ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠪᠤᠭᠤᠲᠤ ᠬᠥᠯᠥᠨ ᠪᠣᠢᠷ᠎ᠲᠤ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-16 13:12:35
ᠵᠣᠬᠢᠶᠠᠭ᠍ᠴᠢ᠄
ᠭᠦᠸᠧ ᠴᠢ ᠨᠠᠨ ᠰᠦᠩ ᠠ ᠨᠠᠨ ᠯᠢ ᠺᠸ ᠱᠢᠨ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 5 ᠡᠴᠡ 6 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ᠂ ᠪᠤᠭᠤᠲᠤ᠂ ᠬᠥᠯᠥᠨ ᠪᠤᠢ᠌ᠷ᠎ᠲᠤ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠤᠯᠠᠮᠵᠢᠯᠠᠪᠠ᠃

9 ᠰᠠᠷ᠎ᠠ᠎ᠶ᠋ᠢᠨ 5᠎ᠤ᠋ ᠡᠳᠦᠷ᠂ ᠤᠯᠠᠭᠠᠨᠴᠠᠪ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠣᠷᠳᠣᠨ᠎ᠳᠤ᠂ ᠤᠮᠠᠷᠠᠲᠤ ᠬᠢᠯᠢ᠎ᠶ᠋ᠢᠨ ᠵᠠᠯᠠᠭᠤᠴᠤᠳ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠠᠭᠠᠨᠴᠠᠪ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠣᠷᠳᠣᠨ᠎ᠤ ᠪᠠᠭ᠍ᠰᠢ ᠲᠤᠤ ᠵᠢᠶᠧ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠦᠨᠳᠦᠰᠦᠨ ᠪᠠᠢᠳᠠᠯ᠂ ᠪᠡᠯᠡᠳᠭᠡᠯ ᠠᠵᠢᠯ᠎ᠤᠨ ᠶᠠᠪᠤᠴᠠ ᠪᠣᠯᠤᠨ ᠬᠠᠯᠠᠭᠤᠨ ᠲᠤᠰᠭᠠᠯ᠎ᠭᠠᠷᠤᠬᠰᠠᠨ᠎ᠢ ᠲᠠᠨᠢᠯᠴᠠᠭᠤᠯᠤᠭ᠍ᠰᠠᠨ ᠪᠥᠭᠡᠳ ᠪᠥᠬᠥᠳᠡ ᠬᠤᠷᠠᠯ᠎ᠢ ᠬᠤᠷᠠᠯᠳᠤᠭᠤᠯᠤᠭᠰᠠᠨ ᠴᠢᠬᠤᠯᠠ ᠠᠴᠢ ᠬᠣᠯᠪᠣᠭ᠍ᠳᠠᠯ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠵᠦᠪ ᠣᠨᠣᠪᠴᠢᠲᠠᠶ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠵᠡᠷᠭᠡ ᠲᠠᠯ᠎ᠠ ᠪᠠᠷ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠲᠤᠬᠠᠢ᠎ᠶ᠋ᠢᠨ ᠲᠠᠯᠠᠪᠠᠢ᠎ᠶ᠋ᠢᠨ ᠵᠠᠯᠠᠭᠤᠴᠤᠳ᠎ᠤᠨ ᠲᠥᠯᠥᠭᠡᠯᠡᠭ᠌ᠴᠢ᠂ ᠪᠦᠭᠦᠳᠡ ᠬᠤᠷᠠᠯ᠎ᠤᠨ ᠵᠣᠷᠢᠭ ᠰᠠᠨᠠᠭᠠᠨ᠎ᠤ ᠭᠦᠨ ᠳᠠᠪᠬᠤᠷᠭ᠎ᠠ᠎ᠶ᠋ᠢᠨ ᠠᠭᠤᠯᠭ᠎ᠠ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠱᠢᠬᠦ᠌ ᠲᠤᠬᠠᠢ ᠨᠡᠩ ᠭᠦᠨᠵᠡᠭᠡᠢ ᠲᠠᠨᠢᠯᠲᠠ ᠲᠠᠶ ᠪᠣᠯᠪᠠ᠂ ᠬᠣᠢᠱᠢᠳᠠ ᠠᠵᠢᠯ᠎ᠤᠨ ᠪᠠᠢᠷᠢ᠎ᠳᠠᠭᠠᠨ ᠰᠠᠭᠤᠷᠢᠯᠠᠨ ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠬᠢᠴᠠ ᠳᠤᠮᠳᠠ᠂ ᠵᠠᠯᠠᠭᠤ ᠨᠠᠰᠤᠨ᠎ᠤ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠵᠦ᠍᠂ ᠵᠠᠯᠠᠭᠤ ᠨᠠᠰᠤᠨ᠎ᠤ ᠴᠤᠭ ᠵᠢᠪᠬᠤᠭ᠎ᠠ᠎ᠪᠠᠨ ᠢᠯᠡᠷᠡᠭᠦᠯᠵᠦ᠍᠂ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

9 ᠰᠠᠷ᠎ᠠ᠎ᠶ᠋ᠢᠨ 6᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ᠎ᠡᠴᠡ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ ᠶ᠋ᠢᠨ ᠳᠡᠳ᠋ ᠫᠷᠤᠹᠧᠰᠰᠤᠷ ᠸᠠᠩ ᠴᠢᠶᠠᠨ ᠢᠦᠶ ᠵᠢ ᠤᠷᠢᠨ ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠪᠣᠯᠣᠳ ᠪᠦᠲᠦᠴᠡ᠎ᠶ᠋ᠢᠨ ᠢᠨᠵᠧᠨᠧᠷᠢᠩ᠎ᠦᠨ ᠮᠡᠷᠭᠡᠵᠢᠯ᠎ᠦᠨ ᠬᠤᠪᠢᠶᠠᠷᠢ ᠺᠣᠮᠫᠠᠨᠢ᠎ᠳᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠵᠠᠯᠠᠭᠤ ᠠᠵᠤ ᠠᠬᠤᠢᠯᠠᠯᠲᠠᠳ᠂ ᠡᠪᠯᠡᠯ᠎ᠦᠨ ᠭᠡᠱᠢᠭᠦᠨ ᠵᠠᠯᠠᠭᠤᠴᠤᠳ᠎ᠤᠨ ᠲᠥᠯᠥᠭᠡᠯᠡᠭ᠌ᠴᠢ᠎ᠨᠡᠷ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠭᠰᠠᠨ ᠪᠥᠭᠡᠳ ᠥᠷᠭᠡᠨ᠎ᠢᠶᠡᠷ ᠶᠠᠷᠢᠯᠴᠨᠨ ᠰᠣᠯᠢᠯᠴᠠᠪᠠ᠃

ᠸᠠᠩ ᠴᠢᠶᠠᠨ ᠢᠦᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ ᠪᠣᠯᠤᠨ ᠵᠠᠢᠯᠠᠰᠢ ᠦᠭᠡᠢ ᠴᠢᠨᠠᠷ᠂ ᠶᠡᠷᠦᠩᠬᠡᠢ ᠬᠠᠷᠠᠯᠲᠠ᠂ ᠪᠣᠳᠠᠲᠠᠢ ᠠᠷᠭ᠎ᠠ ᠬᠡᠮᠵᠢᠶ᠎ᠠ ᠵᠡᠷᠭᠡ ᠭᠤᠷᠪᠠᠨ ᠲᠠᠯ᠎ᠠ ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠲᠠ ᠬᠤᠷᠠᠯ᠎ᠤᠨ ᠵᠣᠷᠢᠭ ᠰᠠᠨᠠᠭ᠎ᠠ ᠵᠢ ᠱᠢᠰᠲ᠋ᠧᠮ᠎ᠲᠡᠶ ᠲᠣᠳᠣᠷᠬᠠᠢᠯᠠᠨ ᠦᠭᠦᠯᠡᠭᠰᠡᠨ ᠪᠥᠭᠡᠳ ᠭᠦᠨᠵᠡᠭᠡᠢ ᠲᠠᠢᠯᠪᠤᠷᠢᠯᠠᠵᠤ᠂ ᠠᠵᠤ ᠠᠬᠤᠢᠯᠠᠯ᠎ᠤᠨ ᠹᠷᠣᠨᠲ ᠤ᠋ᠨ ᠵᠠᠯᠠᠭᠤᠴᠤᠳ᠎ᠤᠨ  ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠡᠨ ᠪᠦᠬᠦᠲᠠ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠬᠦ ᠵᠢ ᠬᠦᠲᠦᠯᠦᠨ ᠵᠢᠯᠣᠭᠣᠳᠪᠠ᠃ ᠬᠤᠷᠠᠯ᠎ᠳᠤ ᠣᠷᠣᠯᠴᠠᠭ᠍ᠰᠠᠨ ᠵᠠᠯᠠᠭᠤᠴᠤᠳ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠴᠢᠬᠤᠯᠠ ᠶᠡᠬᠡ ᠲᠦᠷᠦᠯ ᠵᠦᠢᠯ᠂ ᠴᠢᠬᠤᠯᠠ ᠶᠡᠬᠡ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠥᠭᠡᠷᠡᠴᠢᠯᠡᠯᠲᠡ᠎ᠶ᠋ᠢᠨ ᠪᠣᠭᠣᠮᠲᠠ ᠱᠢᠪᠲᠤᠯᠬᠤ ᠡᠮᠦᠨ᠎ᠡ ᠹᠷᠣᠨᠲ᠎ᠲᠤ ᠬᠣᠱᠢᠭᠤᠴᠢ ᠪᠤᠯᠵᠤ᠂ ᠦᠯᠢᠭᠡᠷ ᠳᠠᠭᠤᠷᠢᠶᠠᠯ ᠪᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠨᠠᠮ᠎ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠠᠢᠨ᠎ᠠ》 ᠬᠡᠬᠦ ᠵᠠᠯᠠᠭᠤ ᠨᠠᠰᠤᠨ᠎ᠤ ᠲᠠᠩᠭᠠᠷᠢᠭ᠎ᠢ ᠦᠢᠯᠡᠳᠦᠯᠭᠡᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣᠬᠢᠴᠢᠯᠠᠯᠲᠠ᠎ᠶ᠋ᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠌ ᠵᠠᠯᠠᠭᠤ ᠨᠠᠰᠤᠨ᠎ᠤ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

9 ᠰᠠᠷ᠎ᠠ᠎ᠶ᠋ᠢᠨ 6 ᠤ᠋ ᠡᠳᠦᠷ᠂ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠱᠧᠩ ᠯᠢ ᠵᠡᠭᠡᠯᠢ ᠭᠤᠳᠤᠮᠵᠢ᠎ᠶ᠋ᠢᠨ ᠶᠤᠸᠠᠨ ᠳ᠋ᠢᠩ ᠨᠡᠢᠭᠡᠮ ᠲᠣᠭᠣᠷᠢᠭ᠎ᠲᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠤᠯᠪᠤᠭ᠎ᠠ ᠵᠢᠨ ᠠᠯᠪᠠᠨ ᠬᠡᠷ᠎ᠦᠨ ᠳᠡᠳ᠋ ᠡᠷᠬᠢᠯᠡᠭ᠌ᠴᠢ ᠰᠥᠩ ᠶᠤᠸᠠᠢ᠂ ᠡᠮᠡᠭ᠌ᠲᠡᠢᠴᠦᠳ᠎ᠦᠨ ᠬᠤᠯᠪᠤᠭ᠎ᠠ ᠵᠢᠨ ᠺᠠᠳ᠋ᠷ᠂ 《3·8》᠎ᠤ᠋ ᠤᠯᠠᠭᠠᠨ ᠲᠤᠭ᠍ᠴᠢ ᠵᠢᠨ ᠲᠦᠯᠦᠭᠡᠯᠡᠭᠴᠢ᠂ ᠬᠠᠮᠤᠭ᠎ᠤᠨ ᠭᠣᠶᠣ ᠬᠡᠷ ᠪᠦᠯᠢ᠎ᠶ᠋ᠢᠨ ᠲᠥᠯᠥᠭᠡᠯᠡᠭ᠌ᠴᠢ᠂ ᠡᠮᠡᠭ᠌ᠲᠡᠶ ᠰᠠᠢᠨ ᠲᠤᠷᠠᠴᠤᠳ᠎ᠤᠨ ᠲᠥᠯᠥᠭᠡᠯᠡᠭ᠌ᠴᠢ ᠵᠢᠴᠢ ᠡᠮᠡᠭ᠌ᠲᠡᠢᠴᠦᠳ᠎ᠦᠨ ᠲᠥᠯᠥᠭᠡᠯᠡᠭ᠌ᠴᠢ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠬᠤ ᠲᠠᠢᠯᠪᠤᠷᠢᠯᠠᠯᠳᠠ ᠨᠢ ᠪᠦᠬᠦ᠌ ᠲᠠᠯ᠎ᠠ᠎ᠪᠠᠷ ᠱᠢᠰᠲ᠋ᠧᠮ᠎ᠲᠡᠶ᠂ ᠭᠣᠣᠯᠳᠠᠯᠭ᠎ᠠ᠎ᠶ᠋ᠢ ᠳᠤᠪᠤᠢ᠌ᠯᠭᠠᠵᠤ᠂ ᠦᠭᠡ ᠬᠡᠯᠡᠯᠭᠡ ᠨᠢ ᠠᠮᠢᠳᠤᠯᠢᠭ᠂ ᠠᠭᠤᠯᠭ᠎ᠠ ᠨᠢ ᠪᠠᠶᠠᠯᠢᠭ ᠪᠠᠢᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠢᠯᠠᠭᠠᠬᠤ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠪᠤᠯᠵᠠᠢ᠃

ᠬᠤᠷᠠᠯ᠎ᠳᠤ ᠣᠷᠣᠯᠴᠠᠭ᠍ᠰᠠᠳ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠭᠦᠨ ᠰᠡᠩᠬᠡᠷᠡᠭᠦᠯᠦᠯ ᠣᠯᠵᠠᠢ ᠭᠡᠵᠤ ᠢᠯᠡᠳᠭᠡᠵᠡᠭᠡᠪᠡ᠃ ᠬᠠᠢᠯᠠᠷ ᠲᠣᠭᠣᠷᠢᠭ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ ᠢᠯᠢᠱᠠᠪᠠᠢ᠄ 《ᠦᠨᠳᠦᠰᠦᠨ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠬᠤ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠭᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳ᠋ᠠᠭᠠᠨ ᠰᠠᠭᠤᠷᠢᠯᠠᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ ᠪᠠᠷ ᠭᠦᠨᠵᠡᠭᠡᠢᠷᠡᠭᠦᠯᠬᠦ᠌ ᠠᠭᠤᠤ ᠶᠡᠬᠡ ᠦᠶ᠋ᠯᠡᠳᠦᠯᠭᠡ᠎ᠳᠦ ᠢᠳᠡᠪᠬᠢᠲᠡᠶ ᠣᠷᠣᠯᠴᠠᠵᠤ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠡᠮᠡᠭᠳᠠᠢᠴᠤᠳ ᠢ᠋ ᠬᠥᠲᠥᠯᠥᠨ ᠳᠠᠭᠠᠭᠤᠯᠵᠤ ᠡᠮᠡᠭᠳᠠᠢᠴᠤᠳ ᠲᠤ᠌ ᠦᠶ᠋ᠯᠡᠴᠢᠯᠡᠬᠦ᠌ ᠪᠠ ᠡᠮᠡᠭ᠌ᠲᠡᠢᠴᠦᠳ ᠲᠡᠶ ᠬᠠᠷᠢᠯᠴᠠᠬᠤ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠡᠮᠡᠭ᠌ᠲᠡᠢᠴᠦᠳ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠠᠵᠢᠯ᠎ᠢ ᠦᠨᠡᠨ ᠰᠡᠳᠭᠢᠯ᠎ᠡᠴᠡ᠎ᠪᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠠ》 ᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号