ᠥᠪᠥᠷ ᠮᠣᠩᠭᠣᠯ ᠤ᠋ᠨ ᠤᠯᠠᠭᠠᠨᠬᠠᠳᠠ ᠬᠤᠳᠠ ᠶ᠋ᠢᠨ ᠠᠤᠬᠠᠨ ᠬᠣᠱᠢᠭᠤᠨ ᠳ᠋ᠦ ᠨᠢᠭᠡᠨ ᠪᠦᠷᠢᠨ ᠪᠦᠲᠦᠨ ᠬᠠᠳᠠᠭᠠᠯᠠᠭ᠍ᠳᠠᠵᠤ ᠪᠠᠢᠭᠰᠠᠨ 《ᠬᠤᠩᠱᠠᠨ ᠰᠣᠶᠣᠯ》 ᠤ᠋ᠨ ᠰᠡᠭᠦᠯᠴᠢ ᠶ᠋ᠢᠨ ᠦᠶ᠎ᠡ ᠶ᠋ᠢᠨ ᠴᠢᠯᠠᠭᠤᠨ ᠤᠩᠭᠤᠨ ᠡᠴᠡ 100 ᠭᠠᠷᠤᠢ ᠬᠠᠰ ᠡᠳ᠋ᠯᠡᠯ ᠤᠯᠳᠠᠵᠦ᠂ 《ᠬᠤᠩᠱᠠᠨ ᠰᠣᠶᠣᠯ》 ᠤ᠋ᠨ ᠰᠤᠳᠤᠯᠭᠠᠨ ᠳ᠋ᠦ ᠮᠠᠰᠢ ᠴᠢᠬᠤᠯᠠ ᠪᠠᠷᠢᠮᠳᠠ ᠪᠤᠯᠵᠠᠢ᠃ ᠤᠷᠴᠢᠮᠬᠠᠨ ᠳᠤᠮᠳᠠᠳᠤ ᠤᠯᠤᠰ ᠤ᠋ᠨ ᠬᠠᠭᠤᠴᠢ ᠰᠤᠳᠤᠯᠤᠯ ᠤ᠋ᠨ ᠨᠡᠢᠭᠡᠮᠯᠢᠭ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ᠂ ᠤᠯᠠᠭᠠᠨᠬᠠᠳᠠ ᠬᠣᠲᠠ ᠶ᠋ᠢᠨ ᠵᠠᠰᠠᠭ ᠤ᠋ᠨ ᠣᠷᠳᠣᠨ ᠬᠥᠬᠡᠬᠣᠲᠠ ᠳ᠋ᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ 《ᠬᠤᠩᠱᠠᠨ ᠰᠣᠶᠣᠯ》 ᠤ᠋ᠨ ᠬᠠᠭᠤᠴᠢ ᠰᠤᠳᠤᠯᠤᠯ ᠤ᠋ᠨ ᠡᠨᠡ ᠬᠦ᠌ ᠬᠠᠮᠤᠭ ᠤ᠋ᠨ ᠱᠢᠨ᠎ᠡ ᠦᠷ᠎ᠡ ᠪᠦᠲᠦᠭᠡᠯ ᠢ᠋ ᠨᠡᠢᠲᠡᠯᠡᠭᠰᠡᠨ ᠪᠠᠢᠨ᠎ᠠ᠃
