《ᠨᠢᠭᠡ ᠲᠥᠷᠥᠯ᠎ᠦᠨ ᠶᠠᠪᠤᠳᠠᠯ᠎ᠢ ᠨᠢᠭᠡ ᠥᠷᠲᠡᠭᠡ᠎ᠳ᠋ᠤ ᠭᠦᠶ᠋ᠴᠡᠳᠭᠡᠬᠦ᠌》 ᠦᠶ᠋ᠯᠡᠴᠢᠯᠡᠭᠡ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠵᠢ ᠨᠠᠩ ᠲᠥᠬᠥᠮ ᠲᠦᠷᠬᠡᠨ ᠪᠤᠯᠭᠠᠨ᠎ᠠ
2024-08-09 09:41:19
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

《ᠡᠢᠮᠦ᠍ ᠲᠦᠷᠭᠡᠨ ᠪᠦᠲᠦᠭᠡᠴᠢᠬᠡᠨ᠎ᠡ ᠭᠡᠵᠦ᠍ ᠪᠤᠳᠤᠵᠤ ᠣᠯᠤᠭ᠍ᠰᠠᠨ ᠥᠬᠡᠶ᠂ ᠦᠩᠭᠡᠷᠡᠭᠰᠡᠨ᠎ᠳᠦ ᠪᠢᠳᠡ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠦ ᠬᠦᠷᠴᠦ᠍ ᠲᠤᠭᠳᠠᠭᠰᠠᠨ ᠴᠤᠩᠬᠤᠪᠴᠢ ᠳ᠋ᠤ ᠠᠵᠢᠯ ᠶᠠᠪᠤᠳᠠᠯ ᠭᠦᠶ᠋ᠴᠡᠳᠭᠡᠬᠦ᠌᠎ᠳᠦ ᠴᠠᠭ ᠵᠠᠷᠤᠴᠠᠭᠤᠯᠵᠤ ᠬᠦᠴᠦ᠍ ᠪᠠᠷᠠᠵᠤ᠂ ᠡᠯ᠎ᠡ ᠵᠦᠶ᠋ᠯ᠎ᠦᠨ ᠭᠡᠷᠡᠴᠢ ᠦᠨᠡᠮᠯᠡᠯ ᠭᠦᠶ᠋ᠴᠡᠳᠭᠡᠬᠦ᠌᠎ᠳᠦ ᠮᠠᠰᠢ ᠶᠠᠷᠱᠢᠭ᠎ᠲᠠᠶ ᠪᠠᠢᠬᠰᠠᠨ ᠶᠤᠮ᠂ ᠣᠲᠣ ᠱᠢᠭᠤᠳ ᠭᠡᠷᠡᠴᠢ ᠦᠨᠡᠮᠯᠡᠯ ᠬᠢᠯᠭᠡᠵᠦ᠍ ᠮᠠᠨ᠎ᠤ ᠭᠠᠷ᠎ᠲᠤ ᠬᠦᠷᠭᠡᠵᠦ ᠢᠷᠡᠨ᠎ᠡ᠂ ᠡᠨᠡ ᠨᠢ ᠪᠢᠳᠡᠨ᠎ᠦ ᠴᠠᠭ ᠪᠠ ᠬᠦᠴᠦ ᠵᠢ ᠶᠡᠬᠡ᠎ᠪᠡᠷ ᠠᠷᠪᠢᠯᠠᠵᠠᠢ᠂ ᠮᠠᠨ᠎ᠤ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠳᠦ ᠶᠠᠪᠤᠬᠤ ᠲᠤᠳᠤᠮ ᠲᠥᠬᠥᠮ ᠪᠣᠯᠵᠣ ᠪᠠᠢᠨ᠎ᠠ》᠃ ᠲᠦᠷᠦᠭᠦᠬᠡᠨ᠂ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠬᠡᠷ᠎ᠲᠦᠨᠢ ᠬᠦᠷᠴᠦ᠍ ᠦᠶ᠋ᠯᠡᠴᠢᠯᠡᠬᠦ᠌ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠠᠵᠢᠯᠲᠠᠨ ᠥᠪᠥᠷ ᠮᠣᠩᠭᠣᠯ᠎ᠤᠨ ᠱᠠ ᠧᠨ ᠡᠳ᠋ᠯᠡᠩ ᠤ᠋ᠨ ᠪᠠᠭᠤᠳᠠᠯ᠎ᠤᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠳᠤ ᠬᠦᠷᠴᠦ᠍᠂ ᠭᠦᠶ᠋ᠴᠡᠳᠭᠡᠵᠦ᠍ ᠳᠠᠭᠤᠰᠤᠭ᠍ᠰᠠᠨ ᠭᠡᠷᠡᠴᠢ ᠦᠨᠡᠮᠯᠡᠯ᠎ᠢ᠋ ᠨᠢ ᠲᠣᠰ ᠺᠣᠮᠫᠠᠨᠢ᠎ᠳᠤ ᠬᠦᠷᠭᠡᠵᠦ᠍ ᠥᠭ᠌ᠭᠦᠭ᠌ᠰᠡᠨ᠎ᠳᠦ᠂ ᠲᠣᠰ ᠺᠣᠮᠫᠠᠨᠢ᠎ᠶ᠋ᠢᠨ ᠳᠠᠭᠠᠭᠠᠮᠠᠯ ᠮᠥ᠍ ᠶᠦᠨ ᠹᠸᠢ ᠡᠷᠡᠬᠡᠢ ᠭᠠᠷᠭᠠᠨ ᠮᠠᠬᠳᠠᠵᠤ ᠪᠢᠯᠡ᠃

ᠡᠨᠡ ᠵᠢᠯ᠎ᠡᠴᠡ ᠨᠠᠭᠠᠰᠢ᠂ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠨᠢ ᠪᠠᠯᠠ ᠣᠷᠣᠭᠤᠯᠵᠤ ᠦᠶ᠋ᠯᠡᠰ ᠪᠤᠰᠬᠠᠬᠤ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠪᠡᠷ ᠨᠠᠭᠠᠰᠢ ᠴᠠᠭᠠᠰᠢ ᠭᠦᠶᠦᠬᠦ᠌᠂ ᠴᠠᠭ ᠵᠠᠷᠤᠴᠠᠭᠤᠯᠵᠤ ᠬᠦᠴᠦ᠍ ᠪᠠᠷᠠᠬᠤ ᠵᠡᠷᠭᠡ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠲᠣᠰ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠨᠢ ᠦᠶ᠋ᠯᠡᠴᠢᠯᠡᠭᠡᠨ᠎ᠦ ᠠᠷᠭ᠎ᠠ ᠮᠠᠶᠢᠭ᠎ᠢᠶᠠᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠦᠶ᠋ᠯᠡᠴᠢᠯᠡᠭᠡᠨ᠎ᠦ ᠦᠢᠯᠡᠳᠦᠯ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠦᠶ᠋ᠯᠡᠴᠢᠯᠡᠭᠡ᠎ᠪᠡᠨ ᠨᠡᠮᠡᠭ᠌ᠳᠡᠭᠦᠯᠬᠦ᠌ ᠪᠠ ᠶᠠᠰᠤ ᠴᠢᠨᠠᠷ᠎ᠢᠶᠠᠨ ᠦᠷᠭᠦᠯᠵᠢᠯᠡᠨ ᠨᠡᠮᠡᠭ᠌ᠳᠡᠭᠦᠯᠵᠦ᠂ ᠠᠵᠤ ᠠᠬᠤᠢᠯᠠᠯ᠎ᠤᠨ ᠭᠡᠷᠡᠴᠢ ᠦᠨᠡᠮᠯᠡᠯ ᠠᠪᠬᠤ ᠶᠠᠪᠤᠳᠠᠯ᠎ᠢ 《ᠪᠡᠶ᠎ᠡ ᠪᠡᠷ ᠵᠢᠡᠨ ᠬᠦᠷᠴᠦ᠍ ᠠᠪᠬᠤ》 ᠪᠠᠢᠬᠰᠠᠨ ᠡᠴᠡ 《ᠬᠦᠯᠢᠶᠡᠵᠦ᠍ ᠲᠤᠰᠴᠤ ᠠᠪᠬᠤ》 ᠪᠣᠯᠭᠠᠨ ᠬᠤᠪᠢᠷᠠᠭᠤᠯᠪᠠ᠃

