ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠬᠦᠴᠦᠳᠡᠢ ᠳᠦᠷᠢᠮ᠎ᠦᠨ ᠪᠠᠲᠤᠯᠠᠭ᠎ᠠ ᠬᠠᠩᠭᠠᠶ᠎ᠠ
2024-08-09 10:35:11
ᠵᠣᠬᠢᠶᠠᠭ᠍ᠴᠢ᠄
ᠰᠦᠨ ᠵᠢᠶᠧ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠤᠳᠤᠷᠢᠳᠤᠨ ᠠᠬᠢᠭᠤᠯᠬᠤ ᠠᠭᠤᠤ ᠶᠡᠬᠡ ᠦᠢᠯᠡᠳᠦᠯᠭᠡ ᠳᠤᠮᠳᠠ᠂ ᠶᠡᠷᠦᠩᠬᠡᠢ ᠱᠦᠵᠢ ᠰᠢ ᠵᠢᠨ ᠫᠢᠩ ᠮᠠᠷᠺᠰ᠎ᠤᠨ ᠦᠵᠡᠯ᠎ᠦᠨ ᠤᠯᠤᠰ ᠲᠥᠷᠥᠴᠢᠨ᠂ ᠪᠣᠳᠣᠯᠭᠠᠲᠠᠨ᠂ ᠪᠠᠢᠯᠳᠤᠬᠤ ᠪᠣᠳᠣᠯᠭᠠᠲᠠᠨ᠎ᠤ ᠭᠦᠨᠵᠡᠭᠡᠢ ᠠᠵᠢᠭ᠍ᠯᠠᠬᠤ ᠴᠢᠳᠠᠪᠤᠷᠢ᠂ ᠬᠤᠷᠴᠠ ᠰᠡᠷᠭᠡᠭ ᠮᠠᠭᠠᠳᠯᠠᠬᠤ ᠴᠢᠳᠠᠪᠤᠷᠢ᠂ ᠤᠨᠤᠯ᠎ᠤᠨ ᠪᠦᠲᠦᠭᠡᠯᠴᠢ ᠴᠢᠳᠠᠪᠤᠷᠢ᠂ ᠪᠠᠢᠯᠳᠤᠬᠤ ᠪᠣᠳᠣᠯᠭ᠎ᠠ᠎ᠶᠢᠨ ᠬᠥᠲᠥᠯᠥᠨ ᠳᠠᠭᠠᠭᠤᠯᠬᠤ ᠬᠦᠴᠦᠨ᠎ᠢᠶᠡᠷ ᠥᠭᠡᠷᠡᠴᠢᠯᠡᠯᠲᠡ᠎ᠶᠢᠨ ᠵᠢᠷᠤᠭ ᠲᠥᠯᠥᠪᠯᠡᠭᠡ᠎ᠶᠢ ᠵᠢᠷᠤᠭᠯᠠᠵᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠨᠢ ᠮᠠᠰᠢ ᠤᠯᠠᠨ ᠬᠦᠷᠢᠶᠡᠨ᠎ᠳᠦ ᠲᠡᠦᠬᠡᠲᠦ ᠴᠢᠨᠠᠷᠲᠠᠢ ᠬᠤᠪᠢᠰᠤᠯᠲᠠ᠎ᠶᠢ ᠪᠡᠶᠡᠯᠡᠭᠦᠯᠵᠦ᠂ ᠰᠢᠰᠲᠧᠮᠲᠦ ᠴᠢᠨᠠᠷᠲᠠᠢ᠎ᠪᠠᠷ ᠲᠠᠬᠢᠨ ᠴᠣᠭᠴᠠᠯᠠᠵᠤ᠂ ᠪᠦᠬᠦᠯᠢ ᠴᠣᠭᠴᠠ᠎ᠶᠢᠨ ᠴᠢᠨᠠᠷᠲᠠᠢ᠎ᠪᠠᠷ ᠲᠠᠬᠢᠨ ᠪᠠᠢᠭᠤᠯᠵᠤ᠂ ᠰᠢᠨ᠎ᠡ ᠴᠠᠭ ᠦᠶ᠎ᠡ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠬᠡ ᠠᠮᠵᠢᠯᠲᠠ ᠣᠯᠵᠤ᠂ ᠰᠦᠷ ᠳᠠᠯᠠᠢᠴᠠᠲᠠᠢ ᠥᠭᠡᠷᠡᠴᠢᠯᠡᠯᠲᠡ᠎ᠶᠢᠨ ᠵᠢᠷᠤᠭ᠎ᠢ ᠵᠢᠷᠤᠭᠯᠠᠭᠰᠠᠨ ᠪᠠᠢᠨ᠎ᠠ᠃ ᠥᠭᠡᠷᠡᠴᠢᠯᠡᠯᠲᠡ ᠨᠡᠭᠡᠭᠡᠯᠲᠡ᠎ᠳᠦ ᠶᠠᠪᠤᠭᠳᠠᠬᠤ ᠴᠠᠭ ᠪᠠᠢᠬᠤ᠎ᠠᠴᠠ ᠪᠢᠰᠢ ᠳᠠᠭᠤᠰᠬᠤ ᠴᠠᠭ ᠭᠡᠵᠦ ᠪᠠᠢᠬᠤ ᠦᠭᠡᠢ ᠶᠤᠮ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠲᠠᠰᠤᠷᠠᠯᠲᠠ ᠦᠭᠡᠢ ᠠᠬᠢᠳᠠᠭ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ᠎ᠶᠢ ᠨᠡᠭᠡᠭᠡᠬᠦ ᠨᠢ ᠯᠠᠪᠲᠠᠢ ᠶᠤᠮ᠃ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ᠎ᠤᠨ ᠡᠮᠦᠨ᠎ᠡ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ  ᠲᠸᠭᠨᠢᠭ  ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢᠨ ᠡᠮᠦᠨ᠎ᠡ᠂ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠦᠨ ᠡᠮᠦᠨ᠎ᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠡᠴᠡ  《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠲᠣᠪᠴᠢᠯᠠᠨ᠎ᠠ) ᠎ᠢ  ᠬᠢᠨᠠᠨ ᠵᠦᠪᠯᠡᠵᠦ ᠪᠠᠲᠤᠯᠠᠭᠠᠳ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠪᠠᠢᠯᠳᠤᠬᠤ ᠪᠣᠳᠣᠯᠭ᠎ᠠ᠎ᠶᠢᠨ ᠵᠢᠷᠤᠭ ᠲᠥᠯᠥᠪᠯᠡᠭᠡ ᠬᠢᠵᠦ᠂ ᠦᠨᠳᠦᠰᠦᠨ ᠵᠢᠷᠤᠮᠯᠠᠯ ᠬᠠᠩᠭᠠᠭᠰᠠᠨ ᠪᠠᠢᠨ᠎ᠠ᠃

ᠤᠮᠳᠠᠳᠤ ᠤᠯᠤᠰ᠎ᠦᠨ  ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠡᠨᠡ᠎ᠬᠦ ᠭᠣᠣᠯ ᠰᠡᠳᠦᠪ᠎ᠢ ᠰᠠᠢᠨ ᠡᠵᠡᠮᠳᠡᠬᠦ ᠬᠡᠷᠡᠭᠳᠡᠢ

ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ᠎ᠶᠢᠨ ᠳᠤᠮᠳᠠᠳᠤ ᠤᠯᠤᠰ᠎ᠤᠨ ᠬᠤᠪᠢ ᠵᠠᠶᠠᠭ᠎ᠠ᠎ᠶᠢ ᠲᠣᠭᠲᠠᠭᠠᠬᠤ ᠵᠠᠩᠭᠢᠯᠠᠭ᠎ᠠ᠎ᠶᠢᠨ ᠠᠷᠭ᠎ᠠ ᠮᠥᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠠᠷᠭ᠎ᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠠᠵᠤ ᠢᠯᠠᠭᠳᠠᠬᠤ᠎ᠶᠢ ᠲᠣᠭᠲᠠᠭᠠᠬᠤ ᠵᠠᠩᠭᠢᠯᠠᠭ᠎ᠠ᠎ᠶᠢᠨ ᠠᠷᠭ᠎ᠠ ᠮᠥᠨ᠃ ᠣᠳᠣᠬᠢᠴᠢᠯᠠᠯᠲᠠ᠎ᠶᠢ ᠪᠡᠶᠡᠯᠡᠭᠦᠯᠬᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠴᠥᠬᠥᠷᠡᠰᠢ ᠦᠭᠡᠢ ᠲᠡᠮᠡᠴᠡᠯ ᠪᠠ ᠬᠥᠭᠡᠭᠡᠴᠡᠯᠳᠦᠯ ᠮᠦᠨ᠃ ᠥᠭᠡᠷᠡᠴᠢᠯᠡᠯᠲᠡ ᠨᠡᠭᠡᠭᠡᠯᠲᠡ ᠪᠣᠯ ᠮᠠᠨ᠎ᠤ ᠨᠠᠮ᠎ᠤᠨ ᠲᠡᠦᠬᠡᠨ ᠳᠡᠭᠡᠷᠡᠬᠢ ᠨᠢᠭᠡ ᠤᠳᠠᠭᠠᠨ᠎ᠤ ᠠᠭᠤᠤ ᠶᠡᠬᠡ ᠰᠡᠬᠡᠭᠡᠷᠡᠯᠲᠡ ᠮᠥᠨ᠂ ᠶᠠᠭ ᠡᠨᠡ ᠬᠦ᠌ ᠠᠭᠤᠤ ᠶᠡᠬᠡ ᠰᠡᠬᠡᠭᠡᠷᠡᠯᠲᠡ ᠨᠢ ᠮᠠᠨ᠎ᠤ ᠨᠠᠮ᠎ᠤᠨ ᠤᠨᠤᠯ᠎ᠠᠴᠠ ᠦᠢᠯᠡᠳᠦᠯᠭᠡ᠎ᠳᠦ ᠬᠦᠷᠬᠦ ᠠᠭᠤᠤ ᠶᠡᠬᠡ ᠡᠭᠦᠳᠦᠯᠲᠡ᠎ᠶᠢ ᠡᠬᠦᠳᠦᠭᠰᠡᠨ ᠶᠤᠮ; ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠲᠡᠦᠬᠡᠨ ᠳᠡᠭᠡᠷᠡᠬᠢ ᠨᠢᠭᠡ ᠤᠳᠠᠭᠠᠨ᠎ᠤ ᠠᠭᠤᠤ ᠶᠡᠬᠡ ᠬᠤᠪᠢᠰᠬᠠᠯ ᠮᠥᠨ᠂ ᠶᠠᠭ ᠡᠨᠡ ᠬᠦ᠌ ᠠᠭᠤᠤ ᠶᠡᠬᠡ ᠬᠤᠪᠢᠰᠬᠠᠯ ᠨᠢ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠢᠯᠡᠰ᠎ᠦᠨ ᠠᠭᠤᠤ ᠶᠡᠬᠡ ᠦᠰᠦᠷᠦᠯᠲᠡ᠎ᠶᠢ ᠠᠬᠢᠭᠤᠯᠤᠭᠰᠠᠨ ᠶᠤᠮ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ ᠳᠠᠪᠰᠢᠯᠲᠠ᠎ᠶᠢᠨ ᠠᠮᠢᠵᠢᠷᠠᠯ᠎ᠤᠨ ᠬᠦᠴᠦᠨ᠎ᠦ ᠡᠬᠢ ᠰᠤᠷᠪᠤᠯᠵᠢ ᠮᠥᠨ᠂ ᠨᠠᠮ ᠪᠠ ᠠᠷᠠᠳ ᠲᠦᠮᠡᠨ᠎ᠦ ᠶᠡᠬᠡ ᠠᠯᠬᠤᠮ᠎ᠢᠶᠠᠷ ᠴᠠᠭ ᠦᠶ᠎ᠡ᠎ᠶᠢ ᠬᠥᠭᠡᠭᠡᠵᠦ ᠭᠦᠢᠴᠡᠬᠦ ᠴᠢᠬᠤᠯᠠ ᠠᠨᠢᠰᠦ ᠮᠥᠨ᠂ᠬᠦᠴᠦᠷᠭᠡᠭ  ᠤᠯᠤᠰ᠎ᠦᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠵᠠᠢᠯᠠᠰᠢ ᠦᠭᠡᠢ ᠶᠠᠪᠤᠬᠤ ᠵᠠᠮ ᠮᠥᠨ ᠭᠡᠳᠡᠭ᠎ᠢ ᠦᠢᠯᠡᠳᠦᠯᠭᠡ ᠭᠡᠷᠡᠴᠢᠯᠡᠪᠡ᠃

ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ᠎ᠶᠢ ᠲᠥᠯᠥᠪᠯᠡᠵᠦ ᠪᠠᠢᠷᠢᠯᠠᠭᠤᠯᠬᠤ ᠪᠣᠯ ᠨᠠᠮ᠎ᠡᠴᠡ ᠥᠭᠡᠷᠡᠴᠢᠯᠡᠯᠲᠡ ᠨᠡᠭᠡᠭᠡᠯᠲᠡ᠎ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠣᠳᠣᠬᠠᠨ᠎ᠦ ᠪᠠ ᠬᠣᠢᠰᠢᠳᠠ᠎ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠮᠠᠨ᠎ᠤ ᠤᠯᠤᠰ᠎ᠤᠨ ᠬᠥᠭᠵᠢᠯᠲᠡ ᠲᠡᠦᠬᠡ᠎ᠶᠢᠨ ᠰᠢᠨ᠎ᠡ ᠣᠷᠣᠨ ᠪᠠᠢᠷᠢ᠎ᠳᠤ ᠣᠷᠣᠰᠢᠵᠤ᠂ ᠥᠭᠡᠷᠡᠴᠢᠯᠡᠯᠲᠡ ᠨᠡᠭᠡᠭᠡᠯᠲᠡ ᠨᠢᠭᠡᠨ ᠰᠢᠨ᠎ᠡ ᠴᠢᠬᠤᠯᠠ ᠵᠠᠩᠭᠢᠯᠠᠭ᠎ᠠ᠎ᠶᠢᠨ ᠦᠶ᠎ᠡ᠎ᠳᠦ ᠬᠦᠷᠴᠡᠢ᠃ ᠣᠳᠣᠬᠢ ᠱᠠᠲᠤᠨ᠎ᠳᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ ᠪᠣᠯ ᠮᠥᠨ ᠯᠡ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠄ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠴᠢᠯᠦᠭᠡᠯᠡᠨ ᠴᠢᠩᠭᠠᠳᠬᠠᠬᠤ ᠬᠡᠷᠡᠭᠲᠡᠢ》 ᠭᠡᠵᠦ ᠵᠢᠭᠠᠵᠦ ᠭᠠᠷᠭᠠᠪᠠ᠃ ᠥᠭᠡᠷᠡᠴᠢᠯᠡᠯᠲᠡ᠎ᠶᠢ ᠤᠯᠠᠮ ᠨᠢᠭᠡ ᠠᠯᠬᠣᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠪᠠᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠡᠨᠡ ᠬᠦ᠌ ᠶᠡᠷᠦᠩᠬᠡᠢ ᠬᠠᠷᠠᠯᠲᠠ᠎ᠶᠢ ᠲᠣᠭᠲᠠᠭᠠᠵᠤ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶᠢ ᠠᠬᠢᠭᠤᠯᠬᠤ ᠵᠢᠨ ᠲᠤᠭᠤᠷᠢᠨ᠎ᠳᠦ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠠᠰᠠᠭᠤᠳᠠᠯ᠎ᠳᠤ ᠴᠢᠭᠯᠡᠭᠦᠯᠦᠨ᠂ ᠠᠰᠠᠭᠤᠳᠠᠯ᠎ᠢ ᠠᠩᠬᠠᠷᠤᠨ ᠰᠢᠢᠳᠪᠦᠷᠢᠯᠡᠵᠦ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠲᠠ᠎ᠶᠢ ᠠᠬᠢᠭᠤᠯᠬᠤ᠎ᠶᠢ ᠬᠠᠷᠰᠢᠯᠠᠵᠤ ᠪᠠᠢᠭ᠎ᠠ ᠦᠵᠡᠯ ᠰᠠᠨᠠᠭ᠎ᠠ ᠣᠢᠯᠠᠭᠠᠭᠳᠠᠬᠤᠨ ᠪᠣᠯᠣᠨ ᠪᠠᠢᠭᠤᠯᠤᠯ ᠲᠣᠭᠲᠠᠴᠠ᠎ᠶᠢᠨ ᠭᠡᠮ ᠰᠣᠭᠣᠭ᠎ᠢ ᠡᠷᠡᠰ ᠠᠷᠢᠯᠭᠠᠵᠤ᠂ ᠭᠦᠨ ᠳᠠᠪᠬᠤᠷᠭ᠎ᠠ᠎ᠶᠢᠨ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ ᠪᠣᠯᠣᠨ ᠪᠦᠲᠦᠴᠡ᠎ᠶᠢᠨ ᠴᠢᠨᠠᠷᠲᠠᠢ ᠵᠥᠷᠢᠴᠡᠯ᠎ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠲᠠᠰᠤᠷᠠᠯᠲᠠ ᠦᠭᠡᠢ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠲᠡᠢ ᠳᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃

ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠣ ᠬᠡᠷᠡᠭᠳᠡᠢ

ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ  ᠠᠬᠢᠭᠤᠯᠬᠤ᠎ᠶᠢᠨ ᠬᠠᠮᠤᠭ᠎ᠤᠨ ᠦᠨᠳᠦᠰᠦᠨ ᠬᠠᠮᠤᠭ᠎ᠤᠨ ᠲᠤᠯᠭᠠᠮ ᠡᠭᠦᠷᠭᠡ ᠪᠣᠯ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠬᠦ ᠶᠠᠪᠤᠳᠠᠯ ᠪᠣᠯᠣᠨ᠎ᠠ᠃  ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ ᠬᠢᠬᠦ ᠡᠨᠡ ᠬᠦ᠌ ᠭᠣᠣᠯᠳᠠᠯᠭ᠎ᠠ᠎ᠶᠢ ᠲᠤᠪᠤᠢ᠍ᠢᠯᠭᠠᠬᠤ ᠬᠡᠷᠡᠭᠲᠡᠢ᠃ ᠠᠵᠤ ᠠᠬᠤᠢ᠎ᠶᠢᠨ ᠪᠠᠢᠭᠤᠯᠤᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠳᠬᠠᠵᠤ᠂ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠬᠥᠭᠵᠢᠯᠲᠡ᠎ᠶᠢᠨ ᠳᠠᠪᠠᠭᠤᠯᠢᠭ᠋᠎ᠢ ᠣᠯᠬᠤ ᠬᠡᠷᠡᠭᠲᠡᠢ᠃ ᠭᠠᠭᠴᠠ ᠬᠦ᠌ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠪᠡᠯ ᠰᠠᠶᠢ ᠪᠤᠰᠤᠳ ᠬᠦᠷᠢᠶᠡᠨ᠎ᠳᠡᠬᠢ ᠥᠭᠡᠷᠡᠴᠢᠯᠡᠯᠲᠡ᠎ᠳᠦ ᠴᠢᠬᠤᠯᠠ ᠲᠦᠰᠢᠭ ᠲᠤᠯᠭᠠᠭᠤᠷᠢ ᠬᠠᠩᠭᠠᠵᠤ ᠴᠢᠳᠠᠨ᠎ᠠ᠃ ᠮᠠᠨ᠎ᠤ ᠤᠯᠤᠰ᠎ᠤᠨ ᠦᠨᠳᠦᠰᠦᠨ ᠠᠵᠤ ᠠᠬᠤᠢ᠎ᠶᠢᠨ ᠪᠠᠢᠭᠤᠯᠤᠯ᠎ᠢ ᠪᠠᠷᠢᠮᠲᠠᠯᠠᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠵᠤ᠂ ᠪᠥᠬᠥ ᠲᠠᠯ᠎ᠠ᠎ᠪᠠᠷ ᠰᠢᠨ᠎ᠡ᠎ᠶᠢ ᠡᠭᠦᠳᠬᠦ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠳᠡᠮᠵᠢᠬᠦ ᠵᠡᠷᠭᠡ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠦᠢᠯᠡᠳᠪᠦᠷᠢᠯᠡᠯ᠎ᠦᠨ ᠬᠠᠷᠢᠴᠠᠭ᠎ᠠ ᠪᠣᠯᠣᠨ ᠦᠢᠯᠡᠳᠪᠦᠷᠢᠯᠡᠯ᠎ᠦᠨ ᠬᠦᠴᠦᠨ᠂ ᠳᠠᠪᠬᠤᠷᠭ᠎ᠠ ᠪᠣᠯᠣᠨ ᠠᠵᠤ ᠠᠬᠤᠢ᠎ᠶᠢᠨ ᠰᠠᠭᠤᠷᠢ᠎ᠶᠢᠨ ᠨᠠᠩ ᠰᠠᠢᠨ ᠵᠣᠬᠢᠴᠠᠯᠳᠤᠬᠤ᠎ᠶᠢ ᠠᠬᠢᠭᠤᠯᠬᠤ ᠬᠡᠷᠡᠭᠲᠡᠢ᠃

ᠠᠷᠠᠳ ᠲᠦᠮᠡᠨ᠎ᠢᠶᠡᠷ ᠭᠣᠣᠯ ᠪᠣᠯᠭᠠᠬᠤ ᠥᠷᠲᠡᠭ᠎ᠦᠨ ᠬᠠᠨᠳᠤᠰᠢ᠎ᠶᠢ ᠪᠠᠷᠢᠮᠲᠠᠯᠠᠬᠤ ᠬᠡᠷᠡᠭᠲᠡᠢ

ᠠᠷᠠᠳ ᠲᠦᠮᠡᠨ᠎ᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠪᠠᠷᠢᠮᠲᠠᠯᠠᠵᠤ᠂ ᠠᠷᠠᠳ ᠲᠦᠮᠡᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠳᠠᠢᠴᠢᠯᠠᠬᠤ ᠪᠣᠯ ᠢᠮᠠᠭᠲᠠ ᠮᠠᠨ᠎ᠤ ᠨᠠᠮ᠎ᠤᠨ ᠢᠯᠠᠭᠳᠠᠰᠢ ᠦᠭᠡᠢ ᠪᠠᠢᠷᠢᠨ᠎ᠳᠤ ᠪᠠᠢᠬᠤ᠎ᠶᠢᠨ ᠬᠦᠴᠦᠷᠬᠡᠭ ᠶᠡᠬᠡ ᠦᠨᠳᠦᠰᠦ ᠰᠠᠭᠤᠷᠢ ᠮᠥᠨ᠂ ᠪᠠᠰᠠ ᠴᠤ᠌ ᠳᠤᠮᠳᠠᠳᠤ ᠤᠯᠤᠰ᠎ᠤᠨ ᠥᠭᠡᠷᠡᠴᠢᠯᠡᠯᠲᠡ᠎ᠶᠢᠨ ᠬᠠᠮᠤᠭ᠎ᠤᠨ ᠭᠦᠨ ᠵᠤᠵᠠᠭᠠᠨ ᠰᠠᠭᠤᠷᠢ ᠪᠠ ᠬᠥᠳᠡᠯᠭᠡᠭᠴᠢ ᠬᠦᠴᠦᠨ᠎ᠦ ᠡᠬᠢ ᠪᠤᠯᠠᠭ ᠮᠥᠨ᠃ ᠲᠠᠨᠢᠯᠲᠠ ᠪᠠ ᠦᠢᠯᠡᠳᠦᠯᠭᠡ᠎ᠶᠢᠨ ᠲᠠᠯ᠎ᠠ᠎ᠪᠠᠷ ᠬᠢ ᠥᠭᠡᠷᠡᠴᠢᠯᠡᠯᠲᠡ᠎ᠶᠢᠨ ᠤᠳᠠᠭ᠎ᠠ ᠪᠦᠷᠢ᠎ᠶᠢᠨ ᠰᠢᠪᠲᠤᠯᠤᠯᠲᠠ ᠪᠠ ᠬᠥᠭᠵᠢᠯᠲᠡ᠂ ᠥᠭᠡᠷᠡᠴᠢᠯᠡᠯᠲᠡ᠎ᠶᠢᠨ ᠳᠤᠮᠳᠠᠬᠢ ᠰᠢᠨ᠎ᠡ ᠬᠡᠷᠡᠭ ᠪᠣᠳᠠᠰ ᠪᠦᠷᠢ᠎ᠶᠢᠨ ᠡᠭᠦᠰᠦᠯᠲᠡ ᠪᠠ ᠬᠥᠭᠵᠢᠯᠲᠡ᠂ ᠥᠭᠡᠷᠡᠴᠢᠯᠡᠯᠲᠡ᠎ᠶᠢᠨ ᠳᠤᠮᠳᠠᠬᠢ ᠲᠠᠯ᠎ᠠ ᠪᠦᠷᠢ ᠎ᠶᠢᠨ ᠲᠤᠷᠰᠢᠯᠭ᠎ᠠ᠎ᠶᠢᠨ ᠡᠭᠦᠳᠦᠯᠲᠡ ᠪᠠ ᠬᠤᠷᠠᠮᠳᠤᠭᠤᠯᠤᠯ ᠨᠢ ᠴᠥᠮ ᠲᠦᠭ ᠲᠦᠮᠡᠨ ᠠᠷᠠᠳ ᠲᠦᠮᠡᠨ᠎ᠦ ᠦᠢᠯᠡᠳᠦᠯᠭᠡ ᠪᠠ ᠤᠶᠤᠨ ᠤᠬᠠᠭᠠᠨ᠎ᠡᠴᠡ ᠢᠷᠡᠭᠰᠡᠨ ᠶᠤᠮ ᠭᠡᠳᠡᠭ᠎ᠢ ᠦᠢᠯᠡᠳᠦᠯᠭᠡ ᠭᠡᠷᠡᠴᠢᠯᠡᠭᠰᠡᠨ ᠪᠠᠢᠨ᠎ᠠ᠃ ᠠᠷᠠᠳ ᠲᠦᠮᠡᠨ᠎ᠦ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠠᠴᠢ ᠬᠣᠯᠪᠣᠭᠳᠠᠯ᠎ᠲᠠᠢ ᠶᠤᠮ; ᠠᠷᠠᠳ ᠲᠦᠮᠡᠨ᠎ᠳᠦ ᠲᠦᠰᠢᠭᠯᠡᠨ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶᠢ ᠬᠥᠳᠡᠯᠭᠡᠬᠦ ᠬᠦᠴᠦᠨ᠎ᠲᠠᠢ ᠪᠠᠢᠵᠤ ᠴᠢᠳᠠᠨ᠎ᠠ᠃

