ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠣᠢᠯᠠᠭᠠᠬᠤ ᠬᠡᠷᠡᠭᠲᠡᠢ
2024-08-09 10:26:54
ᠵᠣᠬᠢᠶᠠᠭ᠍ᠴᠢ᠄
ᠯᠢᠦ ᠰᠢᠦᠢ ᠺᠤᠸᠠᠨ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠬ᠎ᠦᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠳᠥᠭᠥᠮᠴᠢᠯᠡᠨ᠎ᠡ) ᠪᠣᠯ 《ᠬᠣᠶᠠᠷ ᠶᠡᠬᠡ ᠲᠠᠯ᠎ᠠ》 ᠵᠢ ᠨᠢᠭᠡᠳᠦᠯᠲᠡᠢ ᠲᠥᠯᠥᠪᠵᠢᠭᠦᠯᠬᠦ ᠳᠤᠮᠳᠠ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠦᠷᠭᠦᠯᠵᠢᠯᠡᠨ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠤᠯᠤᠰ ᠲᠥᠷᠥ᠎ᠶᠢᠨ ᠲᠤᠩᠬᠠᠭ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠰᠢᠨ᠎ᠡ ᠲᠡᠦᠬᠡᠨ ᠭᠠᠷᠤᠭ᠎ᠠ᠎ᠠᠴᠠ ᠪᠥᠬᠥ ᠨᠠᠮ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠎ᠶᠢ ᠠᠬᠢᠭᠤᠯᠬᠤ ᠴᠠᠭ ᠦᠶ᠎ᠡ᠎ᠶᠢᠨ ᠪᠦᠷᠢᠶ᠎ᠡ ᠮᠥᠨ᠃ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠡᠷᠬᠡᠪᠰᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠬᠤ᠂ᠪᠠᠢᠭᠤᠯᠤᠯ᠎ᠦᠨ ᠪᠠᠢᠭᠤᠯᠤᠯᠲᠠ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠬᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶᠢ ᠪᠠᠷᠢᠮᠲᠠᠯᠠᠬᠤ᠂ ᠰᠢᠰᠲᠧᠮ᠎ᠦᠨ ᠦᠵᠡᠯᠲᠡ ᠵᠢ ᠪᠠᠷᠢᠮᠳᠠᠯᠠᠬᠣ ᠵᠡᠷᠭᠡ ᠴᠢᠬᠤᠯᠠ ᠶᠡᠬᠡ ᠵᠠᠷᠴᠢᠮ᠎ᠢ ᠰᠠᠢᠲᠤᠷ ᠲᠤᠭᠤᠰᠢᠯᠠᠭᠤᠯᠬᠤ ᠬᠡᠷᠡᠭᠲᠡᠢ᠃ ᠡᠨᠡ ᠵᠢᠷᠭᠤᠭᠠᠨ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢ ᠢᠯᠠᠩᠭᠤᠶ᠎ᠠ ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ᠎ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠪᠢᠳᠡᠨ᠎ᠦ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ᠎ᠳᠤ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠂ ᠪᠢᠳᠡ ᠡᠷᠬᠡᠪᠰᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠳᠤᠮᠳᠠ ᠴᠢᠩᠭ᠎ᠠ ᠵᠢᠷᠤᠮᠯᠠᠵᠤ᠂ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃

《ᠵᠢᠷᠭᠤᠭ᠎ᠠ᠎ᠶᠢ ᠪᠠᠷᠢᠮᠲᠠᠯᠠᠬᠤ》 ᠴᠢᠬᠤᠯᠠ ᠶᠡᠬᠡ ᠵᠠᠷᠴᠢᠮ ᠨᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ  ᠬᠠᠩᠭᠠᠪᠠ

《ᠵᠢᠷᠭᠤᠭ᠎ᠠ᠎ᠶᠢ ᠪᠠᠷᠢᠮᠲᠠᠯᠠᠬᠤ》 ᠴᠢᠬᠤᠯᠠ ᠶᠡᠬᠡ ᠵᠠᠷᠴᠢᠮ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠲᠤᠬᠠᠢ ᠴᠢᠬᠤᠯᠠ ᠥᠭᠦᠯᠡᠯᠲᠡ᠎ᠶᠢᠨ ᠭᠣᠣᠯ ᠵᠠᠩᠬᠢᠯᠠᠭ᠎ᠠ ᠵᠢᠨ  ᠠᠭᠤᠯᠭ᠎ᠠ᠎ᠶᠢ ᠲᠥᠪᠯᠡᠷᠡᠩᠭᠦᠢ ᠢᠯᠡᠷᠡᠭᠦᠯᠵᠡᠢ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠣᠯ ᠴᠢᠬᠤᠯᠠ ᠠᠭᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠶᠠᠪᠤᠳᠠᠯ ᠪᠣᠯᠣᠨ᠎ᠠ᠂ ᠤᠨᠤᠯ ᠪᠠ ᠦᠢᠯᠡᠳᠦᠯᠭᠡ᠎ᠶᠢᠨ ᠤᠶᠠᠯᠳᠤᠯ᠎ᠤᠨ ᠲᠠᠯ᠎ᠠ᠎ᠠᠴᠠ ᠰᠢᠨ᠎ᠡ ᠴᠠᠭ ᠦᠶ᠎ᠡ᠎ᠳᠦ ᠶᠠᠮᠠᠷ ᠶᠠᠩᠵᠤ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭᠵᠢᠭᠦᠯᠬᠦ  ᠡᠨᠡ ᠬᠦ᠌ ᠴᠢᠬᠤᠯᠠ ᠶᠡᠬᠡ ᠴᠠᠭ ᠦᠶ᠎ᠡ᠎ᠶᠢᠨ ᠰᠡᠳᠦᠪ ᠎ᠲᠦ ᠰᠢᠰᠲᠧᠮ᠎ᠲᠠᠢ ᠬᠠᠷᠢᠭᠤᠯᠲᠠ ᠥᠭᠪᠡ᠂ ᠰᠢᠨ᠎ᠡ ᠴᠠᠭ ᠣᠶ᠋ᠶ᠎ᠠ᠎ᠳᠤ ᠳᠤᠮᠳᠠᠳᠤ ᠤᠯᠤᠰ᠎ᠦᠨ ᠣᠨᠴᠠᠯᠢᠭ᠋ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠶᠡᠷᠦᠩᠬᠡᠢ ᠬᠠᠷᠠᠯᠲᠠ᠂ ᠶᠡᠷᠦᠩᠬᠡᠢ ᠡᠭᠦᠷᠭᠡ᠂ ᠶᠡᠷᠦᠩᠬᠡᠢ ᠪᠠᠢᠷᠢᠯᠠᠭᠤᠯᠤᠯᠲᠠ᠂ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠪᠠ ᠬᠥᠭᠵᠢᠯᠲᠡ᠎ᠶᠢᠨ ᠴᠢᠭᠯᠡᠯ᠂ ᠬᠥᠭᠵᠢᠯᠲᠡ᠎ᠶᠢᠨ ᠬᠡᠯᠪᠡᠷᠢ᠂ ᠬᠥᠭᠵᠢᠯᠲᠡ᠎ᠶᠢᠨ ᠬᠥᠳᠡᠯᠭᠡᠭᠴᠢ ᠬᠦᠴᠦᠨ᠂ ᠪᠠᠢᠯᠳᠤᠬᠤ ᠪᠣᠳᠣᠯᠭ᠎ᠠ᠎ᠶᠢᠨ ᠠᠯᠬᠤᠮ ᠳᠠᠷᠠᠭ᠎ᠠ᠂ ᠭᠠᠳᠠᠭᠠᠳᠤ ᠨᠥᠬᠥᠴᠡᠯ᠂ ᠤᠯᠤᠰ ᠲᠦᠷᠦ᠎ᠶᠢᠨ ᠪᠠᠲᠤᠯᠠᠭ᠎ᠠ ᠵᠡᠷᠭᠡ ᠦᠨᠳᠦᠰᠦᠨ ᠠᠰᠠᠭᠤᠳᠠᠯ ᠎ᠳᠦ ᠬᠠᠷᠢᠭᠤᠯᠲᠠ ᠥᠭᠪᠡ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠢ ᠨᠡᠩ ᠰᠠᠢᠲᠤᠷ ᠪᠠᠷᠢᠮᠲᠠᠯᠠᠨ ᠬᠥᠭᠵᠢᠭᠦᠯᠬᠦ᠎ᠳᠦ ᠦᠵᠡᠯ ᠰᠠᠨᠠᠭᠠᠨ᠎ᠤ ᠵᠡᠪᠰᠡᠭ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠡᠶ᠎ᠡ᠎ᠪᠡᠷ᠎ᠢᠶᠡᠨ ᠤᠳᠤᠷᠢᠳᠴᠤ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠵᠤ᠂ ᠦᠵᠡᠯ ᠰᠠᠨᠠᠭ᠎ᠠ ᠤᠨᠤᠯ᠎ᠤᠨ ᠰᠢᠨ᠎ᠡ ᠡᠭᠦᠳᠦᠯᠲᠡ᠎ᠪᠡᠷ ᠥᠭᠡᠷᠡᠴᠢᠯᠡᠯᠲᠡ᠎ᠶᠢᠨ ᠦᠢᠯᠡᠳᠦᠯᠭᠡ᠎ᠶᠢᠨ ᠰᠢᠨ᠎ᠡ ᠡᠭᠦᠳᠦᠯᠲᠡ᠎ᠶᠢ ᠬᠥᠲᠥᠯᠥᠨ ᠳᠠᠭᠠᠭᠤᠯᠵᠤ᠂ ᠥᠭᠡᠷᠡᠴᠢᠯᠡᠯᠲᠡ᠎ᠶᠢᠨ ᠡᠭᠦᠷᠭᠡ ᠬᠠᠷᠢᠭᠤᠴᠠᠯᠭ᠎ᠠ᠂ ᠥᠭᠡᠷᠡᠴᠢᠯᠡᠯᠲᠡ᠎ᠶᠢᠨ ᠴᠢᠭᠯᠡᠯ᠂ ᠥᠭᠡᠷᠡᠴᠢᠯᠡᠯᠲᠡ᠎ᠶᠢᠨ ᠬᠠᠷᠠᠯᠲᠠ᠂ ᠥᠭᠡᠷᠡᠴᠢᠯᠡᠯᠲᠡ᠎ᠶᠢᠨ ᠠᠷᠭ᠎ᠠ ᠪᠣᠳᠣᠯᠭ᠎ᠠ᠂ ᠥᠭᠡᠷᠡᠴᠢᠯᠡᠯᠲᠡ᠎ᠶᠢᠨ ᠬᠥᠳᠡᠯᠭᠡᠬᠦ ᠬᠦᠴᠦᠨ᠂ ᠥᠭᠡᠷᠡᠴᠢᠯᠡᠯᠲᠡ᠎ᠶᠢᠨ ᠠᠷᠭ᠎ᠠ ᠵᠡᠷᠭᠡ ᠲᠠᠯ᠎ᠠ᠎ᠪᠠᠷ ᠰᠢᠰᠲᠧᠮ᠎ᠲᠠᠢ ᠲᠣᠳᠣᠷᠬᠠᠢᠯᠠᠨ ᠥᠭᠦᠯᠡᠪᠡ᠃

《ᠵᠢᠷᠭᠤᠭ᠎ᠠ᠎ᠶᠢ ᠪᠠᠷᠢᠮᠲᠠᠯᠠᠬᠤ》 ᠴᠢᠬᠤᠯᠠ ᠶᠡᠬᠡ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ᠎ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ

ᠲᠡᠦᠬᠡ᠎ᠶᠢ ᠡᠷᠭᠢᠴᠡᠭᠦᠯᠵᠦ᠂ ᠲᠤᠷᠰᠢᠯᠭ᠎ᠠ᠎ᠪᠠᠨ ᠳ᠋ᠦᠩᠨᠡᠵᠦ᠂ ᠡᠭᠦᠨ᠎ᠦ ᠳᠤᠮᠳᠠ᠎ᠠᠴᠠ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠣᠯᠵᠤ᠂ ᠰᠢᠨᠵᠢᠯᠡᠬᠦ ᠤᠬᠠᠭᠠᠨᠴᠢ ᠤᠨᠤᠯ᠎ᠢ ᠪᠦᠷᠢᠯᠳᠦᠭᠦᠯᠵᠦ᠂ ᠡᠭᠦᠨ᠎ᠦ ᠤᠯᠠᠮ᠎ᠢᠶᠠᠷ ᠪᠣᠳᠠᠲᠤ ᠠᠬᠤᠢ᠎ᠶᠢ ᠲᠤᠰᠬᠠᠵᠤ᠂ ᠦᠢᠯᠡᠳᠦᠯᠭᠡ᠎ᠶᠢ ᠵᠢᠯᠤᠭᠣᠳᠴᠤ ᠂ ᠠᠯᠤᠰ ᠢᠷᠡᠭᠡᠳᠦᠢ᠎ᠶᠢ ᠪᠠᠷᠠᠯᠠᠵᠤ᠂ ᠶᠡᠬᠡ ᠬᠠᠨᠳᠤᠰᠢ᠎ᠶᠢ ᠡᠵᠡᠮᠳᠡᠬᠦ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠰᠢᠯᠢᠳᠡᠭ ᠤᠯᠠᠮᠵᠢᠯᠠᠯ ᠮᠥᠨ᠃ 《ᠵᠢᠷᠭᠤᠭ᠎ᠠ᠎ᠶᠢ ᠪᠠᠷᠢᠮᠲᠠᠯᠠᠬᠤ》 ᠴᠢᠬᠤᠯᠠ ᠶᠡᠬᠡ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ᠎ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠦᠨᠳᠦᠰᠦᠨ ᠵᠠᠷᠴᠢᠮ ᠂ ᠲᠦᠬᠡᠮᠡᠯ    ᠵᠢᠮ᠎ᠡ ᠶᠣᠰᠣ᠌ ᠮᠥᠨ᠃

