ᠤᠢᠷ᠎ᠠ᠎ᠳᠤ ᠰᠤᠷᠪᠤᠯᠵᠢᠯᠠᠭ᠍ᠴᠢ ᠱᠢᠯᠢ᠎ᠶ᠋ᠢᠨ ᠭᠤᠤᠯ ᠠᠢᠮᠠᠭ᠎ᠤᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠲᠤᠬᠠᠢ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠡᠨᠡ ᠵᠢᠯ ᠲᠣᠰ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ ᠠᠯᠳᠠᠭ᠍ᠰᠠᠨ ᠦᠶ᠋ᠯᠡ ᠠᠵᠢᠯᠯᠠᠭ᠎ᠠ᠎ᠶ᠋ᠢ ᠵᠠᠯᠠᠷᠠᠭᠤᠯᠤᠭ᠍ᠰᠠᠨᠤ ᠳᠠᠷᠠᠭᠠᠬᠢ ᠢᠲᠡᠭᠡᠮᠵᠢ᠎ᠶ᠋ᠢ ᠰᠡᠷᠭᠦᠭᠡᠬᠦ᠌ ᠠᠵᠢᠯ᠎ᠢ ᠢᠳᠡᠪᠬᠢᠳᠡᠢ ᠬᠢᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠲᠣᠭ᠍ᠲᠠᠭᠠᠯ᠎ᠳᠤ ᠨᠡᠢᠴᠡᠬᠦ᠌᠂ ᠢᠲᠡᠭᠡᠮᠵᠢᠲᠡᠶ ᠡᠵᠡᠩᠨᠡᠬᠦ᠌᠎ᠶ᠋ᠢ ᠬᠥᠲᠥᠯᠥᠨ ᠵᠢᠯᠣᠭᠣᠳᠴᠤ᠌᠂ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠲᠦᠷᠢᠮ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠠᠵᠢᠯ᠎ᠤᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠬᠦ᠌ ᠪᠡᠷ ᠳᠠᠮᠵᠢᠭᠤᠯᠤᠨ᠂ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠨ ᠪᠣᠳᠠᠲᠠᠢᠵᠢᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠦᠨᠡᠨᠴᠢ ᠢᠲᠡᠭᠡᠮᠵᠢ᠎ᠶ᠋ᠢᠨ ᠤᠬᠠᠮᠰᠠᠷ ᠪᠠ ᠦᠨᠡᠨᠴᠢ ᠢᠲᠡᠭᠡᠮᠵᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ ᠪᠤᠢ᠃