《ᠲᠣᠭᠲᠠᠭᠠᠯ》 ᠎ᠳᠤ᠂ 《ᠠᠷᠠᠳ ᠲᠦᠮᠡᠨ ᠬᠦᠰᠡᠯ ᠱᠠᠭᠠᠷᠳᠠᠯᠭ᠎ᠠ᠎ᠲᠠᠢ ᠪᠣᠯ ᠥᠭᠡᠷᠡᠴᠢᠯᠡᠯᠲᠡ ᠬᠠᠷᠢᠭᠤ ᠲᠤᠰᠬᠠᠯ᠎ᠲᠠᠢ ᠪᠠᠢᠵᠤ᠂ ᠥᠭᠡᠷᠡᠴᠢᠯᠡᠯᠲᠡ ᠨᠢ ᠠᠷᠠᠳ ᠲᠦᠮᠡᠨ᠎ᠦ ᠲᠥᠯᠥᠭᠡ ᠪᠠᠢᠬᠤ᠂ ᠥᠭᠡᠷᠡᠴᠢᠯᠡᠯᠲᠡ ᠨᠢ ᠠᠷᠠᠳ ᠲᠦᠮᠡᠨ᠎ᠢ ᠲᠦᠰᠢᠭᠯᠡᠬᠦ᠂ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠎ᠶᠢ ᠪᠡᠶᠡᠯᠡᠭᠦᠯᠦᠨ᠎ᠡ》 ᠭᠡᠵᠦ ᠵᠢᠭᠠᠵᠤ ᠭᠠᠷᠭᠠᠪᠠ᠃  ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠠᠷᠠᠳ ᠤᠯᠠᠨ ᠶᠠᠭᠤ᠎ᠶᠢ ᠠᠩᠬᠠᠷᠴᠤ᠂ ᠶᠠᠭᠤ᠎ᠶᠢ ᠬᠦᠰᠡᠵᠦ ᠪᠠᠢᠪᠠᠯ ᠥᠭᠡᠷᠡᠴᠢᠯᠡᠯᠲᠡ ᠲᠡᠭᠦᠨ᠎ᠢ ᠠᠳᠬᠤᠵᠤ᠂ ᠲᠡᠭᠦᠨ᠎ᠢ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠬᠦ ᠬᠡᠷᠡᠭᠲᠡᠢ; ᠠᠷᠠᠳ ᠲᠦᠮᠡᠨ᠎ᠦ ᠪᠦᠬᠦᠯᠢ ᠴᠣᠭᠴᠠ᠎ᠶᠢᠨ ᠠᠰᠢᠭ᠋ ᠲᠤᠰᠠ᠂ ᠦᠨᠳᠦᠰᠦᠨ ᠠᠰᠢᠭ᠋ ᠲᠤᠰᠠ᠂ ᠠᠯᠤᠰ ᠬᠡᠳᠤ᠎ᠶᠢᠨ ᠠᠰᠢᠭ᠋ ᠲᠤᠰᠠ᠎ᠡᠴᠡ ᠡᠭᠦᠰᠦᠨ ᠥᠭᠡᠷᠡᠴᠢᠯᠡᠯᠲᠡ᠎ᠶᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠠᠵᠢᠯ ᠣᠯᠭᠣᠯᠲᠠ᠂ ᠣᠷᠣᠯᠭ᠎ᠠ᠎ᠶᠢ ᠨᠡᠮᠡᠭᠳᠡᠭᠦᠯᠬᠦ᠂ ᠰᠤᠷᠭᠠᠭᠤᠯᠢ᠎ᠳᠤ ᠣᠷᠣᠬᠤ᠂ ᠡᠪᠡᠳᠴᠢᠨ ᠦᠵᠡᠭᠦᠯᠬᠦ᠂ ᠣᠷᠣᠨ ᠰᠠᠭᠤᠴᠠ᠂ ᠠᠵᠢᠯ ᠶᠠᠪᠤᠳᠠᠯ ᠡᠷᠬᠢᠯᠡᠬᠦ᠂ ᠬᠡᠦᠬᠡᠳ ᠰᠠᠭᠠᠲᠠᠭᠤᠯᠬᠤ ᠨᠠᠰᠤᠵᠢᠯ᠎ᠤᠨ ᠠᠰᠠᠷᠠᠮᠵᠢ ᠵᠢᠴᠢ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠵᠡᠷᠭᠡ ᠠᠷᠠᠳ ᠤᠯᠠᠨ᠎ᠤ ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠡᠴᠡ ᠥᠭᠡᠷᠡᠴᠢᠯᠡᠯᠲᠡ᠎ᠶᠢᠨ ᠬᠦᠴᠦᠯᠡᠬᠦ ᠴᠡᠭ ᠪᠠ ᠰᠢᠪᠲᠤᠯᠤᠯᠲᠠ᠎ᠶᠢᠨ ᠴᠡᠭ᠎ᠢ ᠣᠨᠣᠪᠴᠢᠲᠠᠢ ᠡᠷᠢᠵᠦ ᠣᠯᠬᠤ᠎ᠶᠢ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠪᠠᠴᠢᠮ ᠬᠡᠷᠡᠭᠴᠡᠭᠡ᠂ ᠠᠷᠠᠳ᠎ᠤᠨ ᠰᠡᠳᠬᠢᠯ᠎ᠦᠨ ᠬᠠᠨᠳᠤᠰᠢ᠎ᠶᠢᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠢᠯᠡᠭᠦᠬᠡᠨ ᠭᠠᠷᠭᠠᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭᠠᠴᠠᠭᠤᠯᠬᠤ᠂ ᠠᠷᠠᠳ᠎ᠤᠨ ᠰᠠᠨᠠᠭ᠎ᠠ᠎ᠳᠤ ᠨᠡᠢᠴᠡᠭᠦᠯᠬᠦ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠥᠭᠡᠷᠡᠴᠢᠯᠡᠯᠲᠡ ᠡᠴᠡ ᠠᠷᠠᠳ ᠤᠯᠠᠨ᠎ᠳᠤ ᠨᠡᠩ ᠤᠯᠠᠨ ᠬᠦᠷᠲᠡᠮᠵᠢ᠎ᠶᠢᠨ ᠲᠥᠷᠥᠭᠳᠡᠯ᠂ ᠵᠢᠷᠭᠠᠯᠳᠣ ᠲᠦᠷᠦᠭᠳᠡᠯ᠂ ᠠᠮᠣᠷ ᠲᠦᠪᠰᠢᠨ ᠲᠦᠷᠦᠭᠳᠡᠯ᠎ᠢ ᠮᠡᠳᠡᠷᠡᠬᠦᠯᠦᠨ᠎ᠠ᠃

ᠥᠭᠡᠷᠡᠴᠢᠯᠡᠯᠲᠡ᠎ᠶᠢᠨ ᠰᠢᠰᠲᠧᠮᠲᠦ ᠴᠢᠨᠠᠷ ᠪᠦᠬᠦᠯᠢ ᠴᠣᠭᠴᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠬᠣ ᠬᠡᠷᠡᠭᠳᠡᠢ

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠥᠭᠡᠷᠡᠴᠢᠯᠡᠯᠲᠡ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠥᠭᠡᠷᠡᠴᠢᠯᠡᠯᠲᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠷᠠᠭᠤᠯᠤᠨ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢᠬᠢ ᠬᠠᠮᠤᠭ᠎ᠤᠨ ᠪᠠᠶᠠᠯᠢᠭ᠋᠂ ᠬᠠᠮᠤᠭ᠎ᠤᠨ ᠪᠥᠬᠥ ᠲᠠᠯ᠎ᠠ᠎ᠶᠢᠨ᠂ ᠬᠠᠮᠤᠭ᠎ᠤᠨ ᠰᠢᠰᠲᠧᠮ᠎ᠲᠠᠢ ᠥᠭᠡᠷᠡᠴᠢᠯᠡᠯᠲᠡ᠎ᠶᠢᠨ ᠠᠷᠭ᠎ᠠ᠎ᠶᠢᠨ ᠣᠨᠣᠯ᠎ᠢ ᠪᠣᠶ ᠪᠣᠯᠭᠠᠵᠤ᠂ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠠᠵᠢᠯ᠎ᠤᠨ ᠪᠡᠷᠬᠡ᠎ᠶᠢ ᠳᠤᠭᠤᠯᠤᠨ ᠪᠡᠷᠬᠡ᠎ᠶᠢ ᠳᠠᠪᠠᠬᠤ ᠳᠤᠮᠳᠠ ᠲᠠᠰᠤᠷᠠᠯᠲᠠ ᠦᠭᠡᠢ ᠰᠢᠨ᠎ᠡ ᠳᠡᠭᠲᠡᠷ᠎ᠲᠦ ᠭᠠᠷᠴᠤ᠂ ᠰᠢᠨ᠎ᠡ ᠢᠯᠠᠯᠲᠠ ᠣᠯᠬᠤ᠎ᠶᠢ ᠠᠬᠢᠭᠤᠯᠪᠠ᠃

ᠥᠭᠡᠷᠡᠴᠢᠯᠡᠯᠲᠡ᠎ᠶᠢᠨ ᠰᠢᠨ᠎ᠡ ᠠᠶᠠᠨ᠎ᠢ ᠰᠢᠰᠲᠧᠮ᠎ᠲᠠᠢ ᠪᠦᠬᠦᠯᠢ ᠴᠣᠭᠴᠠ᠎ᠪᠠᠷ ᠨᠢ ᠵᠢᠷᠤᠵᠤ ᠲᠥᠯᠥᠪᠯᠡᠨ ᠠᠬᠢᠭᠤᠯᠬᠤ᠎ᠳᠤ᠂ ᠨᠢᠭᠡ᠎ᠳᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠨᠠᠩ ᠴᠢᠬᠤᠯᠠᠴᠢᠯᠠᠬᠤ ᠬᠡᠷᠡᠭᠲᠡᠢ᠃ ᠲᠥᠪ ᠶᠣᠰᠣ᠌᠎ᠶᠢ ᠪᠠᠷᠢᠮᠲᠠᠯᠠᠬᠤ ᠪᠣᠯ ᠦᠨᠡᠨ ᠶᠣᠰᠣ᠌᠎ᠶᠢ ᠪᠠᠲᠤ ᠰᠠᠬᠢᠵᠤ᠂ ᠲᠥᠪ ᠶᠣᠰᠣ᠌᠎ᠶᠢ ᠪᠠᠲᠤ ᠰᠠᠬᠢᠬᠤ ᠶᠠᠪᠤᠳᠠᠯ ᠮᠥᠨ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠂ ᠮᠠᠷᠺᠰ᠎ᠤᠨ ᠦᠵᠡᠯ᠎ᠢ ᠪᠠᠷᠢᠮᠲᠠᠯᠠᠬᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠬᠤ᠂ ᠠᠷᠠᠳ᠎ᠤᠨ ᠠᠷᠠᠳᠴᠢᠯᠠᠭᠰᠠᠨ ᠳᠠᠷᠤᠩᠭᠤᠢᠯᠠᠬᠤ ᠵᠠᠰᠠᠭ᠎ᠢ ᠪᠠᠷᠢᠮᠲᠠᠯᠠᠬᠤ ᠵᠡᠷᠭᠡ ᠦᠨᠳᠦᠰᠦᠨ ᠵᠦᠢᠯ᠎ᠢ ᠶᠠᠭᠠᠬᠢᠭ᠍ᠰᠠᠨ ᠴᠤ᠌ ᠭᠤᠢᠪᠢᠯᠵᠠᠭᠤᠯᠵᠤ ᠪᠣᠯᠬᠤ ᠦᠭᠡᠢ᠃ ᠬᠣᠶᠠᠷ᠎ᠲᠤ᠂ ᠰᠢᠰᠲᠧᠮᠲᠦ ᠬᠤᠷᠠᠮᠠᠯ᠎ᠢ ᠨᠡᠩ ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠳᠦ 《ᠪᠦᠬᠦ ᠲᠠᠯ᠎ᠠ》 ᠨᠢ ᠡᠯ᠎ᠡ ᠬᠦᠷᠢᠶᠡᠨ᠎ᠦ ᠥᠭᠡᠷᠡᠴᠢᠯᠡᠯᠲᠡ ᠪᠠ ᠰᠠᠢᠵᠢᠷᠠᠭᠤᠯᠤᠯᠲᠠ᠎ᠶᠢᠨ ᠬᠣᠯᠪᠣᠯᠳᠤᠯ ᠪᠠ ᠬᠤᠷᠠᠮᠠᠯ᠎ᠳᠦ ᠢᠯᠡᠷᠡᠵᠦ᠂ ᠡᠭᠦᠷᠭᠡ᠎ᠶᠢᠨ ᠪᠦᠬᠦ ᠲᠠᠯ᠎ᠠ᠂ ᠠᠭᠤᠯᠭ᠎ᠠ᠎ᠶᠢᠨ ᠭᠦᠨᠵᠡᠭᠡᠢ᠂ ᠨᠥᠯᠥᠭᠡ᠎ᠶᠢᠨ ᠥᠷᠭᠡᠨ ᠳᠡᠯᠭᠡᠷ ᠨᠢ ᠤᠷᠢᠳ ᠡᠮᠦᠨ᠎ᠡ ᠪᠠᠢᠭ᠎ᠠ ᠦᠭᠡᠢ ᠶᠤᠮ᠃ ᠭᠤᠷᠪᠠ᠎ᠳᠤ᠂ ᠦᠨᠡᠨ ᠪᠣᠳᠠᠲᠠᠢ ᠨᠠᠢᠳᠠᠪᠤᠷᠢᠵᠢᠭᠤᠯᠤᠯᠲᠠ᠎ᠶᠢ ᠠᠳᠬᠤᠬᠤ᠎ᠶᠢ ᠱᠠᠭᠠᠷᠳᠠᠨ᠎ᠠ᠃  ᠪᠢᠳᠡ ᠡᠷᠬᠡᠪᠰᠢ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠥᠭᠡᠷᠡᠴᠢᠯᠡᠯᠲᠡ᠎ᠶᠢᠨ ᠨᠠᠢᠳᠠᠪᠤᠷᠢᠵᠢᠭᠤᠯᠤᠯᠲᠠ᠎ᠶᠢ ᠠᠳᠬᠤᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠲᠠᠢ᠂ ᠨᠡᠩ ᠴᠤ᠌ ᠯᠠᠪᠳᠠᠭᠤᠨ ᠪᠠᠲᠤᠲᠠᠢ᠂ ᠤᠷᠢᠳ᠎ᠢᠶᠠᠷ ᠬᠢᠬᠦ ᠲᠡᠰ ᠳᠠᠷᠠᠭᠠᠯᠠᠯ᠎ᠢ ᠲᠣᠳᠣᠷᠬᠠᠢᠯᠠᠵᠤ᠂ ᠴᠠᠭ ᠬᠡᠮᠵᠢᠶ᠎ᠡ ᠦᠷ᠎ᠡ ᠪᠦᠲᠦᠮᠵᠢ᠎ᠶᠢ ᠡᠵᠡᠮᠳᠡᠵᠦ᠂ ᠴᠢᠳᠠᠯ᠎ᠤᠨ ᠬᠢᠷᠢ᠎ᠪᠡᠷ᠎ᠢᠶᠡᠨ ᠴᠢᠷᠮᠠᠢᠵᠤ᠂ ᠥᠭᠡᠷᠡᠴᠢᠯᠡᠯᠲᠡ᠎ᠶᠢᠨ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠬᠦᠴᠦᠳᠡᠢ ᠳᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃


( ᠵᠣᠬᠢᠶᠠᠭ᠍ᠴᠢ ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠫᠷᠤᠹᠸᠰᠰᠤᠷ᠂ ᠥᠪᠥᠷ ᠮᠣᠩᠭᠣᠯ᠎ᠤᠨ ᠨᠠᠮ᠎ᠤᠨ ᠪᠠᠢᠭᠤᠯᠤᠯᠲᠠ᠎ᠶᠢᠨ ᠰᠤᠳᠤᠯᠭᠠᠨ᠎ᠤ ᠰᠠᠭᠤᠷᠢᠨ᠎ᠤ  ᠲᠤᠰᠬᠠᠢ ᠮᠡᠷᠭᠡᠵᠢᠯᠲᠡᠨ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号