ᠡᠨᠡ ᠵᠢᠯ᠎ᠡᠴᠡ ᠨᠠᠭᠠᠰᠢ᠂ ᠠᠯᠠᠱᠠ ᠠᠢᠮᠠᠭ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠢᠮᠠᠭ᠍ᠲᠠ ᠠᠷᠠᠳ ᠲᠦᠮᠡᠨ᠎ᠢᠶᠡᠷ ᠦᠨᠳᠦᠰᠦ ᠪᠣᠯᠭᠠᠬᠤ᠂ ᠠᠵᠤ ᠠᠬᠤᠢᠯᠠᠯ᠎ᠢ ᠳᠡᠭᠡᠳᠦᠯᠡᠬᠦ᠌ ᠵᠠᠷᠴᠢᠮ᠎ᠢ ᠪᠠᠷᠢᠮᠲᠠᠯᠠᠵᠤ᠂ ᠠᠵᠤ ᠠᠬᠤᠢᠯᠠᠯ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠳᠡᠬᠢ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ ᠭᠦᠶ᠋ᠴᠡᠳᠭᠡᠬᠦ᠌》 ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃ ᠡᠨᠡ ᠵᠢᠯ᠎ᠦᠨ 5 ᠰᠠᠷ᠎ᠠ᠎ᠡᠴᠡ ᠡᠬᠢᠯᠡᠨ᠂ ᠲᠣᠰ ᠠᠢᠮᠠᠭ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠲᠦ ᠨᠢᠭᠡ ᠪᠦᠯᠦᠭ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠢ ᠨᠠᠷᠢᠨ ᠨᠢᠮᠪᠠᠶ ᠪᠠᠢᠭᠤᠯᠵᠤ᠂ ᠠᠵᠤ ᠠᠬᠤᠢᠯᠠᠯ᠎ᠳᠤ ᠨᠢᠭᠡ ᠥᠷᠲᠡᠭᠡᠴᠢᠯᠡᠭᠰᠡᠨ ᠮᠠᠶᠢᠭ᠎ᠤᠨ᠂ ᠪᠥᠬᠥ᠌ ᠲᠠᠯ᠎ᠠ᠎ᠶ᠋ᠢᠨ᠂ ᠥᠪᠡᠷᠮᠢᠴᠡ ᠣᠨᠴᠠᠯᠢᠭ᠎ᠲᠠᠶ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠠᠩᠭᠠᠵᠤ ᠪᠤᠢ᠃

ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠶ᠋ᠢ ᠨᠠᠩ ᠳᠥᠭᠥᠮ ᠲᠦᠷᠬᠡᠨ  ᠪᠣᠯᠭᠠᠬᠤ᠎ᠪᠠᠷ ᠭᠤᠤᠯᠳᠠᠯᠭ᠎ᠠ ᠪᠣᠯᠭᠠᠵᠤ᠂ ᠲᠤᠰ ᠠᠢᠮᠠᠭ ᠪᠥᠬᠥ᠌ ᠠᠢᠮᠠᠭ᠎ᠤᠨ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ ᠨᠢ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠦᠶ᠋ᠯᠡᠴᠢᠯᠡᠭᠡ 《ᠨᠢᠭᠡ ᠲᠥᠷᠥᠯ᠎ᠦᠨ ᠶᠠᠪᠤᠳᠠᠯ᠎ᠢ ᠨᠢᠭᠡ ᠥᠷᠲᠡᠭᠡ᠎ᠳᠦ ᠭᠦᠶ᠋ᠴᠡᠳᠭᠡᠬᠦ᠌》 ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠢ ᠨᠡᠭᠡᠭᠡᠵᠦ᠂ ᠠᠵᠤ ᠠᠬᠤᠢᠯᠠᠯ᠎ᠳᠤ ᠬᠣᠯᠪᠣᠭ᠍ᠳᠠᠬᠤ ᠦᠶ᠋ᠯᠡᠴᠢᠯᠡᠭᠡᠨ᠎ᠦ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌᠎ᠪᠡᠷ ᠳᠠᠮᠵᠢᠭᠤᠯᠤᠨ᠂ ᠪᠠᠷᠢᠮᠵᠢᠶᠠᠵᠢᠭ᠍ᠰᠠᠨ᠂ ᠬᠤᠷᠠᠮᠠᠯ᠂ ᠲᠤᠰᠭᠠᠢᠵᠢᠭ᠍ᠰᠠᠨ ᠪᠤᠳᠠᠳᠤ ᠴᠤᠬᠴᠠ ᠵᠢᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠬᠦᠢᠴᠡᠳᠬᠡᠬᠦ 》 ᠦᠶ᠋ᠯᠡᠴᠢᠯᠡᠭᠡ ᠵᠢ ᠬᠠᠩᠭᠠᠵᠤ᠂ ᠠᠵᠤ ᠠᠬᠤᠢᠯᠠᠯ᠎ᠤᠨ ᠡᠵᠡᠩᠨᠡᠯᠳᠠ ᠵᠢ ᠵᠦᠪᠰᠢᠶᠡᠷᠡᠬᠦ᠂ ᠤᠰᠤ ᠴᠠᠬᠢᠯᠭᠠᠨ ᠬᠡᠶ ᠳᠤᠯᠠᠭᠠᠯᠠᠭ᠎ᠠ᠎ᠶ᠋ᠢᠨ ᠬᠠᠮᠲᠤᠷᠠᠭ᠍ᠰᠠᠨ ᠮᠡᠳᠡᠭᠦᠯᠦᠨ ᠤᠭ᠍ᠰᠠᠷᠠᠭᠤᠯᠬᠤ ᠵᠡᠷᠭᠡ ᠣᠯᠠᠨ ᠵᠦᠶ᠋ᠯ᠎ᠦᠨ 《ᠨᠢᠭᠡ ᠶᠠᠪᠤᠳᠠᠯ》 ᠤ᠋ᠨ ᠦᠶ᠋ᠯᠡᠴᠢᠯᠡᠭᠡ ᠵᠢ ᠬᠠᠩᠭᠠᠵᠤ᠂ ᠡᠯ᠎ᠡ ᠲᠤᠰᠭᠠᠶ ᠲᠤᠭᠤᠷᠢᠭ ᠲᠤ᠌ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠠᠵᠢᠯᠲᠠᠨ 18 ᠬᠥᠮᠦᠨ᠎ᠢ ᠲᠣᠬᠢᠷᠠᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ 283 ᠦᠶ᠋ᠯᠡᠴᠢᠯᠡᠭᠡᠨ᠎ᠦ ᠵᠦᠶ᠋ᠯᠡᠰ᠎ᠢ ᠭᠦᠶ᠋ᠴᠡᠳᠭᠡᠵᠦ᠍ ᠲᠠᠢᠯᠬᠦ ᠪᠤᠯᠪᠠ᠃ ᠣᠳᠣᠬᠠᠨ ᠪᠣᠯᠲᠠᠯ᠎ᠠ᠂ ᠨᠡᠢᠲᠡ 1211 ᠤᠳᠠᠭ᠎ᠠ ᠦᠶ᠋ᠯᠡᠴᠢᠯᠡᠭᠡ ᠬᠠᠩᠭᠠᠪᠠ᠃

