ᠥᠪᠡᠷᠲᠡᠭᠡᠨ ᠵᠠᠰᠠᠬᠤ ᠣᠷᠣᠨ ᠎ᠤ ᠤᠯᠤᠰ ᠎ᠤᠨ ᠥᠮᠴᠢᠯᠡᠯ ᠎ᠦᠨ ᠡᠳ᠋ ᠬᠥᠷᠥᠩᠭᠡ ᠤᠯᠤᠰ ᠎ᠤᠨ ᠥᠮᠴᠢᠯᠡᠯ ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠤᠰᠤᠨ ᠠᠱᠢᠭ᠍ᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠥᠪᠥᠷ ᠮᠣᠩᠭᠣᠯ᠎ᠤᠨ ᠱᠢᠨ᠎ᠡ ᠬᠣᠲᠠ ᠵᠣᠴᠢᠳ᠎ᠤᠨ ᠪᠠᠭᠤᠳᠠᠯ᠎ᠳᠤ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-15 10:04:07
ᠵᠣᠬᠢᠶᠠᠭ᠍ᠴᠢ᠄
ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠤᠳ᠎ᠲᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃

ᠥᠪᠥᠷ ᠮᠣᠩᠭᠣᠯ᠎ᠤᠨ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠱᠢᠯᠢᠨ ᠪᠦᠭᠦᠳᠡ ᠬᠤᠷᠠᠯ᠎ᠤᠨ ᠦᠨᠳᠦᠰᠦᠨ ᠪᠠᠢᠳᠠᠯ᠂ ᠶᠡᠷᠦᠩᠬᠡᠢ ᠱᠦᠵᠢ ᠰᠢ ᠵᠢᠨ ᠫᠢᠩ᠎ᠦᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠪᠦᠭᠦᠳᠡ ᠬᠤᠷᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠬᠦᠴᠦᠨ ᠴᠢᠳᠠᠯ᠎ᠢᠶᠡᠨ ᠡᠷᠬᠦᠬᠦ ᠵᠡᠷᠭᠡ 4  ᠲᠠᠯ᠎ᠠ ᠪᠡᠷ ᠲᠣᠳᠣᠷᠬᠠᠢᠯᠠᠨ ᠲᠠᠢᠯᠪᠤᠷᠢᠯᠠᠪᠠ᠃

ᠥᠪᠥᠷ ᠮᠣᠩᠭᠣᠯ᠎ᠤᠨ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠠᠯᠪᠠᠨ ᠭᠡᠷ᠎ᠦᠨ ᠡᠷᠬᠢᠯᠡᠭ᠌ᠴᠢ ᠯᠢᠦ ᠢ᠄ 《ᠪᠢᠳᠡ ᠣᠷᠣᠨ᠎ᠤ ᠪᠠᠢᠳᠠᠯ᠂ ᠤᠰᠤᠨ᠎ᠠᠰᠢᠬᠯᠠᠯᠳᠠ ᠵᠢᠨ ᠪᠠᠢᠳᠠᠯ᠂ ᠠᠷᠠᠳ᠎ᠤᠨ ᠪᠠᠢᠳᠠᠯ᠂ ᠠᠵᠤ ᠠᠬᠤᠢᠯᠠᠯ᠎ᠤᠨ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠲᠦᠷᠭᠡᠳᠭᠡᠨ ᠠᠬᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠤᠰᠤᠨ ᠠᠱᠢᠭ᠍ᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠦᠴᠦᠨ ᠴᠢᠳᠠᠯ᠎ᠢᠶᠠᠨ ᠡᠷᠭᠦᠨ᠎ᠠ》 ᠬᠡᠵᠠᠢ᠃

ᠥᠪᠥᠷ ᠮᠣᠩᠭᠣᠯ᠎ᠤᠨ ᠱᠢᠨ᠎ᠡ ᠬᠣᠲᠠ ᠵᠣᠴᠢᠳ᠎ᠤᠨ ᠪᠠᠭᠤᠳᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠱᠢᠨ᠎ᠡ ᠬᠣᠲᠠ ᠵᠣᠴᠢᠳ᠎ᠤᠨ ᠪᠠᠭᠤᠳᠠᠯ  ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠭᠦᠸᠧ ᠭᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ 《ᠲᠣᠭ᠍ᠲᠠᠭᠠᠯ》 ᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠪᠦᠯᠦᠭ᠌ᠯᠡᠯ ᠺᠣᠮᠫᠠᠨᠢ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠪᠥᠬᠥᠳᠡ ᠬᠤᠷᠠᠯ᠎ᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠵᠢᠯ᠎ᠤᠨ ᠱᠠᠭᠠᠷᠳᠠᠯᠭ᠎ᠠ᠎ᠶ᠋ᠢ ᠪᠣᠳᠠᠲᠠᠶ ᠳ᠋ᠤ ᠨᠠᠢᠳᠠᠪᠤᠷᠢᠵᠢᠭᠤᠯᠵᠤ ᠨᠠᠷᠢᠯᠢᠭ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃

ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠱᠢᠨ᠎ᠡ ᠬᠤᠳᠠ ᠵᠣᠴᠢᠳ᠎ᠤᠨ ᠪᠠᠭᠤᠳᠠᠯ᠎ᠤᠨ ᠢᠳᠡᠭᠡᠨ ᠤᠮᠳᠠᠭᠠᠨ᠎ᠤ ᠬᠡᠯᠳᠡᠰ᠎ᠤᠨ ᠳᠡᠳ᠋ ᠶᠡᠷᠦᠩᠬᠡᠢ ᠲᠣᠭᠣᠭᠠᠴᠢ ᠾᠧ ᠬᠠᠢ ᠯᠢᠨ ᠄ 《ᠮᠠᠨ᠎ᠤ ᠡᠮᠦᠨ᠎ᠡ ᠹᠷᠣᠨᠲ᠎ᠤᠨ ᠠᠵᠢᠯᠳᠠᠨ ᠠᠵᠢᠯᠴᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ᠎ᠤᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠲᠤᠰ ᠪᠡᠶ᠎ᠡ᠎ᠶ᠋ᠢᠨ ᠬᠡᠪ ᠪᠣᠯᠪᠠᠰᠤᠷᠠᠯ᠎ᠢᠶᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠩ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠨᠡᠩ ᠦᠨᠡᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠪᠦᠯᠦᠭ᠌ᠯᠡᠯ᠎ᠦᠨ ᠬᠥᠭ᠌ᠵᠢᠯᠲᠡ᠎ᠳᠦ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠪᠦᠯᠦᠭ᠌ᠯᠡᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ》 ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号