2024 ᠣᠨ ᠤ᠋ 4 ᠰᠠᠷ᠎ᠠ ᠡᠴᠡ ᠡᠬᠢᠯᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠤ᠋ᠨ ᠲᠥᠷᠥᠯ ᠵᠦᠶ᠋ᠯ ᠤ᠋ᠨ ᠪᠦᠯᠬᠦᠮ ᠠᠸ᠋ᠬᠠᠨ ᠬᠣᠱᠢᠭᠤᠨ ᠳ᠋ᠦ 4 ᠰᠠᠷ᠎ᠠ ᠱᠢᠬᠠᠮ ᠬᠠᠭᠤᠴᠢ ᠰᠤᠳᠤᠯᠤᠯ ᠤ᠋ᠨ ᠪᠠᠢᠴᠠᠭᠠᠯᠲᠠ ᠥᠷᠨᠢᠭᠦᠯᠵᠤ᠂ ᠡᠨᠳᠡ ᠡᠴᠡ 《ᠬᠤᠩᠱᠠᠨ ᠰᠣᠶᠣᠯ》 ᠤ᠋ᠨ ᠰᠡᠭᠦᠯᠴᠢ ᠶ᠋ᠢᠨ ᠦᠶ᠎ᠡ ᠶ᠋ᠢᠨ ᠨᠢᠭᠡᠨ ᠪᠦᠷᠢᠨ ᠪᠦᠳᠦᠨ ᠴᠢᠯᠠᠭᠤᠨ ᠤᠩᠭᠤᠨ ᠢ᠋ ᠢᠯᠡᠷᠡᠭᠦᠯᠤᠨ᠂ ᠨᠢᠭᠡ ᠯᠡ ᠤᠳᠠᠭ᠎ᠠ ᠳ᠋ᠦ 100 ᠭᠠᠷᠤᠢ 《ᠬᠤᠩᠱᠠᠨ ᠰᠣᠶᠣᠯ》 ᠤ᠋ᠨ ᠬᠠᠰ ᠡᠳ᠋ᠯᠡᠯ ᠣᠯᠳᠠᠵᠤ᠂ ᠠᠩᠬ᠎ᠠ ᠤᠳᠠᠭ᠎ᠠ ᠡᠮᠦᠨ᠎ᠡ ᠳᠠᠯ᠎ᠠ ᠨᠢ ᠲᠦᠷᠪᠡᠯᠵᠢᠨ᠂ ᠬᠤᠢᠳᠦ ᠳᠠᠯ᠎ᠠ ᠨᠢ ᠲᠣᠭᠣᠷᠢᠭ᠂ ᠡᠮᠦᠨ᠎ᠡ ᠳᠠᠯ᠎ᠠ ᠳ᠋ᠤᠨᠢ ᠮᠠᠨᠳᠤᠯ᠂ ᠬᠣᠢᠲᠤ ᠳᠠᠯ᠎ᠠ ᠳ᠋ᠤᠨᠢ ᠤᠩᠭᠤᠨ ᠪᠠᠢᠷᠢᠯᠠᠭᠤᠯᠤᠭᠰᠠᠨ ᠤᠩᠭᠤᠨ ᠪᠠ ᠲᠠᠬᠢᠯᠭ᠎ᠠ ᠵᠢ ᠤᠶᠠᠯᠳᠤᠭᠤᠯᠤᠭ᠍ᠰᠠᠨ ᠪᠠᠷᠢᠯᠭ᠎ᠠ ᠶ᠋ᠢᠨ ᠦᠯᠡᠳᠡᠭ᠌ᠳᠡᠯ ᠢ᠋ ᠢᠯᠡᠷᠡᠭᠦᠯᠵᠦ᠍᠂ ᠤᠭ ᠪᠠᠷᠢᠯᠭ᠎ᠠ ᠶ᠋ᠢᠨ ᠪᠠᠢᠷᠢᠱᠢᠯ ᠤ᠋ᠨ ᠣᠨᠴᠠᠯᠢᠭ ᠪᠠ ᠡᠮᠬᠢ ᠳᠠᠷᠠᠭᠠᠯᠠᠯ ᠢ᠋ ᠦᠨᠳᠦᠰᠦᠨ ᠳ᠋ᠡᠬᠡᠨ ᠲᠣᠳᠣᠯᠠᠨ ᠨᠤᠳᠠᠯᠠᠪᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠤ᠋ᠨ ᠳᠠᠷᠤᠭ᠎ᠠ ᠰᠦᠨ ᠵᠢᠨ ᠰᠥᠩ ᠤ᠋ᠨ ᠲᠠᠨᠢᠯᠴᠠᠭᠤᠯᠤᠭᠰᠠᠨ ᠵᠢᠡᠷ᠂ ᠡᠨᠡ ᠪᠣᠯ ᠣᠳᠣᠬᠠᠨ ᠳ᠋ᠦ ᠥᠪᠥᠷ ᠮᠣᠩᠭᠣᠯ ᠤ᠋ᠨ ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠯᠳᠠ ᠪᠡᠷ ᠢᠯᠠᠷᠠᠬᠦᠯᠦᠭᠰᠡᠨ ᠬᠠᠮᠤᠭ ᠤ᠋ᠨ ᠲᠤᠮᠤ 《ᠬᠤᠩᠱᠠᠠ ᠰᠤᠶᠤᠯ》 ᠤ᠋ᠨ ᠰᠡᠭᠦᠯᠴᠢ ᠶ᠋ᠢᠨ ᠦᠶ᠎ᠡ ᠶ᠋ᠢᠨ ᠴᠢᠯᠠᠭᠤᠨ ᠤᠩᠭᠤᠨ ᠪᠠᠢᠵᠤ᠂ ᠮᠠᠯᠲᠠᠵᠤ ᠭᠠᠷᠭᠠᠭ᠍ᠰᠠᠨ 100 ᠭᠠᠷᠤᠶ 《ᠬᠣᠩᠱᠠᠨ ᠰᠣᠶᠣᠯ》 ᠤ᠋ᠨ ᠬᠠᠰ ᠡᠳ᠋ᠯᠡᠯ ᠨᠢ 《ᠬᠣᠩᠱᠠᠨ ᠰᠣᠶᠣᠯ》 ᠤ᠋ᠨ ᠬᠠᠰ ᠡᠳ᠋ᠯᠡᠯ ᠤ᠋ᠨ ᠶᠡᠬᠡᠩᠬᠢ ᠲᠥᠷᠥᠯ ᠵᠦᠶ᠋ᠯ ᠢ᠋ ᠦᠨᠳᠦᠰᠦᠨ ᠳ᠋ᠡᠭᠡᠨ ᠬᠠᠮᠤᠷᠤᠭ᠍ᠰᠠᠨ ᠪᠥᠭᠡᠳ 《ᠯᠢᠩ ᠵᠢᠶᠠ ᠲᠠᠨ ᠰᠣᠶᠣᠯ》 ᠤ᠋ᠨ ᠬᠠᠰ ᠲᠢᠲᠢᠮ ᠲᠡᠶ ᠠᠳᠠᠯᠢᠪᠲᠤᠷ ᠡᠳ᠋ ᠢ᠋ ᠢᠯᠡᠷᠡᠭᠦᠯᠵᠦ᠍᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠡᠴᠡ 《ᠬᠤᠩᠱᠠᠠ ᠰᠤᠶᠤᠯ》 ᠤ᠋ᠨ ᠬᠠᠰ ᠡᠳ᠋ᠯᠡᠯ ᠤᠯᠳᠠᠭ᠎ᠠ ᠦᠬᠡᠢ ᠪᠠᠢᠭᠰᠠᠨ ᠲᠡᠥᠬᠡ ᠵᠢ ᠡᠴᠦᠰᠯᠡᠬᠦᠯᠵᠦ᠂ ᠪᠣᠷᠣᠲᠣᠬᠣᠶ ᠣᠷᠣᠨ ᠤ᠋ ᠯᠦᠩ ᠱᠠᠨ ᠤ᠋ ᠴᠠᠭ ᠦᠶ᠎ᠡ ᠶ᠋ᠢᠨ 《ᠬᠠᠰ ᠢ᠋ ᠬᠡᠷᠡᠮ ᠳ᠋ᠦ ᠨᠢᠭᠤᠬᠤ》 ᠦᠵᠡᠭ᠌ᠳᠡᠯ ᠤ᠋ᠨ ᠢᠷᠡᠯᠲᠡ ᠵᠢ ᠬᠠᠢᠨ ᠰᠦᠪᠡᠭ᠌ᠴᠢᠯᠡᠬᠦ᠌ ᠳ᠋ᠦ ᠱᠢᠨ᠎ᠡ ᠰᠦᠪᠡᠭ᠌ᠴᠢ ᠬᠠᠩᠭᠠᠭ᠍ᠰᠠᠨ ᠪᠠᠢᠨ᠎ᠠ ᠭᠡᠵᠡᠶ᠃
《ᠬᠤᠩᠱᠠᠨ ᠰᠣᠶᠣᠯ》 ᠨᠡᠷᠡᠢᠳᠦᠭ᠌ᠳᠡᠭᠰᠡᠨ 70 ᠵᠢᠯ ᠤ᠋ᠨ ᠲᠤᠷᠰᠢ ᠲᠡᠬᠦᠨ ᠤ᠋ ᠢᠯᠡᠷᠡᠭᠦᠯᠦᠯᠲᠡ ᠪᠠ ᠰᠤᠳᠤᠯᠭᠠᠨ ᠤ᠋ ᠲᠠᠯ᠎ᠠ ᠪᠡᠷ ᠠᠯᠢ ᠣᠯᠠᠨ ᠴᠢᠬᠤᠯᠠ ᠦᠷ᠎ᠡ ᠪᠦᠲᠦᠭᠡᠯ ᠣᠯᠵᠤ᠂ ᠥᠪᠥᠷ ᠮᠣᠩᠭᠣᠯ ᠤ᠋ᠨ ᠤᠯᠠᠭᠠᠨᠬᠠᠳᠠ ᠬᠢᠭᠡᠳ ᠯᠢᠶᠣᠤᠨᠢᠩ ᠤ᠋ᠨ ᠴᠤᠤᠶᠠᠩ ᠬᠣᠶᠠᠷ ᠭᠠᠵᠠᠷ ᠡᠴᠡ ᠡᠯ᠎ᠡ ᠲᠥᠷᠥᠯ ᠤ᠋ᠨ 《ᠬᠤᠩᠱᠠᠨ ᠰᠣᠶᠣᠯ》 ᠤ᠋ᠨ ᠪᠠᠭᠤᠷᠢ ᠵᠢ 1100 ᠭᠠᠷᠤᠶ ᠢᠯᠡᠷᠡᠭᠦᠯᠵᠦ᠍᠂ ᠢᠯᠠᠩᠭᠤᠶ᠎ᠠ ᠨᠢᠤ ᠾᠧ ᠯᠢᠶᠠᠩ᠂ ᠳ᠋ᠦᠩ ᠱᠠᠨ ᠽᠦᠶ᠂ ᠨᠠᠰᠤᠳᠠᠢ ᠵᠡᠷᠭᠡ ᠪᠠᠭᠤᠷᠢ ᠡᠴᠡ ᠢᠯᠡᠷᠡᠭᠦᠯᠦᠭ᠌ᠰᠡᠨ ᠪᠤᠯᠠᠱᠢ᠂ ᠲᠠᠬᠢᠯᠭ᠎ᠠ ᠶ᠋ᠢᠨ ᠦᠯᠡᠳᠡᠭ᠌ᠳᠡᠯ ᠵᠢᠴᠢ ᠶᠡᠬᠡ ᠬᠡᠮᠵᠢᠶᠡᠨ ᠤ᠋ ᠬᠠᠰ ᠡᠳ᠋ᠯᠡᠯ ᠨᠢ 《ᠬᠤᠩᠱᠠᠨ ᠰᠣᠶᠣᠯ》 ᠤ᠋ᠨ ᠳᠤᠮᠳᠠᠳᠤ ᠶ᠋ᠢᠨ ᠪᠣᠯᠪᠠᠰᠤᠨ ᠤ᠋ ᠡᠭᠦᠰᠦᠯ ᠤ᠋ᠨ ᠰᠤᠳᠤᠯᠭᠠᠨ ᠳ᠋ᠠᠬᠢ ᠡᠬᠢ ᠡᠭᠦᠰᠦᠯ ᠤ᠋ᠨ ᠴᠢᠨᠠᠷᠲᠠᠶ ᠪᠠᠢᠷᠢ ᠰᠠᠭᠤᠷᠢ ᠵᠢ ᠲᠣᠭ᠍ᠲᠠᠭᠠᠪᠠ᠃