ᠴᠡᠩᠭᠡᠯᠲᠡᠢ ᠫᠷᠣᠹᠸᠰᠰᠣᠷ ᠤ᠋ᠨ ᠮᠡᠨᠲᠦᠯᠡᠭᠰᠡᠨ 100 ᠵᠢᠯ ᠤ᠋ᠨ ᠣᠢ ᠵᠢ ᠲᠣᠷᠠᠰᠬᠠᠬᠣ ᠵᠢᠴᠢ ᠰᠢᠨᠵᠢᠯᠡᠭᠡᠨ ᠤ᠋ ᠰᠠᠯᠠᠭᠠᠨ ᠤ᠋ ᠬᠦᠭᠵᠢᠯᠲᠡ ᠵᠢ ᠰᠣᠲᠣᠯᠣᠨ ᠶᠠᠷᠢᠯᠴᠠᠬᠣ ᠬᠣᠷᠠᠯ ᠶᠠᠪᠣᠬᠲᠠᠪᠠ
2024-09-16 14:39:05
ᠵᠣᠬᠢᠶᠠᠭ᠍ᠴᠢ᠄
ᠸᠠᠩ ᠰᠢᠶᠣᠣ ᠮᠢᠩ ᠨᠠᠮᠣᠬ
ᠣᠩᠱᠢᠭ᠍ᠰᠠᠨ ᠣᠳᠠᠭ᠎ᠠ᠄
★★★☆☆

9 ᠰᠠᠷ᠎ᠠ ᠵᠢᠨ 13 ᠤ᠋ ᠡᠳᠦᠷ᠂ ᠦᠪᠦᠷ ᠮᠣᠩᠭᠣᠯ ᠤ᠋ᠨ ᠶᠡᠬᠡ ᠰᠣᠷᠭᠠᠭᠣᠯᠢ ᠪᠣᠯᠣᠨ ᠦᠪᠡᠷᠲᠡᠭᠡᠨ ᠵᠠᠰᠠᠬᠣ ᠣᠷᠣᠨ ᠤ᠋ ᠨᠡᠢᠭᠡᠮ ᠤ᠋ᠨ ᠰᠢᠨᠵᠢᠯᠡᠬᠦ ᠣᠬᠠᠭᠠᠨ ᠤ᠋ ᠡᠲᠡᠭᠡᠳ ᠤ᠋ᠨ ᠬᠢᠨ ᠤ᠋ ᠬᠣᠯᠪᠣᠭᠠᠲᠣ ᠬᠣᠷᠠᠯ ᠡᠴᠡ ᠬᠠᠮᠲᠣᠷᠠᠨ ᠭᠣᠣᠯᠯᠠᠨ ᠡᠷᠬᠢᠯᠡᠵᠦ᠂ ᠦᠪᠦᠷ ᠮᠣᠩᠭᠣᠯ ᠤ᠋ᠨ ᠶᠡᠬᠡ ᠰᠣᠷᠭᠠᠭᠣᠯᠢ ᠵᠢᠨ ᠮᠣᠩᠭᠣᠯ ᠰᠣᠲᠣᠯᠣᠯ ᠤ᠋ᠨ ᠲᠡᠭᠡᠲᠦ ᠰᠣᠷᠭᠠᠭᠣᠯᠢ ᠡᠴᠡ ᠲᠠᠭᠠᠭᠠᠴᠢᠯᠠᠨ ᠡᠷᠬᠢᠯᠡᠭᠰᠡᠨ ᠴᠡᠩᠭᠡᠯᠲᠡᠢ ᠫᠷᠣᠹᠸᠰᠰᠣᠷ ᠤ᠋ᠨ ᠮᠡᠨᠲᠦᠯᠡᠭᠰᠡᠨ 100 ᠵᠢᠯ ᠤ᠋ᠨ ᠣᠢ ᠵᠢ ᠲᠣᠷᠠᠰᠬᠠᠬᠣ ᠵᠢᠴᠢ ᠰᠢᠨᠵᠢᠯᠡᠭᠡᠨ ᠤ᠋ ᠰᠠᠯᠠᠭᠠᠨ ᠤ᠋ ᠬᠦᠭᠵᠢᠯᠲᠡ ᠵᠢ ᠰᠣᠲᠣᠯᠣᠨ ᠶᠠᠷᠢᠯᠴᠠᠬᠣ ᠬᠣᠷᠠᠯ ᠬᠦᠬᠡᠬᠣᠲᠠ ᠳ᠋ᠦ ᠶᠠᠪᠤᠭᠳᠠᠪᠠ᠃

ᠡᠨᠡ ᠵᠢᠯ ᠪᠣᠯ ᠴᠡᠩᠭᠡᠯᠲᠡᠢ ᠫᠷᠣᠹᠸᠰᠰᠣᠷ ᠤ᠋ᠨ ᠮᠡᠨᠲᠦᠯᠡᠭᠰᠡᠨ 100 ᠵᠢᠯ ᠤ᠋ᠨ ᠣᠢ ᠪᠣᠯᠬᠣ ᠪᠦᠭᠡᠳ ᠪᠠᠰᠠ ᠴᠦ᠍ ᠦᠪᠦᠷ ᠮᠣᠩᠭᠣᠯ ᠤ᠋ᠨ ᠶᠡᠬᠡ ᠰᠣᠷᠭᠠᠭᠣᠯᠢ ᠵᠢᠨ ᠲᠣᠮᠲᠠᠲᠣ ᠣᠯᠣᠰ ᠤ᠋ᠨ ᠴᠦᠬᠡᠨ ᠲᠣᠭᠠᠲᠣ ᠦᠨᠳᠦᠰᠦᠲᠡᠨ ᠤ᠋ ᠦᠭᠡ ᠬᠡᠯᠡ ᠣᠳᠬ᠎ᠠ ᠵᠣᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠵᠢᠨ ᠳ᠋ᠣᠺᠲ᠋ᠣᠷ ᠵᠡᠷᠭᠡ ᠣᠯᠭᠣᠬᠣ ᠪᠣᠯᠣᠬᠰᠠᠨ 40 ᠵᠢᠯ ᠤ᠋ᠨ ᠣᠢ ᠪᠤᠯᠤᠨ᠎ᠠ᠃ ᠴᠡᠩᠭᠡᠯᠲᠡᠢ ᠫᠷᠣᠹᠸᠰᠰᠣᠷ ᠪᠣᠯ ᠮᠣᠩᠭᠣᠯ ᠰᠣᠲᠣᠯᠣᠯ ᠤ᠋ᠨ ᠡᠷᠳᠡᠮ ᠰᠢᠨᠵᠢᠯᠡᠭᠡᠨ ᠤ᠋ ᠰᠠᠯᠠᠭ᠎ᠠ ᠵᠢᠨ ᠪᠦᠲᠦᠭᠡᠨ ᠪᠠᠢᠭᠣᠯᠣᠯᠲᠠ ᠵᠢᠨ ᠲᠠᠭᠠᠭᠣᠯᠣᠬᠴᠢ᠂ ᠲᠡᠯᠡᠬᠡᠢ ᠳ᠋ᠦ ᠠᠯᠲᠠᠷᠰᠢᠬᠰᠠᠨ ᠮᠣᠩᠭᠣᠯ ᠬᠡᠯᠡ ᠪᠢᠴᠢᠭ ᠪᠠ ᠠᠯᠲᠠᠢ ᠬᠡᠯᠡ ᠰᠣᠲᠣᠯᠣᠯ ᠤ᠋ᠨ ᠡᠷᠳᠡᠮᠲᠡᠨ᠂ ᠲᠣᠮᠲᠠᠲᠣ ᠣᠯᠣᠰ ᠤ᠋ᠨ ᠦᠨᠳᠦᠰᠦᠲᠡᠨ ᠤ᠋ ᠲᠡᠭᠡᠲᠦ ᠵᠡᠷᠭᠡ ᠵᠢᠨ ᠰᠣᠷᠭᠠᠨ ᠬᠦᠮᠦᠵᠢᠯ ᠤ᠋ᠨ ᠬᠣᠰᠢᠭᠣᠴᠢ ᠪᠣᠯᠬᠣ ᠶᠣᠮ᠃

ᠲᠣᠮᠲᠠᠲᠣ ᠣᠯᠣᠰ ᠤ᠋ᠨ ᠨᠡᠢᠭᠡᠮ ᠤ᠋ᠨ ᠰᠢᠨᠵᠢᠯᠡᠬᠦ ᠣᠬᠠᠭᠠᠨ ᠤ᠋ ᠬᠦᠷᠢᠶᠡᠯᠡᠩ᠂ ᠲᠦᠪ ᠤ᠋ᠨ ᠦᠨᠳᠦᠰᠦᠲᠡᠨ ᠤ᠋ ᠶᠡᠬᠡ ᠰᠣᠷᠭᠠᠭᠣᠯᠢ᠂ ᠬᠠᠷᠠᠮᠦᠢ᠍ᠷᠡᠨ ᠶᠡᠬᠡ ᠰᠣᠷᠭᠠᠭᠣᠯᠢ᠂ ᠪᠠᠷᠠᠭᠣᠨ ᠬᠣᠢᠲᠣ ᠵᠢᠨ ᠦᠨᠳᠦᠰᠦᠲᠡᠨ ᠤ᠋ ᠶᠡᠬᠡ ᠰᠣᠷᠭᠠᠭᠣᠯᠢ᠂ ᠱᠠᠩᠬᠠᠢ ᠵᠢᠨ ᠭᠠᠲᠠᠭᠠᠲᠣ ᠬᠡᠯᠡᠨ ᠤ᠋ ᠶᠡᠬᠡ ᠰᠣᠷᠭᠠᠭᠣᠯᠢ᠂ ᠬᠦᠬᠡᠨᠠᠭᠣᠷ ᠤ᠋ᠨ ᠦᠨᠳᠦᠰᠦᠲᠡᠨ ᠤ᠋ ᠶᠡᠬᠡ ᠰᠣᠷᠭᠠᠭᠣᠯᠢ ᠵᠡᠷᠭᠡ ᠣᠷᠣᠨ ᠤ᠋ ᠲᠣᠲᠣᠨ᠎ᠠ ᠭᠠᠲᠠᠨᠠᠬᠢ ᠶᠠᠬᠡ ᠲᠠᠬᠡᠳᠤ ᠰᠤᠷᠭᠠᠭᠤᠯᠢ ᠪᠠ ᠰᠢᠨᠵᠢᠯᠡᠬᠦ ᠣᠬᠠᠭᠠᠨ ᠤ᠋ ᠬᠦᠷᠢᠶᠡᠯᠡᠩ ᠡᠴᠡ ᠬᠦᠷᠦᠯᠴᠡᠨ ᠢᠷᠡᠭᠰᠡᠨ 130 ᠭᠠᠷᠣᠢ ᠡᠷᠳᠡᠮᠲᠡᠨ ᠮᠡᠷᠭᠡᠳ ᠬᠤᠷᠠᠯ ᠳ᠋ᠤ ᠣᠷᠣᠯᠴᠠᠵᠦ᠂ ᠴᠡᠩᠭᠡᠯᠲᠡᠢ ᠫᠷᠣᠹᠸᠰᠰᠣᠷ ᠤ᠋ᠨ ᠡᠷᠳᠡᠮ ᠰᠢᠨᠵᠢᠯᠡᠭᠡᠨ ᠤ᠋ ᠠᠮᠵᠢᠯᠲᠠ ᠪᠦᠲᠦᠭᠡᠯ ᠪᠠ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ ᠵᠢᠨ ᠰᠣᠲᠣᠯᠭᠠᠨ᠂ ᠠᠯᠲᠠᠢ ᠢᠵᠠᠭᠣᠷ ᠬᠡᠯᠡᠨ ᠤ᠋ ᠰᠣᠲᠣᠯᠭᠠᠨ᠂ ᠣᠮᠠᠷᠠᠲᠣ ᠵᠢᠨ ᠦᠨᠳᠦᠰᠦᠲᠡᠨ ᠤ᠋ ᠡᠷᠳᠡᠨ ᠤ᠋ ᠦᠰᠦᠭ ᠪᠢᠴᠢᠭ ᠲᠡᠦᠬᠡᠨ ᠰᠣᠷᠪᠣᠯᠵᠢ ᠪᠢᠴᠢᠭ ᠤ᠋ᠨ ᠰᠣᠲᠣᠯᠭᠠᠨ᠂ ᠲᠣᠮᠲᠠᠲᠣ ᠣᠯᠣᠰ ᠤ᠋ᠨ ᠬᠡᠯᠡ ᠣᠳᠬ᠎ᠠ ᠵᠣᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠵᠢᠨ ᠪᠠᠢᠭᠣᠯᠣᠯᠲᠠ ᠬᠢᠭᠡᠳ ᠬᠦᠭᠵᠢᠯᠲᠡ ᠭᠡᠬᠦ ᠰᠡᠳᠦᠪ ᠤ᠋ᠨ ᠲᠣᠭᠣᠷᠢᠨ ᠳ᠋ᠦ ᠰᠣᠲᠣᠯᠣᠨ ᠶᠠᠷᠢᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号