ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠺᠢᠨᠣ᠋᠎ᠶ᠋ᠢᠨ ᠪᠦᠯᠦᠭ᠌ᠯᠡᠯ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠶ᠋ᠢᠨ ᠰᠤᠳᠤᠯᠭᠠᠨ᠎ᠤ ᠣᠷᠳᠣᠨ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠳᠤ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ
2024-09-14 10:50:29
ᠵᠣᠬᠢᠶᠠᠭ᠍ᠴᠢ᠄
ᠢᠦᠢ ᠱᠢᠨ ᠯᠢ ᠰᠦᠩ ᠵᠢᠶᠠ ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠤᠳ᠎ᠲᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠵᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ 9 ᠰᠠᠷ᠎ᠠ᠎ᠶ᠋ᠢᠨ 4 ᠡᠴᠡ 5 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠺᠢᠨᠣ᠋᠎ᠶ᠋ᠢᠨ ᠪᠦᠯᠦᠭ᠌ᠯᠡᠯ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠶ᠋ᠢᠨ ᠰᠤᠳᠤᠯᠭᠠᠨ᠎ᠤ ᠣᠷᠳᠣᠨ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠳᠦ ᠭᠦᠨᠵᠡᠭᠡᠢᠷᠡᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠺᠠᠳ᠋ᠷ ᠠᠵᠢᠯᠲᠠᠨ᠎ᠤ ᠰᠡᠳᠭᠢᠯ᠎ᠳᠦ ᠳᠠᠮᠵᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃

9 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ ᠢᠦᠶ ᠬᠠᠶ ᠶᠠᠨ ᠥᠪᠥᠷ ᠮᠣᠩᠭᠣᠯ᠎ᠤᠨ ᠺᠢᠨᠣ᠋᠎ᠶ᠋ᠢᠨ ᠪᠦᠯᠦᠭ᠌ᠯᠡᠯ᠎ᠳᠦ ᠬᠥᠷᠴᠦ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ》 ᠰᠡᠳᠦᠪ ᠵᠢᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ ᠵᠢᠨ ᠲᠤᠭᠤᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠠᠢᠯᠪᠤᠷᠢᠯᠠᠵᠤ ᠭᠦᠨᠵᠡᠭᠡᠶ ᠲᠠᠢᠯᠪᠤᠷᠢᠯᠠᠵᠠᠶ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠭᠣᠣᠯᠳᠠᠯᠭ᠎ᠠ ᠨᠢ ᠲᠤᠪᠤᠢ᠌ᠮ᠎ᠠ᠂ ᠠᠭᠤᠯᠭ᠎ᠠ ᠨᠢ ᠪᠠᠶᠠᠯᠢᠭ ᠪᠠᠢᠵᠤ᠂ ᠦᠵᠡᠯ ᠰᠠᠨᠠᠭᠠᠨ᠎ᠤ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠪᠠᠰᠠ ᠮᠠᠰᠢ ᠴᠢᠩᠭ᠎ᠠ ᠴᠢᠭᠯᠡᠬᠦᠯᠦᠯᠳᠦ ᠴᠢᠨᠠᠷ ᠪᠠ ᠦᠢᠯᠡᠳᠦᠯᠭᠡᠲᠦ ᠴᠢᠨᠠᠷ᠎ᠲᠠᠶ ᠪᠤᠯᠵᠠᠢ᠃

9 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠢᠦᠶ ᠴᠤᠸᠠᠨ ᠽᠦᠩ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠶ᠋ᠢᠨ ᠰᠤᠳᠤᠯᠭᠠᠨ᠎ᠤ ᠣᠷᠳᠣᠨ᠎ᠳᠤ ᠬᠦᠷᠴᠦ᠍ ᠤᠬᠠᠭᠤᠯᠤᠨ ᠲᠠᠢᠯᠪᠤᠷᠢᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯ ᠪᠣᠯᠤᠨ᠎ᠠ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠡᠶ᠃ ᠤᠬᠠᠭᠤᠯᠤᠨ ᠲᠠᠢᠯᠪᠤᠷᠢᠯᠠᠭᠰᠠᠨ ᠶᠠᠪᠤᠴᠠ ᠨᠢ ᠲᠣᠳᠣᠷᠬᠠᠢ᠂ ᠲᠠᠢᠯᠤᠮᠵᠢ ᠨᠢ ᠨᠡᠪᠲᠡᠷᠬᠡᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ᠎ᠤᠨ ᠴᠢᠨᠠᠷ ᠪᠠ ᠵᠢᠯᠣᠭᠣᠳᠭᠤ ᠴᠢᠨᠠᠷ᠎ᠲᠠᠶ᠃

9 ᠰᠠᠷ᠎ᠠ᠎ᠶ᠋ᠢᠨ 5 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠵᠤ ᠠᠬᠤᠶ᠎ᠶ᠋ᠢᠨ ᠭᠠᠵᠠᠷ᠎ᠤᠨ ᠳᠡᠳ᠋ ᠳᠠᠷᠤᠭ᠎ᠠ᠂ ᠰᠤᠳᠤᠯᠤᠭ᠍ᠴᠢ ᠯᠢ ᠶᠢᠩ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠳᠦ ᠬᠦᠷᠴᠦ᠍ ᠤᠬᠠᠭᠤᠯᠤᠨ ᠲᠠᠢᠯᠪᠤᠷᠢᠯᠠᠵᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠵᠤ ᠭᠦᠨᠵᠡᠭᠡᠶ ᠲᠠᠢᠯᠪᠤᠷᠢᠯᠠᠪᠠ᠃ ᠮᠡᠳᠡᠭᠦᠯᠦᠯᠲᠡ᠎ᠶ᠋ᠢᠨ ᠭᠤᠤᠯ ᠰᠡᠳᠦᠪ ᠢᠯᠡ ᠲᠣᠳᠣ᠂ ᠵᠣᠭ᠍ᠰᠣᠴᠠ ᠥᠨᠳᠥᠷ᠂ ᠠᠭᠤᠯᠭ᠎ᠠ ᠪᠠᠶᠠᠯᠢᠭ ᠪᠠᠢᠵᠤ᠂ ᠪᠥᠬᠥ᠌ ᠨᠠᠮ᠎ᠤᠨ ᠭᠡᠱᠢᠭᠦᠨ ᠺᠠᠳ᠋ᠷ ᠠᠵᠢᠯᠲᠠᠨ ᠠᠵᠢᠯᠴᠢᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠴᠢᠨᠠᠭ᠍ᠰᠢᠳᠠ ᠭᠦᠨᠵᠡᠭᠡᠶ ᠣᠢᠯᠠᠭᠠᠵᠤ᠂ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠴᠢᠬᠤᠯᠠ ᠪᠦᠬᠦᠢ ᠵᠢᠯᠣᠭᠣᠳᠭᠤ ᠦᠢᠯᠡᠳᠦᠯ ᠪᠠ ᠠᠬᠢᠭᠤᠯᠬᠤ ᠦᠢᠯᠡᠳᠦᠯ ᠦᠵᠡᠭᠦᠯᠪᠡ᠃ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠲᠠᠷᠠᠭ᠎ᠠ᠂ ᠤᠯᠠᠨ᠎ᠢᠶᠠᠷ᠎ᠢᠶᠠᠨ ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ᠎ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠡᠯ᠎ᠡ ᠵᠦᠢᠯ᠎ᠦᠨ ᠠᠵᠢᠯ᠎ᠳᠠᠭᠠᠨ ᠣᠷᠣᠯᠴᠠᠨ᠎ᠠ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号