠪᠠᠷᠢᠮᠲᠠᠯᠠᠵᠤ᠂ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠢᠯᠡᠷᠡᠭᠦᠯᠦᠭᠰᠡᠨ ᠪᠠᠢᠨ᠎ᠠ᠃
ᠰᠦᠯᠵᠢᠶᠡᠨ᠎ᠦ ᠶᠡᠷᠦᠩᠬᠡᠢᠯᠡᠭᠰᠡᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠪᠣᠯ ᠰᠢᠨ᠎ᠡ ᠪᠠᠢᠳᠠᠯ ᠳᠣᠣᠷᠠᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠪᠠᠢᠯᠳᠤᠬᠤ ᠪᠣᠳᠣᠯᠭ᠎ᠠ᠎ᠶᠢᠨ ᠭᠣᠣᠯᠳᠠᠯᠭ᠎ᠠ ᠪᠣᠯᠬᠤ ᠪᠥᠭᠡᠳ ᠪᠠᠰᠠ ᠴᠤ᠌ ᠬᠦᠴᠢᠷ ᠠᠰᠠᠭᠤᠳᠠᠯ ᠪᠣᠯᠣᠨ᠎ᠠ᠃ ᠰᠦᠯᠵᠢᠶᠡᠨ᠎ᠦ ᠳᠠᠮᠵᠢᠭᠤᠯᠭ᠎ᠠ᠎ᠶᠢᠨ ᠵᠢᠮ᠎ᠡ ᠶᠣᠰᠣ᠌᠎ᠶᠢ ᠰᠢᠨᠵᠢᠯᠡᠬᠦ ᠤᠬᠠᠭᠠᠨᠴᠢ᠎ᠪᠠᠷ ᠲᠠᠨᠢᠵᠤ᠂ ᠰᠦᠯᠵᠢᠶ᠎ᠡ᠎ᠪᠡᠷ ᠰᠦᠯᠵᠢᠶ᠎ᠡ᠎ᠶᠢ ᠵᠠᠰᠠᠬᠤ ᠲᠦᠪᠰᠢᠨ᠎ᠢᠶᠡᠨ ᠳᠡᠭᠡᠭᠰᠢᠯᠡᠭᠦᠯᠵᠦ᠂ ᠢᠨᠲ᠋ᠸᠷ ᠰᠦᠯᠵᠢᠶ᠎ᠡ ᠡᠨᠡ ᠬᠦ᠌ ᠬᠠᠮᠤᠭ᠎ᠤᠨ ᠶᠡᠬᠡ ᠬᠤᠪᠢᠰᠬᠤ ᠬᠡᠮᠵᠢᠶ᠎ᠡ᠎ᠶᠢ ᠠᠵᠢᠯ ᠦᠢᠯᠡᠰ᠎ᠦᠨ ᠬᠥᠭᠵᠢᠯᠲᠡ᠎ᠶᠢᠨ ᠬᠠᠮᠤᠭ᠎ᠤᠨ ᠶᠡᠬᠡ ᠨᠡᠮᠡᠭᠳᠡᠯ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃
ᠨᠡᠩ ᠪᠦᠲᠦᠮᠵᠢᠲᠡᠢ ᠤᠯᠠᠨ ᠤᠯᠤᠰ᠎ᠤᠨ ᠳᠠᠮᠵᠢᠭᠤᠯᠭ᠎ᠠ ᠵᠢᠨ ᠰᠢᠰᠲᠧᠮ᠎ᠢ ᠪᠠᠶ᠋ᠢᠭᠤᠯᠬᠤ ᠪᠣᠯ ᠮᠠᠨ᠎ᠤ ᠤᠯᠤᠰ᠎ᠤᠨ ᠤᠯᠤᠰ᠎ᠤᠨ ᠶᠡᠷᠦᠩᠬᠡᠢ ᠬᠦᠴᠦᠨ ᠪᠠ ᠳᠡᠯᠡᠬᠡᠢ ᠳᠡᠭᠡᠷᠡᠬᠢ ᠪᠠᠢᠷᠢ ᠰᠠᠭᠤᠷᠢ᠎ᠲᠠᠢ ᠵᠣᠬᠢᠴᠠᠯᠳᠤᠭᠰᠠᠨ ᠤᠯᠠᠨ ᠤᠯᠤᠰ᠎ᠤᠨ ᠦᠭᠡ ᠬᠡᠯᠡᠬᠦ ᠡᠷᠬᠡ᠎ᠶᠢ ᠪᠤᠢ ᠪᠣᠯᠭᠠᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠴᠠᠭ ᠦᠶ᠎ᠡ᠎ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠤ ᠲᠤᠯᠭᠠᠷᠠᠵᠤ ᠪᠠᠢᠭ᠎ᠠ ᠴᠢᠬᠤᠯᠠ ᠶᠡᠬᠡ ᠰᠡᠳᠦᠪ ᠪᠠ ᠲᠤᠯᠭᠠᠮ ᠡᠭᠦᠷᠭᠡ ᠮᠥᠨ᠃ 《ᠲᠣᠭᠲᠠᠭᠠᠯ》 ᠨᠢ ᠤᠯᠠᠨ ᠤᠯᠤᠰ᠎ᠤᠨ ᠳᠠᠮᠵᠢᠭᠤᠯᠭ᠎ᠠ᠎ᠶᠢᠨ ᠪᠠᠢᠷᠢᠰᠢᠯ᠎ᠢ ᠲᠠᠬᠢᠨ ᠪᠠᠶ᠋ᠢᠭᠤᠯᠬᠤ᠎ᠶᠢ ᠠᠬᠢᠭᠤᠯᠬᠤ᠂ ᠤᠯᠠᠨ ᠤᠯᠤᠰ᠎ᠤᠨ ᠳᠠᠮᠵᠢᠭᠤᠯᠭ᠎ᠠ᠎ᠶᠢᠨ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠪᠦᠬᠦ ᠪᠥᠮᠪᠥᠷᠴᠡᠭ᠎ᠦᠨ ᠪᠣᠯᠪᠠᠰᠤᠨ᠎ᠢ ᠪᠠᠶ᠋ᠢᠭᠤᠯᠬᠤ ᠰᠠᠨᠠᠭᠠᠴᠢᠯᠠᠭ᠎ᠠ᠎ᠶᠢ ᠦᠢᠯᠡᠳᠦᠯᠭᠡᠵᠢᠭᠦᠯᠬᠦ ᠲᠣᠭᠲᠠᠴᠠ᠂ ᠤᠯᠠᠨ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶᠢ ᠥᠷᠭᠡᠳᠬᠡᠬᠦ ᠵᠡᠷᠭᠡ ᠲᠠᠯ᠎ᠠ᠎ᠪᠠᠷ ᠥᠭᠡᠷᠡᠴᠢᠯᠡᠯᠲᠡ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃
ᠶᠡᠷᠦᠩᠬᠡᠢᠯᠡᠪᠡᠯ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠳᠦ ᠡᠷᠬᠡᠪᠰᠢ ᠰᠢᠰᠲᠸᠮ᠎ᠵᠢᠨ ᠬᠣᠷᠠᠮᠳᠤᠬᠣᠵᠢ ᠨᠡᠩ ᠴᠢᠬᠤᠯᠠᠴᠢᠯᠠᠵᠤ᠂ ᠥᠭᠡᠷᠡᠴᠢᠯᠡᠯᠲᠡ᠎ᠶᠢᠨ ᠪᠦᠬᠦᠯᠢ ᠴᠣᠭᠴᠠ᠎ᠶᠢᠨ ᠲᠥᠯᠦᠪᠵᠢᠭᠦᠯᠭᠡ᠂ ᠰᠢᠰᠲᠧᠮ᠎ᠦᠨ ᠪᠠᠢᠷᠢᠯᠠᠭᠤᠯᠤᠯᠲᠠ ᠵᠢ ᠴᠢᠩᠭᠠᠳᠬᠠᠵᠤ᠂ ᠡᠯ᠎ᠡ ᠲᠠᠯ᠎ᠠ᠎ᠶᠢᠨ ᠥᠭᠡᠷᠡᠴᠢᠯᠡᠯᠲᠡ᠎ᠶᠢ ᠬᠠᠷᠢᠯᠴᠠᠨ ᠵᠤᠬᠢᠴᠠᠭᠤᠯᠵᠤ᠂ ᠥᠨᠳᠥᠷ ᠪᠦᠲᠦᠮᠵᠢᠲᠡᠢ ᠪᠣᠯᠭᠠᠵᠤ᠂ ᠯᠠᠪᠳᠠᠭᠤᠨ ᠪᠠᠲᠤᠲᠠᠢ ᠠᠵᠢᠯ᠎ᠤᠨ ᠰᠤᠷᠲᠠᠯ᠎ᠢᠶᠠᠷ ᠰᠣᠶᠣᠯ᠎ᠤᠨ ᠬᠦᠷᠢᠶᠡᠨ᠎ᠳᠡᠬᠢ ᠥᠭᠡᠷᠡᠴᠢᠯᠡᠯᠲᠡ᠎ᠶᠢᠨ ᠡᠯ᠎ᠡ ᠵᠦᠢᠯ᠎ᠦᠨ ᠡᠭᠦᠷᠭᠡ᠎ᠶᠢ ᠨᠠᠢᠳᠠᠪᠤᠷᠢᠵᠢᠭᠤᠯᠬᠤ ᠵᠢ ᠠᠬᠢᠭᠤᠯᠵᠤ᠂ ᠨᠡᠢᠭᠡᠮ ᠵᠢᠷᠤᠮᠳᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃
(ᠵᠣᠬᠢᠶᠠᠭ᠍ᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠠᠷᠤᠭ᠎ᠠ)