ᠳᠤᠮᠳᠠᠳᠤ ᠤᠯᠤᠰ᠎ᠤᠨ ᠡᠪ ᠬᠠᠮᠲᠤ ᠨᠠᠮ ᠲᠤᠷᠰᠢᠯᠭ᠎ᠠ᠎ᠪᠠᠨ ᠳ᠋ᠦᠩᠨᠡᠬᠦ᠂ ᠠᠷᠭ᠎ᠠ᠎ᠪᠠᠨ ᠪᠣᠯᠪᠠᠰᠤᠷᠠᠭᠤᠯᠬᠤ᠂ ᠢᠷᠡᠭᠡᠳᠦᠢ᠎ᠪᠡᠨ ᠲᠥᠯᠥᠪᠯᠡᠬᠦ᠎ᠳᠡᠭᠡᠨ ᠬᠠᠮᠤᠭ᠎ᠤᠨ ᠴᠢᠳᠠᠮᠠᠭᠠᠢ ᠪᠠᠢᠳᠠᠭ᠃ ᠥᠭᠡᠷᠡᠴᠢᠯᠡᠯᠲᠡ᠎ᠶᠢᠨ ᠳᠤᠮᠳᠠ᠎ᠠᠴᠠ ᠡᠷᠬᠢᠮ ᠨᠠᠨᠳᠢᠨ ᠲᠤᠷᠰᠢᠯᠭ᠎ᠠ᠎ᠶᠢ ᠳ᠋ᠦᠩᠨᠡᠬᠦ ᠨᠢ ᠥᠭᠡᠷᠡᠴᠢᠯᠡᠯᠲᠡ᠎ᠶᠢᠨ ᠪᠠᠢᠷᠢᠰᠢᠯ᠎ᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠠᠭᠤᠯᠭ᠎ᠠ᠎ᠶᠢ ᠲᠤᠪᠤᠢ᠍ᠢᠯᠭᠠᠬᠤ᠎ᠳᠤ ᠠᠰᠢᠭ᠍ᠲᠠᠢ ᠪᠦᠭᠡᠳ ᠥᠭᠡᠷᠡᠴᠢᠯᠡᠯᠲᠡ᠎ᠶᠢᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠥᠭᠡᠷᠡᠴᠢᠯᠡᠯᠲᠡ᠎ᠶᠢᠨ ᠠᠬᠢᠴᠠ᠎ᠶᠢ ᠯᠠᠪᠳᠠᠭᠤᠨ᠎ᠢᠶᠠᠷ ᠠᠬᠢᠭᠤᠯᠵᠤ᠂ ᠥᠭᠡᠷᠡᠴᠢᠯᠡᠯᠲᠡ᠎ᠶᠢᠨ ᠠᠰᠢᠭ᠋ ᠬᠦᠷᠳᠡᠬᠦ ᠬᠡᠪᠴᠢᠶ᠎ᠡ᠎ᠶᠢ ᠥᠷᠭᠡᠳᠬᠡᠵᠦ᠂ ᠥᠭᠡᠷᠡᠴᠢᠯᠡᠯᠲᠡ᠎ᠶᠢᠨ ᠲᠡᠩᠴᠡᠭᠦᠷᠢᠲᠦ ᠴᠢᠨᠠᠷ᠎ᠢ ᠬᠠᠮᠲᠤ ᠳ᠋ᠤᠨᠢ ᠬᠠᠷᠠᠭᠠᠯᠵᠠᠵᠤ ᠴᠢᠳᠠᠨ᠎ᠠ᠃《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ᠎ᠶᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠦᠷᠢ》 ᠎ᠳᠤ 《ᠠᠷᠪᠠᠨ ᠲᠣᠳᠣᠷᠬᠠᠢ》 ᠵᠢ ᠳ᠋ᠦᠩᠨᠡᠪᠡ᠂ ᠡᠭᠦᠨ᠎ᠳᠦ 《ᠨᠢᠭᠡᠳᠦᠭᠡᠷ ᠲᠣᠳᠣᠷᠬᠠᠢ》 ᠨᠢ 《ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠬᠠᠮᠤᠭ᠎ᠤᠨ ᠶᠡᠬᠡ ᠳᠠᠪᠠᠭᠤᠯᠢᠭ᠋ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠬᠠᠮᠤᠭ᠎ᠤᠨ ᠳᠡᠭᠡᠳᠦ ᠤᠯᠤᠰ ᠲᠥᠷᠥ᠎ᠶᠢᠨ ᠤᠳᠤᠷᠢᠳᠬᠤ ᠬᠦᠴᠦᠨ ᠮᠥᠨ᠂ ᠪᠥᠬᠥ ᠨᠠᠮ᠎ᠢᠶᠠᠷ᠎ᠢᠶᠠᠨ ᠡᠷᠬᠡᠪᠰᠢ 〈ᠳᠥᠷᠪᠡᠨ ᠤᠬᠠᠮᠰᠠᠷ〉 ᠵᠢᠡᠨ ᠴᠢᠩᠭᠠᠳᠬᠠᠵᠤ᠂ 〈ᠳᠥᠷᠪᠡᠨ ᠢᠲᠡᠭᠡᠯ〉 ᠵᠢᠡᠨ ᠪᠠᠲᠤᠳᠬᠠᠵᠤ᠂ 〈ᠬᠣᠶᠠᠷ᠎ᠢ ᠬᠠᠮᠠᠭᠠᠯᠠᠬᠤ〉 ᠎ᠵᠢ ᠪᠡᠶᠡᠯᠡᠭᠦᠯᠬᠦ ᠬᠡᠷᠡᠭᠲᠡᠢ》 ᠭᠡᠳᠡᠭ᠎ᠢ ᠲᠣᠳᠣᠷᠬᠠᠢᠯᠠᠪᠠ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠨᠠᠮ ᠪᠣᠯᠣᠨ ᠤᠯᠤᠰ᠎ᠤᠨ ᠦᠨᠳᠦᠰᠦ᠂ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ᠋ ᠲᠤᠰᠠ᠂ ᠬᠤᠪᠢ ᠵᠠᠶᠠᠭ᠎ᠠ ᠎ᠳᠦ ᠬᠣᠯᠪᠣᠭᠳᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠱᠠᠭᠠᠷᠳᠠᠯᠭ᠎ᠠ ᠮᠥᠨ ᠭᠡᠳᠡᠭ᠎ᠢ ᠲᠡᠦᠬᠡ ᠭᠡᠷᠡᠴᠢᠯᠡᠪᠡ᠃ 

ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠡᠷᠬᠡᠪᠰᠢ 《ᠵᠢᠷᠭᠤᠭ᠎ᠠ᠎ᠶᠢ ᠪᠠᠷᠢᠮᠲᠠᠯᠠᠬᠤ》 ᠴᠢᠬᠤᠯᠠ ᠶᠡᠬᠡ ᠵᠠᠷᠴᠢᠮ ᠎ᠢ ᠡᠷᠭᠡᠪᠰᠢ ᠲᠤᠭᠤᠰᠢᠯᠠᠭᠤᠯᠬᠤ ᠬᠡᠷᠡᠭᠲᠡᠢ

ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠷᠠᠭᠤᠯ ᠳᠠᠷᠳᠠᠩ ᠵᠠᠮ ᠮᠥᠨ᠂ ᠲᠡᠷᠡ ᠨᠢ ᠬᠥᠮᠥᠨ ᠲᠥᠷᠥᠯᠬᠢᠲᠡᠨ᠎ᠦ ᠣᠳᠣᠬᠢᠴᠢᠯᠠᠯᠲᠠ ᠲᠡᠢᠰᠢ ᠤᠷᠤᠭᠰᠢᠯᠠᠬᠤ ᠰᠢᠨ᠎ᠡ ᠵᠠᠮ᠎ᠢ ᠨᠡᠭᠡᠭᠡᠵᠦ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ᠎ᠶᠢ ᠨᠡᠭᠡᠭᠡᠭᠰᠡᠨ ᠶᠤᠮ᠂ ᠪᠢᠳᠡ ᠡᠷᠬᠡᠪᠰᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠠᠷᠠᠭᠠᠨ᠎ᠳᠤ ᠥᠭᠡᠷᠡᠴᠢᠯᠡᠯᠲᠡ ᠨᠡᠭᠡᠭᠡᠯᠲᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ  ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠢ ᠢᠮᠠᠭᠲᠠ ᠵᠢᠷᠤᠮᠯᠠᠵᠤ᠂ ᠦᠵᠡᠯ ᠰᠠᠨᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠥᠳᠡ ᠬᠤᠷᠠᠯ᠎ᠤᠨ ᠵᠣᠷᠢᠭ᠋ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠦᠨᠳᠦᠰᠦᠨ ᠪᠠᠲᠤᠯᠠᠭ᠎ᠠ ᠮᠥᠨ᠃ ᠰᠢ ᠵᠢᠨ ᠫᠢᠩ ᠨᠥᠬᠥᠷ᠎ᠢᠶᠡᠷ ᠭᠣᠣᠯᠯᠠᠭᠣᠯᠣᠭᠰᠠᠨ  ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠬᠦ ᠪᠣᠯ ᠪᠢᠳᠡᠨ᠎ᠦ ᠮᠠᠰᠢ ᠤᠯᠠᠨ ᠬᠦᠷᠢᠶᠡᠨ᠎ᠳᠦ ᠲᠡᠦᠬᠡᠲᠦ ᠴᠢᠨᠠᠷᠲᠠᠢ ᠬᠤᠪᠢᠰᠤᠯᠲᠠ᠎ᠶᠢ ᠪᠡᠶᠡᠯᠡᠭᠦᠯᠵᠦ᠂ ᠰᠢᠰᠲᠧᠮᠲᠦ ᠴᠢᠨᠠᠷᠲᠠᠢ᠎ᠪᠠᠷ ᠲᠠᠬᠢᠨ ᠴᠣᠭᠴᠠᠯᠠᠵᠦ᠂ ᠪᠦᠬᠦᠯᠢ ᠴᠣᠭᠴᠠ᠎ᠶᠢᠨ ᠴᠢᠨᠠᠷᠲᠠᠢ᠎ᠪᠠᠷ ᠲᠠᠬᠢᠨ ᠪᠠᠢᠭᠤᠯᠬᠤ᠎ᠶᠢᠨ ᠵᠠᠩᠭᠢᠯᠠᠭ᠎ᠠ ᠪᠣᠯᠣᠨ᠎ᠠ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠰᠢᠨ᠎ᠡ ᠠᠶᠠᠨ᠎ᠳᠤ ᠡᠷᠬᠡᠪᠰᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠠᠷᠠᠳ ᠲᠦᠮᠡᠨ᠎ᠢ ᠥᠷᠭᠡᠨ᠎ᠢᠶᠡᠷ ᠳᠠᠢ᠍ᠢᠴᠢᠯᠠᠨ ᠪᠦᠲᠦᠮᠵᠢᠲᠡᠢ᠎ᠪᠡᠷ ᠵᠣᠬᠢᠶᠠᠨ ᠪᠠᠢᠭᠤᠯᠵᠤ ᠡᠵᠡᠨ ᠬᠥᠮᠥᠨ᠎ᠦ ᠣᠪᠣᠷ᠎ᠢᠶᠠᠷ ᠥᠭᠡᠷᠡᠴᠢᠯᠡᠯᠲᠡ ᠨᠡᠭᠡᠭᠡᠯᠲᠡ ᠪᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ  ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠬᠤ ᠬᠡᠷᠡᠭᠲᠡᠢ᠃ ᠡᠨᠡ ᠪᠣᠯ ᠰᠢᠨ᠎ᠡ ᠪᠠᠢᠳᠠᠯ᠎ᠤᠨ ᠳᠣᠣᠷ᠎ᠠ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠵᠠᠢᠯᠠᠰᠢ ᠦᠭᠡᠢ ᠰᠣᠩᠭᠣᠯᠲᠠ ᠮᠥᠨ᠃ ᠨᠠᠮ᠎ᠤᠨ ᠲᠥᠪ ᠬᠣᠷᠢᠶ᠎ᠠ ᠪᠣᠯ ᠥᠭᠡᠷᠡᠴᠢᠯᠡᠯᠲᠡ᠎ᠶᠢ ᠤᠳᠤᠷᠢᠳᠬᠤ ᠶᠡᠷᠦᠩᠬᠡᠢ ᠲᠥᠯᠥᠪᠯᠡᠭᠴᠢ ᠮᠥᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠠᠩᠭᠢᠯᠠᠭ᠎ᠠ᠎ᠶᠢᠨ ᠲᠥᠪ ᠮᠥᠨ᠃ ᠥᠭᠡᠷᠡᠴᠢᠯᠡᠯᠲᠡ᠎ᠶᠢ ᠤᠯᠠᠮ ᠨᠢᠬᠡ ᠠᠯᠬᠣᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠲᠠ᠎ᠶᠢ ᠠᠬᠢᠭᠤᠯᠬᠤ᠎ᠳᠤ᠂ ᠡᠷᠬᠡᠪᠰᠢ ᠨᠠᠮ᠎ᠤᠨ ᠤᠳᠤᠷᠢᠳᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ᠎ᠤᠨ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ᠎ᠲᠠᠢ ᠪᠣᠯᠬᠤ᠎ᠶᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢ ᠦᠨᠡᠨ᠎ᠬᠦ ᠴᠢᠩᠭᠠᠳᠬᠠᠨ ᠰᠠᠢᠵᠢᠷᠠᠭᠤᠯᠵᠤ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠪᠡᠷ ᠨᠡᠢᠭᠡᠮ᠎ᠦᠨ ᠬᠤᠪᠢᠰᠬᠠᠯ᠎ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ᠎ᠦ ᠤᠬᠠᠮᠰᠠᠷ᠎ᠢ ᠪᠠᠲᠤᠯᠠᠵᠤ᠂ ᠨᠠᠮ᠎ᠤᠨ ᠪᠠᠢᠭᠤᠯᠤᠯᠲᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠥᠭᠡᠷᠡᠴᠢᠯᠡᠯᠲᠡ᠎ᠶᠢᠨ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠵᠤ᠂ ᠨᠠᠮ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ᠃

ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠣ ᠬᠡᠷᠡᠭᠳᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ ᠪᠣᠯ ᠮᠠᠨ᠎ᠤ ᠨᠠᠮ᠎ᠤᠨ ᠦᠨᠳᠦᠰᠦᠨ ᠤᠯᠤᠰ ᠲᠦᠷᠦ᠎ᠶᠢᠨ ᠵᠣᠭᠰᠣᠯᠲᠠ ᠮᠥᠨ᠃ 《ᠥᠭᠡᠷᠡᠴᠢᠯᠡᠯᠲᠡ᠎ᠶᠢ ᠠᠳᠬᠤᠵᠤ᠂ ᠬᠥᠭᠵᠢᠯᠲᠡ᠎ᠶᠢ ᠠᠬᠢᠭᠤᠯᠬᠤ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠢ ᠨᠡᠩ ᠰᠠᠢᠨ ᠰᠠᠢᠬᠠᠨ ᠠᠮᠢᠳᠤᠷᠠᠭᠤᠯᠬᠤ᠎ᠶᠢᠨ ᠲᠥᠯᠥᠭᠡ ᠶᠤᠮ 》᠂ ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠠᠴᠢ ᠬᠣᠯᠪᠣᠭᠳᠠᠯ᠎ᠲᠠᠢ ᠶᠤᠮ᠂ ᠡᠨᠡ ᠪᠣᠯ ᠲᠡᠦᠬᠡ᠎ᠶᠢᠨ ᠪᠣᠳᠠᠰᠴᠢ ᠦᠵᠡᠯ᠎ᠦᠨ ᠢᠯᠡᠷᠡᠭᠦᠯᠦᠭᠰᠡᠨ ᠲᠡᠦᠬᠡ᠎ᠶᠢᠨ ᠦᠨᠡᠨ ᠶᠣᠰᠣ᠌ ᠮᠥᠨ᠂ ᠠᠷᠠᠳ ᠲᠦᠮᠡᠨ᠎ᠢ ᠳᠡᠭᠡᠳᠦᠯᠡᠬᠦ ᠦᠨᠳᠦᠰᠦᠨ ᠦᠷᠳᠡᠭ᠎ᠦᠨ ᠬᠠᠨᠳᠤᠰᠢ᠎ᠶᠢ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠄ 《 ᠪᠢᠳᠡᠨ᠎ᠦ ᠥᠭᠡᠷᠡᠴᠢᠯᠡᠯᠲᠡ᠎ᠶᠢ ᠠᠬᠢᠭᠤᠯᠬᠤ᠎ᠶᠢᠨ ᠦᠨᠳᠦᠰᠦᠨ ᠵᠣᠷᠢᠯᠭ᠎ᠠ ᠪᠣᠯ ᠤᠯᠤᠰ ᠣᠷᠣᠨ᠎ᠢᠶᠠᠨ ᠨᠡᠩ ᠪᠠᠶᠠᠨ ᠬᠦᠴᠦᠷᠬᠡᠭ ᠪᠣᠯᠭᠠᠵᠤ᠂ ᠨᠡᠢᠭᠡᠮ᠎ᠢ ᠨᠡᠩ ᠲᠥᠪ ᠭᠣᠣᠯᠴᠢ ᠰᠢᠳᠤᠷᠭᠤ ᠪᠣᠯᠭᠠᠵᠤ᠂ ᠠᠷᠠᠳ ᠲᠦᠮᠡᠨ᠎ᠦ ᠠᠮᠢᠳᠤᠷᠠᠯ᠎ᠢ ᠨᠡᠩ ᠰᠠᠢᠨ ᠰᠠᠢᠬᠠᠨ ᠪᠣᠯᠭᠠᠬᠤ᠎ᠶᠢᠨ ᠲᠥᠯᠥᠭᠡ ᠶᠤᠮ》 ᠭᠡᠵᠦ ᠵᠢᠭᠠᠵᠦ ᠭᠠᠷᠭᠠᠪᠠ᠃ ᠥᠭᠡᠷᠡᠴᠢᠯᠡᠯᠲᠡ᠎ᠶᠢ ᠠᠬᠢᠭᠤᠯᠤᠨ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠲᠠᠰᠤᠷᠠᠯᠳᠠ ᠦᠭᠡᠢ ᠨᠡᠢᠴᠡᠭᠦᠯᠵᠦ᠂ ᠤᠯᠠᠨ ᠲᠦᠮᠡᠨ᠎ᠦ ᠬᠡᠷᠡᠭᠴᠡᠭᠡ᠎ᠶᠢ ᠬᠠᠩᠭᠠᠵᠤ᠂ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠥᠷᠭᠡᠨ ᠤᠯᠠᠨ ᠠᠷᠠᠳ ᠲᠦᠮᠡᠨ᠎ᠳᠦ ᠨᠡᠩ ᠤᠯᠠᠨ ᠨᠡᠩ ᠳᠥᠭᠥᠮ ᠳᠥᠲᠡ ᠴᠠᠭ ᠲᠤᠬᠠᠢ ᠳ᠋ᠤᠨᠢ ᠬᠦᠷᠲᠡᠭᠡᠵᠦ᠂ ᠠᠷᠠᠳ ᠲᠦᠮᠡᠨ᠎ᠳᠦ ᠥᠭᠡᠷᠡᠴᠢᠯᠡᠯᠲᠡ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠭᠦᠯᠵᠦ᠂ ᠥᠭᠡᠷᠡᠴᠢᠯᠡᠯᠲᠡ᠎ᠶᠢᠨ ᠠᠬᠢᠴᠠ᠎ᠳᠤ ᠣᠷᠣᠯᠴᠠᠭᠤᠯᠵᠤ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃

ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ ᠬᠡᠷᠡᠭᠲᠡᠢ᠃《ᠲᠥᠪ ᠶᠣᠰᠣ᠌᠎ᠶᠢ ᠪᠠᠷᠢᠮᠲᠠᠯᠠᠬᠤ》 ᠪᠠ 《ᠰᠢᠨ᠎ᠡ᠎ᠶᠢ ᠡᠭᠦᠳᠬᠦ》 ᠪᠣᠯ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠬᠤᠪᠢᠰᠤᠩᠭᠤᠢ ᠠᠷᠭ᠎ᠠ ᠮᠥᠨ᠃ ᠪᠢᠳᠡ ᠡᠷᠬᠡᠪᠰᠢ ᠰᠢᠨᠵᠢᠯᠡᠬᠦ ᠤᠬᠠᠭᠠᠨᠴᠢ ᠣᠪᠣᠷ᠎ᠢᠶᠠᠷ ᠰᠢᠨᠵᠢᠯᠡᠬᠦ ᠤᠬᠠᠭᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ᠋ ᠰᠠᠨᠠᠭ᠎ᠠ᠎ᠪᠠᠷ ᠦᠨᠡᠨ ᠶᠣᠰᠣ᠌᠎ᠶᠢ ᠬᠥᠭᠡᠭᠡᠴᠡᠯᠳᠦᠵᠦ᠂ ᠥᠭᠡᠷᠡᠴᠢᠯᠡᠯᠲᠡ ᠨᠡᠭᠡᠭᠡᠯᠲᠡ᠎ᠶᠢ ᠴᠢᠭᠯᠡᠯ᠎ᠲᠠᠢ᠂ ᠵᠣᠭᠰᠣᠯᠲᠠ᠎ᠲᠠᠢ᠂ ᠵᠠᠷᠴᠢᠮ᠎ᠲᠠᠢ᠎ᠪᠠᠷ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠬᠡᠷᠡᠭᠲᠡᠢ; ᠮᠠᠷᠺᠰ᠎ᠤᠨ ᠦᠵᠡᠯ᠎ᠦᠨ ᠦᠨᠳᠦᠰᠦᠨ ᠣᠭ ᠶᠣᠰᠣ ᠵᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠢ ᠭᠤᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠬᠦ ᠶᠣᠰᠣᠲᠠᠢ᠎ᠶᠢ ᠨᠢ᠂ ᠥᠭᠡᠷᠡᠴᠢᠯᠡᠵᠦ ᠪᠣᠯᠬᠤ᠎ᠶᠢ ᠨᠢ ᠪᠢᠳᠡ ᠡᠷᠡᠰ ᠥᠭᠡᠷᠡᠴᠢᠯᠡᠵᠦ᠂ ᠥᠭᠡᠷᠡᠴᠢᠯᠡᠬᠦ ᠶᠣᠰᠣ᠌ ᠦᠭᠡᠢ᠎ᠶᠢ ᠨᠢ᠂ ᠥᠭᠡᠷᠡᠴᠢᠯᠡᠵᠦ ᠪᠣᠯᠬᠤ ᠦᠭᠡᠢ᠎ᠶᠢ ᠨᠢ ᠤᠬᠳᠤ  ᠥᠭᠡᠷᠡᠴᠢᠯᠡᠬᠦ ᠦᠭᠡᠢ ᠪᠠᠢᠬᠤ ᠬᠡᠷᠡᠭᠲᠡᠢ; ᠶᠠᠭᠤ᠎ᠶᠢ ᠥᠭᠡᠷᠡᠴᠢᠯᠡᠵᠦ᠂ ᠠᠯᠢ ᠠᠯᠬᠤᠮ᠎ᠳᠤ ᠬᠦᠷᠲᠡᠯ᠎ᠡ ᠥᠭᠡᠷᠡᠴᠢᠯᠡᠬᠦ᠎ᠳᠦ ᠴᠥᠮ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠴᠢᠭᠯᠡᠯ᠎ᠢ ᠡᠵᠡᠮᠳᠡᠨ᠂ ᠶᠡᠬᠡ ᠲᠠᠯ᠎ᠠ᠎ᠶᠢ ᠪᠣᠳᠣᠯᠬᠢᠯᠠᠵᠤ᠂ ᠲᠦᠷᠦ᠎ᠶᠢᠨ ᠪᠣᠳᠣᠯᠭ᠎ᠠ ᠲᠣᠭᠲᠠᠭᠠᠬᠤ᠎ᠶᠢ ᠦᠨᠡᠨ ᠬᠦ᠌ ᠪᠠᠲᠤᠯᠠᠵᠤ᠂ ᠨᠠᠮ᠎ᠤᠨ ᠢᠮᠠᠭᠲᠠ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠵᠦ᠂ ᠡᠯ᠎ᠡ ᠲᠠᠯ᠎ᠠ᠎ᠶᠢ ᠵᠣᠬᠢᠴᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃

ᠪᠠᠢᠭᠣᠯᠣᠯ᠎ᠦᠨ ᠪᠠᠢᠭᠤᠯᠤᠯᠲᠠ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠬᠤ ᠬᠡᠷᠡᠭᠳᠡᠢ᠃ ᠪᠠᠢᠭᠤᠯᠤᠯ ᠪᠣᠯ ᠪᠢᠳᠡᠨ᠎ᠦ ᠯᠠᠪᠳᠠᠭᠤᠨ᠎ᠢᠶᠠᠷ ᠬᠤᠯᠠ ᠠᠶᠠᠯᠠᠬᠤ᠎ᠶᠢᠨ ᠦᠨᠳᠦᠰᠦᠨ ᠪᠠᠲᠤᠯᠠᠭ᠎ᠠ ᠮᠥᠨ᠃ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠬᠤ ᠦᠶ᠎ᠡ᠎ᠳᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ ᠪᠣᠯ ᠪᠢᠳᠡᠨ᠎ᠦ ᠬᠠᠮᠤᠭ᠎ᠤᠨ ᠶᠡᠬᠡ ᠢᠳᠡ ᠬᠦᠴᠦᠨ ᠮᠥᠨ; ᠳᠤᠮᠳᠠᠳᠤ ᠤᠯᠤᠰ᠎ᠤᠨ ᠪᠠᠢᠭᠤᠯᠤᠯ᠎ᠤᠨ 《13 ᠢᠯᠡᠷᠭᠡᠢ ᠳᠠᠪᠠᠭᠤᠯᠢᠭ᠋》 ᠪᠣᠯ ᠨᠠᠮ ᠪᠠ ᠠᠷᠠᠳ ᠲᠦᠮᠡᠨ᠎ᠦ ᠪᠡᠷᠬᠡ ᠪᠣᠭᠣᠮᠲᠠ᠎ᠶᠢ ᠳᠤᠭᠤᠯᠤᠨ ᠳᠠᠪᠠᠵᠤ᠂ ᠡᠯ᠎ᠡ ᠵᠦᠢᠯ᠎ᠦᠨ ᠳᠠᠷᠤᠯᠲᠠ᠎ᠶᠢ ᠡᠰᠡᠷᠭᠦᠴᠡᠬᠦ ᠰᠢᠯᠭᠠᠯᠲᠠ᠎ᠶᠢᠨ 《ᠭᠠᠢ ᠪᠠᠷᠴᠢᠳ᠎ᠢ ᠳᠤᠭᠤᠯᠬᠤ ᠰᠢᠳᠢᠲᠦ ᠵᠡᠪᠰᠡᠭ》 ᠮᠥᠨ᠂ ᠪᠢᠳᠡᠨ᠎ᠦ ᠮᠠᠨᠠᠨ᠎ᠢ ᠠᠷᠢᠯᠭᠠᠵᠤ ᠠᠶᠠᠯᠠᠯ᠎ᠤᠨ ᠴᠢᠭᠯᠡᠯ᠎ᠢ ᠰᠢᠯᠭᠠᠬᠤ 《ᠳᠣᠬᠢᠭᠤᠷ ᠲᠤᠯᠤᠭᠠᠨ ᠣᠲᠣ᠌》 ᠮᠥᠨ᠃ ᠰᠢᠨ᠎ᠡ ᠴᠠᠭ ᠦᠶ᠎ᠡ᠎ᠳᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠳᠦ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠪᠠᠷ ᠭᠣᠣᠯ ᠲᠡᠩᠭᠡᠯᠢᠭ ᠪᠣᠯᠭᠠᠵᠦ᠂ ᠥᠭᠡᠷᠡᠴᠢᠯᠡᠯᠲᠡ᠎ᠪᠡᠷ ᠤᠯᠤᠰ᠎ᠤᠨ ᠪᠠᠢᠭᠤᠯᠤᠯ ᠪᠣᠯᠣᠨ ᠤᠯᠤᠰ᠎ᠤᠨ ᠵᠠᠰᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠬᠤ ᠤᠬᠠᠮᠰᠠᠷᠲᠤ ᠴᠢᠨᠠᠷ᠎ᠢᠶᠠᠨ ᠴᠢᠩᠭᠠᠳᠬᠠᠵᠦ᠂ ᠪᠠᠢᠭᠣᠯᠣᠯ᠎ᠦᠨ ᠪᠠᠢᠭᠤᠯᠤᠯᠲᠠ᠎ᠶᠢᠨ ᠡᠨᠡ ᠬᠦ᠌ ᠭᠣᠣᠯ ᠰᠢᠵᠢᠮ᠎ᠢ ᠳᠣᠪᠣᠶ᠋ᠢᠯᠭᠠᠵᠦ᠂ ᠪᠠᠢᠭᠤᠯᠤᠯ᠎ᠦᠨ ᠪᠠᠢᠭᠤᠯᠤᠯᠲᠠ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢ ᠨᠡᠩ ᠲᠣᠪᠣᠢᠮ᠎ᠠ ᠪᠠᠢᠷᠢᠨ᠎ᠳᠤ ᠲᠠᠯᠪᠢᠬᠤ ᠬᠡᠷᠡᠭᠲᠡᠢ᠂ ᠡᠯ᠎ᠡ ᠬᠦᠷᠢᠶ᠎ᠡ ᠡᠯ᠎ᠡ ᠲᠠᠯ᠎ᠠ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠳᠡᠢ᠂ ᠡᠯ᠎ᠡ ᠲᠠᠯ᠎ᠠ᠎ᠶᠢᠨ ᠪᠠᠢᠭᠤᠯᠤᠯ᠎ᠢ ᠨᠠᠩ ᠪᠣᠯᠪᠠᠰᠤᠷᠠᠩᠭᠤᠢ ᠨᠠᠩ ᠬᠡᠪᠰᠢᠭᠰᠡᠨ ᠪᠠᠢᠭᠤᠯᠤᠯ ᠪᠣᠯᠭᠠᠬᠤ᠎ᠶᠢ ᠠᠬᠢᠭᠤᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠵᠠᠰᠠᠯᠲᠠ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠵᠠᠰᠠᠯᠲᠠ᠎ᠶᠢᠨ ᠦᠷ᠎ᠡ ᠪᠦᠲᠦᠮᠵᠢ᠎ᠶᠢ ᠰᠢᠯᠢᠳᠡᠭᠵᠢᠭᠦᠯᠬᠦ ᠬᠡᠷᠡᠭᠳᠡᠢ᠃

ᠪᠦᠬᠦ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶᠢ ᠪᠠᠷᠢᠮᠲᠠᠯᠠᠬᠤ ᠬᠡᠷᠡᠭᠳᠡᠢ᠃ ᠬᠠᠤᠯᠢ᠎ᠪᠠᠷ ᠵᠠᠰᠠᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠴᠢᠬᠤᠯᠠ ᠪᠠᠲᠤᠯᠠᠭ᠎ᠠ ᠮᠥᠨ᠂ ᠡᠷᠬᠡᠪᠰᠢ ᠬᠠᠤᠯᠢ᠎ᠪᠠᠷ ᠵᠠᠰᠠᠬᠤ ᠵᠠᠮ᠎ᠢᠶᠠᠷ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ᠎ᠶᠢ ᠨᠢᠭᠡᠳᠬᠡᠵᠦ᠂ ᠴᠢᠬᠤᠯᠠ ᠶᠡᠬᠡ ᠥᠭᠡᠷᠡᠴᠢᠯᠡᠯᠲᠡ᠎ᠶᠢ ᠬᠠᠤᠯᠢ᠎ᠶᠢᠨ ᠦᠨᠳᠦᠰᠦᠯᠡᠯ᠎ᠲᠠᠢ ᠪᠠᠢᠯᠭᠠᠵᠤ᠂ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠴᠠᠭ ᠲᠤᠬᠠᠢ ᠳ᠋ᠤᠨᠢ ᠬᠠᠤᠯᠢ ᠴᠠᠭᠠᠵᠠ᠎ᠶᠢᠨ ᠳᠦᠷᠢᠮ ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠥᠳᠡ ᠬᠤᠷᠠᠯ ᠪᠠ ᠳᠥᠷᠪᠡᠳᠦᠭᠡᠷ ᠪᠦᠬᠥᠳᠡ ᠬᠤᠷᠠᠯ᠎ᠠᠴᠠ ᠥᠭᠡᠷᠡᠴᠢᠯᠡᠯᠲᠡ᠎ᠶᠢ ᠪᠦᠬᠥ ᠲᠠᠯ᠎ᠠ᠎ᠪᠠᠷ ᠭᠦᠨᠵᠡᠭᠡᠢᠷᠡᠭᠦᠯᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶᠢ ᠪᠦᠬᠥ ᠲᠠᠯ᠎ᠠ᠎ᠪᠠᠷ  ᠠᠬᠢᠭᠤᠯᠬᠤ ᠲᠤᠬᠠᠢ ᠲᠤᠰ ᠲᠤᠰ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠪᠠ᠃ ᠰᠢᠨ᠎ᠡ ᠠᠶᠠᠨ᠎ᠳᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶᠢ ᠣᠷᠭᠠᠨᠢᠭ᠋᠎ᠢᠶᠠᠷ ᠨᠢᠭᠡᠳᠬᠡᠬᠦ᠎ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠳᠦᠷᠢᠮ᠎ᠢ ᠨᠡᠩ ᠪᠦᠷᠢᠨᠰᠢᠭᠦᠯᠬᠦ᠂ ᠵᠥᠪᠯᠡᠬᠦ ᠠᠷᠠᠳᠴᠢᠯᠠᠯ᠎ᠢ ᠥᠷᠭᠡᠨ ᠳᠡᠯᠭᠡᠷ ᠤᠯᠠᠨ ᠳᠠᠪᠬᠤᠷᠭ᠎ᠠ᠎ᠪᠠᠷ ᠳᠦᠷᠢᠮᠵᠢᠭᠦᠯᠦᠨ ᠬᠥᠭᠵᠢᠭᠦᠯᠬᠦ᠎ᠶᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠬᠠᠤᠯᠢᠵᠢᠯ᠎ᠤᠨ ᠰᠢᠰᠲᠧᠮ᠎ᠢ ᠨᠡᠩ ᠲᠡᠭᠦᠯᠳᠡᠷᠵᠢᠭᠦᠯᠵᠦ᠂ ᠨᠡᠢᠭᠡᠮ ᠵᠢᠷᠤᠮᠲᠦ ᠬᠠᠤᠯᠢᠵᠢᠯ᠎ᠤᠨ ᠤᠯᠤᠰ᠎ᠤᠨ ᠪᠠᠢᠭᠤᠯᠤᠯᠲᠠ᠎ᠶᠢ ᠨᠡᠩ ᠥᠨᠳᠥᠷ ᠲᠦᠪᠰᠢᠨ᠎ᠳᠦ ᠬᠦᠷᠭᠡᠬᠦ ᠬᠡᠷᠡᠭᠲᠡᠢ᠃ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ  ᠠᠬᠢᠭᠤᠯᠬᠤ᠎ᠳᠤ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠲᠠᠢ ᠣᠷᠭᠠᠨᠢᠭ᠋᠎ᠢᠶᠠᠷ ᠤᠶᠠᠯᠳᠤᠭᠤᠯᠵᠤ᠂ ᠬᠠᠤᠯᠢ᠎ᠪᠠᠷ ᠵᠠᠰᠠᠬᠤ᠎ᠶᠢᠨ ᠴᠢᠬᠤᠯᠠ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠲᠤᠬᠠᠢ ᠬᠣᠯᠪᠣᠭᠳᠠᠯ ᠪᠦᠬᠦᠢ ᠬᠠᠤᠯᠢ ᠴᠠᠭᠠᠵᠠ᠎ᠶᠢ ᠲᠣᠭᠲᠠᠭᠠᠬᠤ ᠬᠦᠴᠦᠨ ᠦᠭᠡᠢ ᠪᠣᠯᠭᠠᠬᠤ ᠪᠠ ᠵᠠᠰᠠᠪᠤᠷᠢ ᠣᠷᠣᠭᠤᠯᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠠᠤᠯᠢᠵᠢᠯ᠎ᠤᠨ ᠳᠤᠮᠳᠠᠳᠤ ᠤᠯᠤᠰ᠎ᠤᠨ ᠪᠠᠢᠭᠤᠯᠤᠯᠲᠠ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠦ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠳᠤᠮᠳᠠᠬᠢ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠪᠠᠷᠢᠮᠲᠠᠯᠠᠵᠤ᠂ ᠦᠨᠳᠦᠰᠦᠨ ᠬᠠᠤᠯᠢ᠎ᠶᠢᠨ ᠤᠯᠤᠰ᠎ᠤᠨ ᠦᠨᠳᠦᠰᠦ ᠪᠣᠯᠬᠤ ᠬᠠᠤᠯᠢ᠎ᠶᠢᠨ ᠪᠠᠢᠷᠢ ᠰᠠᠭᠤᠷᠢ᠎ᠶᠢ ᠪᠠᠷᠢᠮᠲᠠᠯᠠᠵᠤ᠂ ᠬᠠᠤᠯᠢᠵᠢᠯ᠎ᠤᠨ ᠳᠣᠣᠷ᠎ᠠ ᠥᠭᠡᠷᠡᠴᠢᠯᠡᠯᠲᠡ᠎ᠶᠢ ᠠᠬᠢᠭᠤᠯᠬᠤ ᠪᠠ ᠥᠭᠡᠷᠡᠴᠢᠯᠡᠯᠲᠡ᠎ᠶᠢᠨ ᠳᠤᠮᠳᠠ ᠬᠠᠤᠯᠢᠵᠢᠯ᠎ᠢ ᠲᠡᠭᠦᠯᠳᠡᠷᠵᠢᠭᠦᠯᠬᠦ᠎ᠵᠢᠨ ᠨᠢᠭᠡᠳᠦᠯ᠎ᠢ  ᠪᠠᠷᠢᠮᠲᠠᠯᠠᠵᠤ᠂ ᠥᠭᠡᠷᠡᠴᠢᠯᠡᠯᠲᠡ ᠪᠠ ᠬᠠᠤᠯᠢᠵᠢᠯ᠎ᠤᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ ᠬᠡᠷᠡᠭᠲᠡᠢ᠃

ᠰᠢᠰᠲᠧᠮ᠎ᠦᠨ ᠦᠵᠡᠯᠲᠡ ᠵᠢ ᠪᠠᠷᠢᠮᠲᠠᠯᠠᠬᠤ ᠬᠡᠷᠡᠭᠳᠡᠢ᠃ 《ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠪᠣᠯ ᠨᠢᠭᠡ ᠵᠦᠢᠯ᠎ᠦᠨ ᠨᠠᠷᠢᠨ ᠪᠤᠳᠤᠯᠢᠶᠠᠨᠲᠠᠢ ᠰᠢᠰᠲᠧᠮᠲᠦ ᠢᠨᠵᠧᠨᠧᠷᠢᠩ ᠮᠥᠨ》 ᠂ 《 ᠡᠷᠬᠡᠪᠰᠢ ᠪᠦᠬᠦ ᠲᠠᠯ᠎ᠠ᠎ᠶᠢᠨ ᠰᠢᠰᠲᠧᠮ᠎ᠲᠠᠢ ᠥᠭᠡᠷᠡᠴᠢᠯᠡᠯᠲᠡ ᠪᠠ ᠰᠠᠢᠵᠢᠷᠠᠭᠤᠯᠤᠯᠲᠠ ᠪᠠᠢᠬᠤ ᠬᠡᠷᠡᠭᠲᠡᠢ᠂ ᠡᠯ᠎ᠡ ᠬᠦᠷᠢᠶᠡᠨ᠎ᠦ ᠥᠭᠡᠷᠡᠴᠢᠯᠡᠯᠲᠡ ᠪᠠ ᠰᠠᠢᠵᠢᠷᠠᠭᠤᠯᠤᠯᠲᠠ᠎ᠶᠢᠨ ᠬᠣᠯᠪᠣᠯᠳᠤᠯ ᠪᠠ ᠬᠤᠷᠠᠮᠠᠯ ᠪᠠᠢᠬᠤ ᠬᠡᠷᠡᠭᠳᠡᠢ》᠃ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ ᠪᠣᠯ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ᠎ᠶᠢᠨ ᠳ᠋ᠦᠩᠨᠡᠯᠲᠡ ᠮᠥᠨ᠂ ᠪᠠᠰᠠ ᠴᠤ᠌ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠤᠨ ᠱᠠᠭᠠᠷᠳᠠᠯᠭ᠎ᠠ ᠮᠥᠨ᠃ ᠪᠢᠳᠡᠨ᠎ᠳᠦ ᠲᠤᠯᠭᠠᠷᠠᠵᠤ ᠪᠠᠢᠭ᠎ᠠ ᠲᠣᠪᠣᠢᠮ᠎ᠠ ᠵᠥᠷᠢᠴᠡᠯ ᠪᠠ ᠠᠰᠠᠭᠤᠳᠠᠯ ᠎ᠢ ᠵᠥᠪᠬᠡᠨ ᠳᠠᠩ ᠭᠠᠭᠴᠠ ᠬᠦᠷᠢᠶ᠎ᠡ᠂ ᠳᠠᠩ ᠭᠠᠭᠴᠠ ᠳᠡᠰ ᠳᠠᠪᠬᠤᠷᠭ᠎ᠠ᠎ᠶᠢᠨ ᠥᠭᠡᠷᠡᠴᠢᠯᠡᠯᠲᠡ᠎ᠳᠦ ᠲᠦᠰᠢᠭᠯᠡᠭᠡᠳ ᠰᠠᠢᠳᠤᠷ ᠰᠢᠢᠳᠪᠦᠷᠢᠯᠡᠵᠦ ᠴᠢᠳᠠᠬᠤ ᠦᠭᠡᠢ ᠶᠤᠮ᠂ ᠡᠷᠬᠡᠪᠰᠢ ᠦᠵᠦ ᠲᠥᠯᠥᠪᠯᠡᠭᠡ᠂ ᠪᠦᠬᠦᠯᠢ ᠴᠣᠭᠴᠠ᠎ᠶᠢᠨ ᠲᠥᠯᠦᠪᠵᠢᠭᠦᠯᠭᠡ᠎ᠶᠢ ᠴᠢᠩᠭᠠᠳᠬᠠᠵᠤ᠂ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠬᠣᠯᠪᠣᠭᠠᠨ᠎ᠦ ᠴᠢᠨᠠᠷ᠂ ᠰᠢᠰᠲᠧᠮᠲᠦ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ᠎ᠶᠢᠨ ᠳᠤᠮᠳᠠ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠰᠢᠰᠲᠧᠮ᠎ᠲᠠᠢ᠎ᠬᠤᠷᠠᠮᠳᠤᠭᠤᠯᠵᠤ᠂ ᠡᠯ᠎ᠡ ᠬᠦᠷᠢᠶ᠎ᠡ᠂ ᠡᠯ᠎ᠡ ᠰᠠᠯᠠᠭ᠎ᠠ ᠮᠥᠴᠢᠷ᠎ᠦᠨ ᠬᠢᠨ ᠬᠣᠭᠣᠷᠣᠨᠳᠤ᠎ᠪᠠᠨ ᠬᠠᠮᠵᠢᠯᠴᠠᠵᠤ᠂ ᠥᠭᠡᠷᠡᠴᠢᠯᠡᠯᠲᠡ᠎ᠶᠢᠨ ᠬᠣᠯᠪᠣᠭᠠᠨ᠎ᠦ ᠴᠢᠨᠠᠷ ᠪᠠ ᠠᠪᠴᠠᠯᠳᠤᠬᠤ ᠴᠢᠨᠠᠷ᠎ᠢ ᠳᠡᠭᠡᠭᠰᠢᠯᠡᠭᠦᠯᠵᠦ᠂ ᠥᠭᠡᠷᠡᠴᠢᠯᠡᠯᠲᠡ᠎ᠶᠢᠨ ᠨᠡᠢᠯᠡᠮᠡᠯ ᠬᠦᠴᠦᠨ᠎ᠢ ᠦᠨᠡᠨ ᠬᠦ᠌ ᠬᠥᠭᠵᠢᠭᠡᠬᠦ᠎ᠪᠡᠷ ᠴᠢᠷᠮᠠᠢᠬᠤ ᠬᠡᠷᠡᠭᠳᠡᠢ᠃ ᠰᠢᠰᠲᠧᠮ᠎ᠦᠨ ᠤᠨᠤᠯ ᠨᠢ ᠪᠢᠳᠡᠨ᠎ᠢ ᠬᠡᠷᠡᠭ ᠪᠣᠳᠠᠰ᠎ᠢ ᠥᠷᠥᠭᠡᠰᠦᠭᠡᠯ᠎ᠢᠶᠡᠷ ᠪᠤᠰᠤ ᠬᠠᠷᠢᠨ ᠪᠦᠬᠦ ᠲᠠᠯ᠎ᠠ ᠪᠠᠷ᠂ ᠲᠠᠷᠠᠬᠠᠢ ᠪᠤᠲᠠᠷᠬᠠᠢ ᠪᠤᠰᠤ ᠬᠠᠷᠢᠨ ᠰᠢᠰᠲᠧᠮ᠎ᠲᠠᠢ᠂  ᠭᠠᠭᠴᠠᠭᠠᠷᠳᠠᠮᠠᠯ᠎ᠢᠶᠠᠷ ᠪᠤᠰᠤ ᠲᠦᠭᠡᠮᠡᠯ ᠬᠣᠯᠪᠣᠭ᠎ᠠ᠎ᠲᠠᠢ᠎ᠪᠠᠷ ᠬᠡᠷᠡᠭ ᠪᠤᠳᠠᠰ᠎ᠢ ᠠᠵᠢᠭ᠍ᠯᠠᠵᠤ᠂ ᠠᠰᠠᠭᠤᠳᠠᠯ᠎ᠢ ᠵᠠᠳᠠᠯᠵᠤ᠂ ᠠᠰᠠᠭᠤᠳᠠᠯ᠎ᠢ ᠰᠢᠢᠳᠪᠦᠷᠢᠯᠡᠬᠦ᠎ᠶᠢ ᠱᠠᠭᠠᠷᠳᠠᠵᠤ ᠪᠠᠢᠨ᠎ᠠ᠃ ᠶᠠᠮᠠᠷᠪᠠ ᠪᠡᠶᠡᠴᠢ ᠦᠵᠡᠯ᠂ ᠬᠡᠯᠪᠡᠷᠢ᠎ᠶᠢᠨ ᠦᠵᠡᠯ᠂ ᠮᠧᠬᠠᠨᠢᠭ᠋ ᠦᠵᠡᠯ᠂ ᠨᠣᠮᠯᠠᠯ᠎ᠤᠨ ᠦᠵᠡᠯ᠂ ᠲᠤᠷᠰᠢᠯᠭ᠎ᠠ᠎ᠶᠢᠨ ᠦᠵᠡᠯ᠎ᠦᠨ ᠦᠵᠡᠯᠲᠡ ᠪᠠ ᠠᠷᠭ᠎ᠠ ᠬᠢᠳᠡᠯ ᠨᠢ ᠴᠥᠮ ᠥᠭᠡᠷᠡᠴᠢᠯᠡᠯᠲᠡ᠎ᠶᠢᠨ ᠶᠡᠬᠡ ᠰᠠᠢᠨ ᠪᠠᠢᠳᠠᠯ᠎ᠢ ᠦᠭᠡᠢᠬᠢᠵᠦ᠂ ᠲᠡᠦᠬᠡ᠎ᠶᠢᠨ ᠴᠢᠬᠤᠯᠠ ᠠᠵᠠ ᠲᠣᠬᠢᠶᠠᠯ᠎ᠤᠨ ᠬᠤᠭᠤᠴᠠᠭ᠎ᠠ᠎ᠶᠢ ᠠᠯᠳᠠᠵᠤ ᠮᠡᠳᠡᠨ᠎ᠠ᠃ ᠪᠢᠳᠡ ᠡᠷᠬᠡᠪᠰᠢ ᠨᠠᠮ᠎ᠤᠨ ᠭᠣᠣᠯ ᠡᠭᠦᠷᠭᠡ᠎ᠶᠢᠨ ᠲᠣᠭᠣᠷᠢᠨ᠎ᠳᠤ ᠰᠢᠰᠲᠧᠮ᠎ᠲᠠᠢ ᠲᠥᠯᠥᠪᠵᠢᠭᠦᠯᠵᠦ᠂ 《ᠳᠦᠷᠪᠡᠨ ᠲᠤᠯᠭᠠᠮ᠎ᠱᠠᠭᠠᠷᠳᠠᠯᠭ᠎ᠠ》 ᠪᠡᠷ ᠥᠭᠡᠷᠡᠴᠢᠯᠡᠯᠲᠡ᠎ᠳᠦ ᠵᠥᠪ ᠬᠠᠨᠳᠤᠵᠤ᠂ 《ᠲᠠᠪᠤ᠎ᠶᠢ ᠴᠢᠬᠤᠯᠠᠴᠢᠯᠠᠬᠤ》 ᠪᠡᠷ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠵᠦ᠂ 《ᠵᠢᠷᠭᠤᠭ᠎ᠠ᠎ᠶᠢ ᠪᠠᠷᠢᠮᠲᠠᠯᠠᠬᠤ》 ᠪᠡᠷ ᠥᠭᠡᠷᠡᠴᠢᠯᠡᠯᠲᠡ᠎ᠶᠢ ᠡᠵᠡᠮᠳᠡᠵᠦ᠂ 《ᠳᠤᠯᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠬᠦ》 ᠪᠡᠷ ᠥᠭᠡᠷᠡᠴᠢᠯᠡᠯᠲᠡ᠎ᠶᠢ ᠲᠣᠭᠲᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠲᠠᠰᠤᠷᠠᠯᠲᠠ ᠦᠭᠡᠢ ᠰᠠᠷᠠᠭᠤᠯ ᠳᠠᠷᠳᠠᠩ ᠵᠠᠮ ᠨᠡᠭᠡᠭᠡᠬᠦ ᠬᠡᠷᠡᠭᠲᠡᠢ᠃


( ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠦᠵᠡᠯ ᠤᠬᠠᠮᠰᠠᠷ᠎ᠤᠨ ᠬᠡᠯᠪᠡᠷᠢ ᠬᠢᠭᠡᠳ ᠨᠡᠢᠭᠡᠮ᠎ᠦᠨ ᠦᠵᠡᠯ ᠰᠠᠨᠠᠭᠠᠨ᠎ᠤ ᠤᠷᠤᠰᠬᠠᠯ᠎ᠤᠨ ᠰᠤᠳᠤᠯᠭᠠᠨ᠎ᠤ ᠲᠠᠰᠤᠭ᠎ᠤᠨ ᠡᠷᠬᠢᠯᠡᠭᠴᠢ ᠂ ᠰᠤᠳᠤᠯᠤᠭ᠍ᠴᠢ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号