9 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠪᠦᠦ ᠱᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ ᠲᠤᠰ ᠲᠤᠰ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠢᠯᠡᠰ ᠪᠤᠰᠭᠠᠬᠤ ᠳᠡᠭᠡᠳᠦ ᠰᠤᠷᠭᠠᠭᠤᠯᠢ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠳᠤ᠂ ᠪᠦᠦ ᠱᠢᠶᠠᠨ ᠬᠤᠸᠠ ᠤᠯᠠᠨ ᠲᠠᠶ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠣᠯᠤᠯᠲᠠ ᠲᠦᠷᠦᠭ᠌ᠳᠡᠯ᠎ᠢᠶᠡᠨ ᠶᠠᠷᠢᠯᠴᠠᠪᠠ᠃ ᠪᠦᠦ ᠱᠢᠶᠠᠨ ᠬᠤᠸᠠ᠂ ᠪᠥᠬᠥᠳᠡ ᠬᠤᠷᠠᠯ᠎ᠡᠴᠡ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠲᠤᠰᠭᠠᠶ ᠪᠠᠢᠷᠢᠯᠠᠭᠤᠯᠤᠯᠲᠠ ᠬᠢᠵᠦ᠍᠂ ᠪᠥᠬᠥ᠌ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ᠎ᠡᠴᠡ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠱᠢᠰᠲ᠋ᠧᠮ᠎ᠲᠡᠶ ᠪᠠᠢᠷᠢᠯᠠᠭᠤᠯᠪᠠ᠃ ᠶᠤᠰᠤ ᠰᠤᠷᠳᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠡᠨᠡ ᠬᠦ᠌ ᠦᠨᠳᠦᠰᠦᠨ ᠡᠭᠦᠷᠭᠡ᠎ᠶ᠋ᠢᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠤᠯᠤᠰ ᠲᠦᠷᠦ᠍᠎ᠶ᠋ᠢᠨ ᠱᠢᠨᠵᠢ ᠴᠢᠨᠠᠷ᠂ ᠠᠷᠠᠳ ᠲᠦᠮᠡᠨᠴᠢ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠱᠢᠨᠵᠢ ᠴᠢᠨᠠᠷ᠎ᠢ ᠪᠦᠬᠦ᠌ ᠲᠠᠯ᠎ᠠ᠎ᠪᠠᠷ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠪᠠᠭ᠍ᠰᠢ᠎ᠶ᠋ᠢᠨ ᠡᠩᠨᠡᠭᠡ ᠵᠢᠨ ᠪᠠᠢᠭᠤᠯᠤᠯᠲᠠ᠎ᠶ᠋ᠢ ᠦᠨᠡᠨ ᠬᠦ᠌ ᠰᠠᠢᠲᠤᠷ ᠠᠳᠭᠤᠵᠤ᠂ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ ᠢ᠋ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠬᠦ᠌ ᠬᠡᠷᠡᠭ᠌ᠲᠡᠢ ᠬᠡᠵᠤ ᠬᠡᠯᠡᠪᠡ᠃
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠢᠯᠡᠰ ᠪᠤᠰᠭᠠᠬᠤ ᠳᠡᠭᠡᠳᠦ ᠰᠤᠷᠭᠠᠭᠤᠯᠢ᠎ᠳᠤ᠂ ᠶᠠᠩ ᠽᠦᠩ ᠷᠧᠨ ᠡᠨᠡ ᠤᠳᠠᠭ᠎ᠠ᠎ᠶ᠋ᠢᠨ ᠪᠦᠭᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ ᠪᠠᠷ ᠬᠦᠴᠦᠷᠬᠡᠭ᠌ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠣᠯᠬᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ ᠵᠡᠷᠭᠡ ᠲᠠᠯ᠎ᠠ᠎ᠡᠴᠡ ᠥᠪᠥᠷ ᠮᠣᠩᠭᠣᠯ᠎ᠤᠨ ᠶᠡᠬᠡ ᠰᠤᠷᠭᠠᠭᠤᠯᠢ ᠶ᠋ᠢᠨ ᠦᠢᠯᠡᠰ ᠪᠤᠰᠭᠠᠬᠤ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ᠎ᠳᠦ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠠᠢ᠃ ᠲᠡᠷᠡ ᠵᠠᠯᠠᠭᠤ ᠰᠤᠷᠤᠭ᠍ᠴᠢᠳ᠎ᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠬᠤᠪᠢ ᠬᠥᠮᠦᠨ᠎ᠦ ᠬᠥᠭ᠌ᠵᠢᠯᠲᠡ᠎ᠪᠡᠨ ᠤᠯᠤᠰ᠎ᠤᠨ ᠬᠥᠭ᠌ᠵᠢᠯᠲᠡ᠎ᠳᠦ ᠠᠭᠤᠰᠤᠯᠴᠠᠭᠤᠯᠵᠤ᠂ ᠠᠪᠢᠶᠠᠰ ᠴᠢᠳᠠᠪᠤᠷᠢ᠎ᠪᠠᠨ ᠪᠠᠳᠠᠷᠠᠭᠤᠯᠤᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠵᠣᠷᠢᠭ᠍ᠵᠢᠭᠤᠯᠪᠠ᠃