ᠡᠨᠡ ᠵᠢᠯ ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠦᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠨᠠᠢᠳᠠᠪᠤᠷᠢᠵᠢᠭᠤᠯᠵᠤ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠠᠵᠢᠯᠯᠠᠭ᠎ᠠ᠎ᠶ᠋ᠢᠨ ᠠᠵᠢᠯ᠎ᠤᠨ ᠲᠥᠰᠦᠯ》᠎ᠢ᠋ ᠳᠠᠷᠤᠮᠠᠯᠯᠠᠨ ᠲᠠᠷᠬᠠᠭᠠᠵᠦ᠂ ᠡᠨᠡ ᠬᠦ᠌ ᠲᠥᠰᠦᠯ᠎ᠢᠶᠡᠷ ᠨᠢᠭᠡᠳᠦᠯᠲᠡᠶ ᠲᠥᠯᠥᠪᠯᠡᠵᠦ᠂ ᠤᠷᠢᠳ ᠬᠣᠵᠢᠳ 《ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ 〈ᠲᠡᠮᠦᠷ ᠨᠢᠳᠤᠷᠭ᠎ᠠ〉 ᠠᠵᠢᠯᠯᠠᠭ᠎ᠠ᠎ᠶ᠋ᠢᠨ ᠠᠵᠢᠯ᠎ᠤᠨ ᠲᠥᠰᠦᠯ》᠂ 《ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠯ᠎ᠤᠨ ᠡᠷᠬᠡ᠎ᠶ᠋ᠢᠨ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠶ᠋ᠢᠨ ᠲᠥᠰᠦᠯ》᠂ 《ᠪᠥᠬᠥ᠌ ᠠᠢᠮᠠᠭ᠎ᠤᠨ ᠵᠠᠷ ᠮᠡᠳᠡᠭᠡ᠎ᠶ᠋ᠢ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠲᠥᠰᠦᠯ》 ᠵᠢᠴᠢ ᠢᠳᠡᠭᠡᠨ᠎ᠦ ᠵᠦᠶ᠋ᠯ᠂ ᠡᠮ᠎ᠤᠨ ᠵᠦᠢᠯ᠂ ᠣᠨᠴᠠ ᠲᠥ᠋ᠷᠥᠯ᠎ᠦᠨ ᠲᠥᠬᠥᠭᠡᠷᠦᠮᠵᠢ᠂ ᠭᠤᠤᠯᠳᠠᠯᠭ᠎ᠠ᠎ᠲᠠᠶ ᠠᠵᠤ ᠦᠶ᠋ᠯᠡᠳᠪᠦᠷᠢ᠎ᠶ᠋ᠢᠨ ᠦᠶ᠋ᠯᠡᠳᠬᠦᠨᠵᠡᠷᠭᠡ ᠳᠥᠷᠪᠡᠨ ᠶᠡᠬᠡ ᠬᠦᠷᠢᠶᠡᠨ᠎ᠳᠡᠬᠢ ᠲᠤᠰᠭᠠᠶ ᠬᠠᠤᠯᠢ ᠬᠡᠷᠡᠭ᠌ᠵᠢᠭᠦᠯᠬᠦ᠌ ᠠᠵᠢᠯ᠎ᠤᠨ ᠲᠥᠰᠦᠯ᠎ᠢ ᠲᠤᠭᠳᠠᠭᠠᠨ ᠬᠡᠷᠡᠭᠵᠢᠭᠦᠯᠵᠦ᠂ ᠢᠳᠡᠭᠡᠨ ᠪᠠ ᠡᠮ᠎ᠦᠨ ᠵᠦᠶ᠋ᠯ᠎ᠦᠨ ᠠᠮᠤᠷ ᠲᠦᠪᠱᠢᠨ᠎ᠢ ᠴᠢᠩᠭ᠎ᠠ ᠪᠠᠢᠴᠠᠭᠠᠨ ᠱᠢᠶ᠋ᠳᠪᠦᠷᠢᠯᠡᠪᠡ᠃ ᠬᠣᠲᠠ ᠪᠠᠯᠭᠠᠰᠤᠨ᠎ᠤ ᠱᠢᠲᠠᠮᠠᠬᠠᠶ ᠬᠡᠢ᠎ᠶ᠋ᠢᠨ ᠬᠣᠭᠣᠯᠠᠶ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠡᠷᠬᠡ᠎ᠳᠦ ᠬᠠᠯᠳᠠᠬᠤ᠂ ᠬᠠᠭᠤᠷᠮᠠᠭ ᠮᠠᠭᠤ ᠪᠠᠷᠠᠭ᠎ᠠ᠎ᠳᠤ ᠴᠣᠬᠢᠯᠲᠠ ᠥᠭ᠌ᠬᠦ᠂ ᠬᠠᠤᠯᠢ᠎ᠠᠴᠠ ᠵᠥᠷᠢᠴᠡᠭ᠌ᠰᠡᠨ ᠬᠤᠳᠠᠯ ᠬᠠᠭᠤᠷᠮᠠᠭ ᠵᠠᠷ ᠮᠡᠳᠡᠭᠡ᠎ᠶ᠋ᠢ ᠵᠠᠰᠠᠨ ᠵᠠᠯᠠᠷᠠᠭᠤᠯᠵᠦ᠂ 《ᠠᠰᠠᠭᠤᠳᠠᠯ ᠲᠠᠢ ᠲᠡᠩᠨᠡᠭᠦᠷ》 ᠲᠦ᠍ ᠴᠣᠬᠢᠯᠲᠠ ᠥᠭ᠌ᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠠᠮᠤᠷ ᠲᠦᠪᠱᠢᠨ ᠵᠡᠷᠭᠡ 17 ᠭᠤᠤᠯᠳᠠᠯᠭ᠎ᠠ ᠲᠠᠶ ᠬᠦᠷᠢᠶᠡᠨ᠎ᠳᠡᠬᠢ ᠬᠠᠤᠯᠢ ᠲᠣᠭ᠍ᠲᠠᠭᠠᠯ᠎ᠢ ᠵᠥᠷᠢᠴᠡᠭ᠌ᠰᠡᠨ ᠠᠵᠢᠯᠯᠠᠭ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠢᠲᠡᠭᠡᠮᠵᠢ ᠠᠯᠳᠠᠭ᠍ᠰᠠᠨ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠢᠯᠡᠴᠢᠯᠡᠬᠦ᠌ ᠲᠣᠭ᠍ᠲᠠᠴᠠ᠎ᠶ᠋ᠢ ᠪᠠᠢᠭᠤᠯᠵᠦ᠂ ᠬᠦᠨᠳᠦ ᠨᠣᠴᠢᠲᠠᠶ ᠬᠠᠤᠯᠢ᠎ᠠᠴᠠ ᠵᠥᠷᠢᠴᠡᠨ ᠢᠲᠡᠭᠡᠮᠵᠢ ᠠᠯᠳᠠᠭ᠍ᠰᠠᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠲᠥᠪᠯᠡᠷᠡᠭᠦᠯᠦᠨ ᠵᠠᠷᠯᠠᠪᠠ᠃
ᠣᠳᠣᠬᠠᠨ ᠪᠣᠯᠲᠠᠯ᠎ᠠ ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠨᠡᠢᠲᠡ 438 ᠬᠡᠷᠡᠭ᠎ᠢ ᠪᠠᠢᠴᠠᠭᠠᠨ ᠱᠢᠶ᠋ᠳᠪᠦᠷᠢᠯᠡᠵᠦ᠍᠂ 58 ᠨᠡᠢᠲᠡᠯᠢᠭ ᠬᠡᠷᠡᠭ᠎ᠢ ᠨᠡᠢᠲᠡᠯᠡᠪᠡ᠃ ᠡᠭᠦᠨ᠎ᠳᠦ᠂ ᠪᠠᠷᠠᠭᠤᠨ ᠦᠵᠦᠮᠦᠴᠢᠨ ᠬᠣᠱᠢᠭᠤᠨ᠎ᠤ ᠨᠢᠭᠡ ᠮᠣᠲ᠋ᠣᠷ ᠲᠡᠷᠭᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠲᠥᠪ᠎ᠦᠨ ᠬᠢᠷᠢ ᠲᠡᠩᠴᠡᠭᠦ᠌ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠤᠭ᠍ᠰᠠᠨ ᠬᠡᠷᠡᠭ᠂ ᠲᠠᠢᠪᠤᠰᠧ ᠬᠣᠱᠢᠭᠤᠨ᠎ᠤ ᠨᠢᠭᠡ ᠨᠠᠭᠠᠳᠤᠮ᠎ᠤᠨ ᠵᠦᠶ᠋ᠯ᠎ᠦᠨ ᠪᠦᠷᠢᠨ ᠪᠠᠷᠠᠭᠠᠲᠤ ᠳᠡᠯᠭᠡᠭᠦᠷ᠎ᠦᠨ ᠪᠤᠰᠤᠳ᠎ᠤᠨ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠌᠎ᠢ ᠬᠠᠭᠤᠷᠮᠠᠭ᠍ᠯᠠᠨ ᠬᠡᠷᠡᠭ᠌ᠯᠡᠭ᠌ᠰᠡᠨ ᠬᠡᠷᠡᠭ᠂ ᠲᠠᠢᠪᠤᠰᠧ ᠬᠣᠱᠢᠭᠤᠨ᠎ᠤ ᠨᠢᠭᠡ ᠠᠷᠢᠭᠤᠨ ᠴᠡᠪᠡᠷ ᠤᠬᠢᠶᠠᠯ᠎ᠤᠨ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠭᠠᠵᠠᠷ᠎ᠤᠨ CCC ᠭᠡᠷᠡᠴᠢᠯᠡᠭᠡ ᠥᠬᠡᠶ ᠱᠢᠲᠠᠮᠠᠬᠠᠶ ᠬᠡᠶ᠎ᠶ᠋ᠢᠨ ᠵᠤᠤᠬ᠎ᠠ ᠪᠣᠷᠣᠯᠠᠭᠤᠯᠤᠭ᠍ᠰᠠᠨ ᠬᠡᠷᠡᠭ ᠵᠡᠷᠭᠡ 3 ᠬᠡᠷᠡᠭ ᠨᠢ ᠪᠥᠬᠥ᠌ ᠣᠷᠣᠨ᠎ᠤ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ 《ᠲᠡᠮᠦᠷ ᠨᠢᠳᠤᠷᠭ᠎ᠠ》 ᠠᠵᠢᠯᠯᠠᠭ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭ᠍ᠳᠠᠪᠠ᠃
ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠶᠤᠸᠠᠨ ᠳ᠋ᠤᠤ ᠶᠦᠩ᠂ ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠤᠯᠢ ᠬᠡᠷᠡᠭ᠌ᠵᠢᠭᠦᠯᠬᠦ᠌ ᠠᠵᠢᠯ᠎ᠤᠨ ᠪᠦᠲᠦᠮᠵᠢ ᠪᠡᠨ ᠦᠷᠭᠦᠯᠵᠢᠯᠡᠨ ᠪᠡᠬᠢᠵᠢᠭᠦᠯᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠠᠤᠯᠢ᠎ᠵᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠣᠬᠢᠯᠲᠠ ᠥᠭ᠌ᠬᠦ ᠡᠷᠴᠢᠮ᠎ᠢᠶᠡᠨ ᠴᠢᠩᠭᠠᠳᠬᠠᠵᠤ᠂ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠬᠠᠤᠯᠢ᠎ᠵᠢ ᠵᠥᠷᠢᠴᠡᠵᠦ᠍ ᠢᠲᠡᠭᠡᠮᠵᠢ ᠠᠯᠳᠠᠭ᠍ᠰᠠᠨ ᠦᠶ᠋ᠯᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠵᠠᠷᠯᠠᠨ ᠨᠡᠢᠲᠡᠯᠡᠵᠦ᠍᠂ ᠢᠲᠡᠭᠡᠮᠵᠢ᠎ᠶ᠋ᠢ ᠰᠡᠷᠭᠦᠭᠡᠬᠦ᠌ ᠠᠷᠭ᠎ᠠ ᠵᠠᠮ᠎ᠢ ᠱᠢᠯᠤᠭᠤᠳᠭᠠᠵᠤ᠂ ᠦᠨᠡᠨᠴᠢ ᠢᠲᠡᠭᠡᠮᠵᠢᠲᠡᠶ᠎ᠪᠡᠷ ᠬᠠᠤᠯᠢ᠎ᠶ᠋ᠢ ᠰᠠᠬᠢᠬᠤ᠂ ᠲᠥᠪ ᠭᠤᠤᠯᠴᠢ ᠡᠮᠬᠢ ᠵᠢᠷᠤᠮ᠎ᠲᠠᠶ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠤᠢ ᠪᠤᠯᠭᠠᠨ᠎ᠠ ᠭᠡᠪᠡ᠃