9 ᠰᠠᠷ᠎ᠠ᠎ᠶ᠋ᠢᠨ 11᠂ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ ᠵᠢᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠲᠤᠰ ᠲᠤᠰ ᠥᠪᠡᠷᠲᠡᠭᠡᠨ ᠵᠠᠰᠠᠬᠤ ᠣᠷᠣᠨ᠎ᠤ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠬᠠᠮᠢᠶ᠎ᠠ ᠪᠦᠬᠦᠢ ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠢ᠎ᠠ᠎ᠳᠤ ᠬᠦᠷᠴᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠶᠠᠩ ᠵᠢᠨ ᠥᠪᠡᠷᠲᠡᠭᠡᠨ ᠵᠠᠰᠠᠬᠤ ᠣᠷᠣᠨ᠎ᠤ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠬᠠᠮᠢᠶ᠎ᠠ ᠪᠥᠬᠥᠶ ᠠᠵᠤ ᠠᠬᠤᠢᠯᠠᠯ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠬᠣᠷᠱᠢᠶ᠎ᠠ᠎ᠶ᠋ᠢᠨ ᠥᠮᠴᠢᠯᠡᠯ᠎ᠳᠤ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠠᠬᠢᠭᠤᠯᠤᠭ᠍ᠰᠠᠨ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠬᠦ᠌ ᠵᠡᠷᠭᠡ ᠲᠠᠯ᠎ᠠ᠎ᠪᠠᠷ ᠲᠠᠢᠯᠤᠮᠵᠢ ᠬᠢᠵᠦ᠍᠂ ᠣᠯᠠᠨ᠎ᠢ ᠶᠡᠷᠦᠩᠬᠡᠶ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠶ ᠠᠯᠢ ᠣᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠣᠷᠱᠢᠶ᠎ᠠ᠎ᠶ᠋ᠢᠨ ᠥᠮᠴᠢᠯᠡᠯ᠎ᠳᠤ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠡᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠢ᠎ᠠ᠎ᠳᠤ᠂ ᠯᠢ ᠶᠦᠩ ᠵᠢᠶᠦ᠋ᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠶᠡᠷᠦᠩᠬᠡᠢ ᠱᠠᠭᠠᠷᠳᠠᠯᠭ᠎ᠠ ᠵᠡᠷᠭᠡ ᠲᠠᠯ᠎ᠠ ᠪᠡᠷ ᠥᠪᠥᠷ ᠮᠣᠩᠭᠣᠯ᠎ᠤᠨ ᠬᠣᠩ ᠳ᠋ᠸ ᠨᠡᠢᠭᠡᠮ᠎ᠦᠨ ᠱᠢᠨᠵᠢᠯᠡᠬᠦ᠌ ᠤᠬᠠᠭᠠᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ ᠪᠣᠯᠤᠨ ᠪᠠᠢᠴᠠᠭᠠᠬᠤ ᠠᠵᠢᠯᠲᠠᠳ᠎ᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠡᠷᠡ ᠵᠠᠯᠠᠭᠤ ᠰᠤᠷᠤᠭ᠍ᠴᠢᠳ᠎ᠢ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠠᠴᠠ ᠤᠷᠤᠭ᠍ᠰᠢᠯᠠᠨ ᠲᠠᠪᠱᠢᠬᠤ ᠬᠦᠴᠦᠨ ᠴᠢᠳᠠᠯ ᠣᠯᠵᠤ᠂ ᠴᠠᠭ ᠦᠶ᠎ᠡ᠎ᠡᠴᠡ ᠣᠯᠭᠣᠭ᠍ᠰᠠᠨ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠠᠮᠢᠳᠤᠯᠢᠭ ᠦᠢᠯᠡᠳᠦᠯᠭᠡ᠎ᠶ᠋ᠢᠨ ᠳᠤᠮᠳᠠ ᠵᠠᠯᠠᠭᠤ ᠨᠠᠰᠤᠨ᠎ᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠪᠡᠷ ᠴᠢᠷᠮᠠᠢᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃ ᠲᠡᠷᠡ᠂ ᠪᠠᠢᠴᠠᠭᠠᠬᠤ ᠠᠵᠢᠯᠲᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠭᠣᠣᠯᠳᠠᠯᠭ᠎ᠠ᠎ᠶ᠋ᠢ ᠠᠳᠭᠤᠨ᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠳᠤᠲᠠᠭᠤᠳᠠᠯ᠎ᠢᠶᠠᠨ ᠨᠥᠬᠥᠪᠥᠷᠢᠯᠡᠨ᠂ ᠬᠡᠷᠡᠭ ᠨᠢᠭᠡᠪᠦᠷᠢ᠎ᠶ᠋ᠢ ᠴᠢᠨᠠᠷ ᠰᠠᠢᠲᠠᠢ ᠪᠦᠲᠦᠮᠵᠢᠲᠡᠢ ᠱᠢᠢᠳᠪᠦᠷᠢᠯᠡᠬᠦ᠌ ᠬᠡᠷᠡᠭ᠌ᠲᠡᠢ ᠭᠡᠵᠦ ᠱᠠᠭᠠᠷᠳᠠᠪᠠ᠃