ᠦᠶ᠋ᠯᠡᠴᠢᠯᠡᠭᠡ᠎ᠶ᠋ᠢ ᠨᠠᠩ ᠬᠠᠯᠠᠭᠤᠮᠰᠤᠭ ᠪᠣᠯᠭᠠᠬᠤ᠎ᠶ᠋ᠢᠨ ᠲᠥᠯᠥᠭᠡ᠂ ᠲᠣᠰ ᠠᠢᠮᠠᠭ ᠡᠯ᠎ᠡ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠲᠤ 《ᠦᠶ᠋ᠯᠡᠴᠢᠯᠡᠭᠡᠨ᠎ᠦ ᠬᠠᠮᠢᠶᠠᠷᠤᠭ᠍ᠴᠢ》 ᠲᠤᠰᠭᠠᠶ ᠲᠤᠱᠢᠶᠠᠯᠲᠤ ᠣᠷᠣᠯᠠᠨ ᠭᠦᠶ᠋ᠴᠡᠳᠭᠡᠭ᠌ᠴᠢ 5 ᠬᠥᠮᠦᠨ᠎ᠢ ᠲᠣᠬᠢᠷᠠᠭᠤᠯᠵᠤ᠂ ᠡᠭᠦᠳᠡ ᠣᠷᠣᠵᠤ ᠢᠷᠡᠮᠡᠭ᠌ᠴᠡ ᠳᠠᠷᠤᠶ ᠵᠣᠯᠭᠠᠯᠳᠤᠭᠤᠯᠬᠤ᠂ ᠪᠥᠬᠥ᠌ ᠶᠠᠪᠤᠴᠠ᠎ᠳᠤ ᠬᠠᠪᠰᠤᠷᠤᠨ ᠭᠦᠶ᠋ᠴᠡᠳᠭᠡᠬᠦ᠌᠂ ᠪᠦᠬᠦ ᠲᠠᠯ᠎ᠠ᠎ᠳᠤ ᠦᠶ᠋ᠯᠡᠴᠢᠯᠡᠪᠡ᠃ ᠲᠤᠰᠭᠠᠶ ᠲᠤᠱᠢᠶᠠᠯᠲᠤ ᠣᠷᠣᠯᠠᠨ ᠭᠦᠶ᠋ᠴᠡᠳᠭᠡᠭ᠌ᠴᠢ᠎ᠨᠢ ᠲᠤᠰᠭᠠᠶ ᠲᠣᠭᠣᠷᠢᠭ᠎ᠤᠨ ᠨᠢᠭᠡᠳᠦᠭᠡᠷ ᠬᠥᠲᠥᠯᠥᠨ ᠵᠢᠯᠣᠭᠣᠳᠣᠭ᠍ᠴᠢ ᠪᠣᠯᠤᠭ᠍ᠰᠠᠨ᠎ᠤ ᠬᠤᠪᠢ᠎ᠳᠤ᠂ ᠠᠵᠢᠯ ᠶᠠᠪᠤᠳᠠᠯ ᠭᠦᠶ᠋ᠴᠡᠳᠭᠡᠬᠦ᠌ ᠠᠵᠤ ᠠᠬᠤᠢᠯᠠᠯ᠎ᠲᠠᠶ ᠰᠠᠨᠠᠭᠠᠴᠢᠯᠠᠭ᠎ᠠ᠎ᠡᠴᠡ᠎ᠪᠠᠨ ᠵᠣᠯᠭᠠᠯᠳᠤᠵᠤ᠂ ᠠᠵᠢᠯ ᠶᠠᠪᠤᠳᠠᠯ ᠭᠦᠶ᠋ᠴᠡᠳᠭᠡᠬᠦ᠌ ᠬᠦᠴᠢᠷᠳᠠᠯ ᠴᠡᠭ᠂ ᠲᠦᠭ᠌ᠵᠢᠷᠡᠯ ᠴᠡᠭ᠎ᠢ ᠵᠣᠬᠢᠴᠠᠭᠤᠯᠤᠨ ᠱᠢᠶ᠋ᠳᠪᠦᠷᠢᠯᠡᠵᠦ᠍᠂ ᠠᠵᠢᠯ ᠶᠠᠪᠤᠳᠠᠯ ᠭᠦᠶ᠋ᠴᠡᠳᠭᠡᠬᠦ᠌ ᠵᠥᠪᠯᠡᠯᠭᠡ ᠥᠭ᠌ᠬᠦ᠂ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠵᠡᠷᠭᠡ ᠬᠡᠯᠬᠢᠶᠡᠵᠢᠭ᠌ᠰᠡᠨ ᠦᠶ᠋ᠯᠡᠴᠢᠯᠡᠭᠡ ᠬᠠᠩᠭᠠᠵᠤ᠂ ᠠᠷᠠᠳ᠎ᠲᠤ ᠲᠥᠬᠥᠮ ᠦᠵᠡᠭᠦᠯᠵᠦ ᠠᠵᠤ ᠠᠬᠤᠢᠯᠠᠯ᠎ᠳᠤ ᠠᠱᠢᠭ ᠬᠦᠷᠲᠡᠭᠡᠬᠦ ᠦᠶ᠋ᠯᠡᠴᠢᠯᠡᠭᠡᠨ᠎ᠦ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠣᠳᠣᠬᠠᠨ ᠪᠣᠯᠲᠠᠯ᠎ᠠ᠂ ᠲᠤᠰᠭᠠᠶ ᠲᠤᠱᠢᠶᠠᠯᠲᠤ ᠣᠷᠣᠯᠠᠨ ᠭᠦᠶ᠋ᠴᠡᠳᠭᠡᠭ᠌ᠴᠢ᠎ᠡᠴᠡ ᠨᠡᠢᠲᠡ 29 ᠠᠵᠤ ᠠᠬᠤᠢᠯᠠᠯ᠎ᠤᠨ 32 ᠲᠥᠷᠥᠯ ᠵᠦᠶ᠋ᠯ᠎ᠳᠦ ᠪᠥᠬᠥ᠌ ᠶᠠᠪᠤᠴᠠ᠎ᠶ᠋ᠢᠨ 《ᠬᠠᠮᠢᠶᠠᠷᠤᠭ᠍ᠴᠢ ᠮᠠᠶᠢᠭ》 ᠤ᠋ᠨ ᠦᠶ᠋ᠯᠡᠴᠢᠯᠡᠭᠡ ᠬᠠᠩᠭᠠᠪᠠ᠃

ᠵᠠᠰᠠᠭ ᠪᠠ ᠠᠵᠤ ᠠᠬᠤᠢᠯᠠᠯ᠎ᠤᠨ ᠨᠡᠪᠲᠡᠷᠡᠯᠴᠡᠬᠦ᠌ ᠠᠷᠭ᠎ᠠ ᠵᠠᠮ᠎ᠢ ᠨᠠᠩ ᠰᠠᠭᠠᠳ ᠥᠬᠡᠶ ᠪᠣᠯᠭᠠᠬᠤ᠎ᠶ᠋ᠢᠨ ᠲᠥᠯᠥᠭᠡ᠂ ᠲᠣᠰ ᠠᠢᠮᠠᠭ ᠨᠢ ᠪᠠᠰᠠ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠲᠤ ᠠᠵᠤ ᠠᠬᠤᠢᠯᠠᠯ᠎ᠤᠨ ᠵᠥᠪᠳᠡᠯᠴᠡᠬᠦ᠌ ᠠᠭᠤᠯᠵᠠᠯᠲᠠ᠎ᠶ᠋ᠢᠨ ᠭᠡᠷ ᠪᠠᠢᠭᠤᠯᠵᠤ᠂ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠦᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠂ ᠬᠡᠷᠡᠭ ᠶᠠᠪᠤᠳᠠᠯ᠎ᠤᠨ ᠲᠡᠷᠢᠭᠦᠨ ᠲᠥᠯᠥᠭᠡᠯᠡᠭ᠌ᠴᠢ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠣᠬᠢᠶᠠᠨ ᠪᠠᠢᠭᠤᠯᠤᠨ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠬᠥᠯᠢᠶᠠᠨ ᠠᠪᠴᠤ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠳᠡᠭᠡᠨ ᠣᠯᠠᠨ ᠰᠠᠯᠠᠭ᠎ᠠ ᠮᠥᠴᠢᠷ᠎ᠢ ᠡᠷᠢᠵᠦ᠍ ᠪᠠᠢᠭ᠍ᠰᠠᠨ᠎ᠡᠴᠡ ᠨᠢᠭᠡ ᠲᠤᠰᠭᠠᠶ ᠲᠣᠭᠣᠷᠢᠭ ᠎ᠢ ᠡᠷᠢᠪᠠᠯ ᠪᠤᠯᠴᠢᠬᠠᠬᠤ  ᠳᠠᠢᠰᠢ ᠬᠤᠪᠢᠷᠠᠭᠤᠯᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ 《ᠠᠵᠤ ᠠᠬᠤᠢᠯᠠᠯ᠎ᠤᠨ ᠶᠠᠷᠢᠯᠴᠠᠬᠤ ᠬᠤᠷᠠᠯ》 ᠢ᠋ ᠨᠡᠢᠲᠡ 6 ᠤᠳᠠᠭ᠎ᠠ ᠵᠣᠬᠢᠶᠠᠨ ᠪᠠᠢᠭᠤᠯᠤᠨ ᠬᠤᠷᠠᠯᠳᠤᠭᠤᠯᠵᠤ᠂ ᠲᠥᠷᠥᠯ ᠵᠦᠶ᠋ᠯ᠎ᠦᠨ ᠭᠠᠷᠳᠠᠮ᠎ᠢ ᠭᠦᠶ᠋ᠴᠡᠳᠭᠡᠬᠦ᠌ ᠠᠬᠢᠴᠠ᠎ᠶ᠋ᠢ ᠢᠳᠡᠪᠬᠢᠲᠡᠶ ᠵᠣᠬᠢᠴᠠᠭᠤᠯᠤᠨ ᠠᠬᠢᠭᠤᠯᠵᠤ᠂ ᠬᠢᠨᠠᠨ ᠵᠥᠪᠱᠢᠶᠡᠷᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠲᠦᠷᠭᠡᠳᠭᠡᠪᠠ᠃

ᠲᠣᠰ ᠠᠢᠮᠠᠭ ᠶᠡᠷᠦᠩᠬᠡᠢᠯᠡᠭ᠌ᠰᠡᠨ ᠴᠣᠩᠬᠤᠪᠴᠢ᠎ᠶ᠋ᠢᠨ ᠲᠤᠷᠱᠢᠯᠲᠠ᠎ᠶ᠋ᠢᠨ ᠴᠡᠭ᠎ᠤᠨ ᠭᠠᠳᠠᠭ᠍ᠰᠢ ᠳᠠᠭᠠᠭᠠᠴᠢᠯᠠᠭᠤᠯᠬᠤ ᠦᠶ᠋ᠯᠡᠴᠢᠯᠡᠭᠡ᠎ᠶ᠋ᠢ ᠬᠡᠷᠡᠭ᠌ᠵᠢᠭᠦᠯᠵᠦ᠍᠂ ᠡᠵᠡᠨ᠎ᠡ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠲᠦ 《ᠶᠡᠷᠦᠩᠬᠡᠢᠯᠡᠭ᠌ᠰᠡᠨ ᠴᠣᠩᠬᠤᠪᠴᠢ + ᠭᠤᠷᠪᠠᠳᠠᠬᠢ ᠡᠲᠡᠭᠡᠳ᠎ᠦᠨ ᠭᠠᠳᠠᠭ᠍ᠰᠢ ᠳᠠᠭᠠᠭᠠᠴᠢᠯᠠᠭᠤᠯᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠭᠡᠷᠡᠴᠢᠯᠡᠯᠲᠡ᠎ᠶ᠋ᠢᠨ ᠱᠢᠨ᠎ᠡ ᠵᠠᠭ᠍ᠪᠤᠷ᠎ᠢ ᠲᠤᠷᠱᠢᠨ ᠬᠡᠷᠡᠭ᠌ᠵᠢᠭᠦᠯᠵᠦ᠍᠂  26 ᠰᠠᠯᠠᠭ᠎ᠠ ᠮᠥᠴᠢᠷ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ 917 ᠵᠦᠶ᠋ᠯ᠎ᠦᠨ ᠠᠵᠢᠯ᠎ᠢ ᠢᠯᠭᠠᠭ᠎ᠠ ᠥᠬᠡᠶ᠎ᠪᠡᠷ ᠭᠥᠯᠢᠶᠡᠨ ᠠᠪᠴᠤ᠌ ᠱᠢᠶ᠋ᠳᠪᠦᠷᠢᠯᠡᠨ᠂ 《ᠶᠡᠷᠦᠩᠬᠡᠢᠯᠡᠭ᠌ᠰᠡᠨ ᠴᠣᠩᠬᠤᠪᠴᠢ᠎ᠳᠤ ᠨᠢᠭᠡᠳᠦᠯᠲᠡᠶ ᠭᠥᠯᠢᠶᠡᠨ ᠠᠪᠬᠤ + ᠰᠠᠯᠠᠭ᠎ᠠ ᠮᠥᠴᠢᠷ᠎ᠦᠨ ᠭᠥᠯᠢᠶᠡᠨ ᠠᠪᠴᠤ᠌ ᠱᠢᠶ᠋ᠳᠪᠦᠷᠢᠯᠡᠬᠦ᠌ ᠠᠵᠢᠯ᠎ᠤᠨ ᠪᠠᠢᠷᠢ᠎ᠳ᠋ᠤ᠌ ᠲᠥᠷᠥᠯ ᠬᠤᠪᠢᠶᠠᠨ ᠭᠥᠯᠢᠶᠡᠨ ᠠᠪᠴᠤ᠌ ᠱᠢᠶ᠋ᠳᠪᠦᠷᠢᠯᠡᠬᠦ᠌ + ᠰᠠᠯᠠᠭ᠎ᠠ ᠮᠥᠴᠢᠷ ᠎ᠲᠦ ᠲᠥᠪᠯᠡᠷᠡᠭᠦᠯᠦᠨ ᠬᠢᠨᠠᠨ ᠵᠥᠪᠱᠢᠶᠡᠷᠡᠬᠦ᠌ + ᠶᠡᠷᠦᠩᠬᠡᠢᠯᠡᠭ᠌ᠰᠡᠨ ᠴᠣᠩᠬᠤᠪᠴᠢ᠎ᠳᠤ ᠨᠢᠭᠡᠳᠦᠯᠲᠡᠶ ᠬᠦᠢᠴᠡᠳᠬᠡᠵᠤ ᠳᠠᠭᠤᠰᠬᠠᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠤᠨ ᠪᠠᠢᠭᠤᠯᠤᠯᠲᠠ᠎ᠳᠤ ᠴᠢᠬᠤᠯᠠ ᠲᠤᠯᠭᠠᠭᠤᠷᠢᠯᠠᠯ ᠬᠠᠨᠭᠭᠠᠪᠠ; ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ ᠣᠴᠢᠵᠤ ᠢᠷᠡᠬᠦ᠌ ᠴᠠᠭ ᠪᠠ ᠥᠪᠡᠷ᠎ᠦᠨ ᠥᠷᠲᠡᠭ᠎ᠢ ᠠᠷᠪᠢᠯᠠᠬᠤ᠎ᠶ᠋ᠢᠨ ᠲᠥᠯᠥᠭᠡ᠂ ᠤᠨᠳᠤᠤ ᠭᠠᠵᠠᠷ᠎ᠲᠤ ᠬᠢᠨᠠᠨ ᠵᠥᠪᠱᠢᠶᠡᠷᠡᠬᠦ᠌᠎ᠶ᠋ᠢ ᠴᠠᠭ ᠲᠤᠬᠠᠶ᠎ᠳᠤᠨᠢ ᠭᠦᠶ᠋ᠴᠡᠳᠭᠡᠬᠦ᠌᠎ᠶ᠋ᠢ ᠪᠡᠶᠡᠯᠡᠭᠦᠯᠪᠡ;ᠳᠥᠭᠥᠮ ᠲᠦᠷᠬᠡᠨ᠂ ᠪᠦᠲᠦᠮᠵᠢᠲᠡᠶ ᠪᠡᠷ ᠬᠦᠯᠢᠶᠡᠨ ᠠᠪᠴᠤ᠌ ᠬᠢᠨᠠᠨ ᠵᠥᠪᠱᠢᠶᠡᠷᠡᠵᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠦᠶ᠋ᠯᠡᠴᠢᠯᠡᠭᠡᠨ᠎ᠦ ᠠᠯᠤᠰ᠎ᠡᠴᠡ ᠬᠢᠨᠠᠨ ᠵᠥᠪᠱᠢᠶᠡᠷᠡᠬᠦ᠌᠎ᠶ᠋ᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠨᠠᠷᠢᠯᠢᠬ᠍ᠵᠢᠭᠤᠯᠬᠤ ᠮᠡᠳᠡᠭᠡ ᠵᠠᠩᠭᠢᠵᠢᠭᠤᠯᠬᠤ ᠤᠶᠤᠨᠴᠢᠯᠠᠬᠤ ᠬᠤᠪᠢᠷᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠲᠤ ᠨᠡᠢᠲᠡ 1360 ᠬᠤᠪᠢ ᠲᠤᠬᠠᠢᠯᠠᠭ᠍ᠰᠠᠨ ᠠᠵᠢᠯ᠎ᠢ ᠭᠦᠶ᠋ᠴᠡᠳᠭᠡᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号