ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠬᠡᠳ ᠤ᠋ᠨ ᠬᠢᠨ ᠤ᠋ ᠬᠣᠯᠪᠣᠭ᠎ᠠ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ ᠎ᠳᠦ ᠬᠦᠷᠴᠦ᠍ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-17 17:09:02
ᠵᠣᠬᠢᠶᠠᠭ᠍ᠴᠢ᠄
ᠹᠠᠩ ᠶᠤᠸᠠᠨ ᠬᠠᠨ ᠱᠢᠤᠸᠠᠢ ᠷᠦ᠋ ᠬᠠ ᠯᠢ ᠴᠢᠨ ᠢᠦᠢ ᠱᠢᠨ ᠯᠢ
ᠣᠩᠱᠢᠭ᠍ᠰᠠᠨ ᠣᠳᠠᠭ᠎ᠠ᠄
★★★☆☆

 9 ᠰᠠᠷ᠎ᠠ᠎ᠶ᠋ᠢᠨ 4 ᠤ᠋ ᠡᠳᠦᠷ᠂ 6 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃

9 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠡᠦᠬᠡ ᠰᠤᠳᠤᠯᠬᠤ ᠭᠠᠵᠠᠷ᠎ᠤᠨ ᠳᠡᠳ᠋ ᠰᠤᠳᠤᠯᠤᠭ᠍ᠴᠢ ᠯᠢᠦ ᠴᠦᠨ ᠽᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠳᠦ ᠬᠦᠷᠴᠦ᠍᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ 》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃

ᠬᠤᠷᠠᠯ᠎ᠤᠨ ᠳᠠᠷᠠᠭ᠎ᠠ᠂ ᠬᠤᠷᠠᠯ᠎ᠳᠤ ᠣᠷᠣᠯᠴᠠᠭ᠍ᠰᠠᠨ ᠺᠠᠳ᠋ᠷ ᠠᠵᠢᠯᠲᠠᠨ ᠠᠵᠢᠯᠴᠢᠨ᠂ ᠮᠡᠳᠡᠭᠦᠯᠦᠯᠲᠡ᠎ᠶ᠋ᠢᠨ ᠠᠭᠤᠯᠭ᠎ᠠ ᠨᠢ ᠨᠠᠷᠢᠨ ᠪᠣᠳᠠᠲᠠᠶ ᠪᠥᠭᠡᠳ ᠡᠯᠪᠡᠭ ᠪᠠᠶᠠᠯᠢᠭ᠂ ᠰᠣᠨᠣᠰᠤᠭ᠍ᠰᠠᠨ᠎ᠤ ᠳᠠᠷᠠᠭ᠎ᠠ ᠣᠯᠠᠨ ᠠᠱᠢᠭ ᠭᠥᠷᠳᠡᠭ᠌ᠰᠡᠨ ᠪᠠᠢᠨ᠎ᠠ ᠬᠡᠵᠤ ᠢᠯᠡᠳᠬᠡᠵᠡᠬᠡᠪᠡ᠃ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍ ᠂ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠪᠡᠨ ᠲᠣᠭ᠍ᠲᠠᠭᠠᠵᠤ᠂ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠠᠷᠢᠶᠠᠯᠠᠩ ᠮᠠᠯ ᠠᠵᠤ ᠠᠬᠤᠶ᠎ᠶ᠋ᠢᠨ ᠲᠥᠯᠥᠪᠵᠢᠭᠦᠯᠭᠡ᠎ᠶ᠋ᠢᠨ ᠳ᠋ᠦᠩᠨᠡᠯᠲᠡ ᠦᠨᠡᠯᠡᠯᠲᠡ ᠪᠠ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠠᠷᠢᠶᠠᠯᠠᠩ ᠮᠠᠯ ᠠᠵᠤ ᠠᠬᠤᠶ᠎ᠶ᠋ᠢᠨ ᠲᠥᠯᠥᠪᠵᠢᠭᠦᠯᠭᠡ᠎ᠶ᠋ᠢᠨ ᠡᠮᠦᠨᠡᠬᠢ ᠬᠤᠭᠤᠴᠠᠭᠠᠨ᠎ᠤ ᠲᠥᠯᠤᠪᠯᠡᠬᠡ᠎ᠶ᠋ᠢ ᠱᠠᠯᠠᠪᠳᠠᠨ ᠠᠬᠢᠭᠤᠯᠵᠤ᠂ ᠨᠠᠩ ᠣᠯᠠᠨ ᠴᠢᠬᠤᠯᠠ ᠶᠡᠬᠡ ᠲᠠᠷᠢᠶᠠᠯᠠᠩ ᠮᠠᠯ ᠠᠵᠤ ᠠᠬᠤᠶ᠎ᠶ᠋ᠢᠨ ᠲᠥᠷᠥᠯ ᠵᠦᠶ᠋ᠯ᠎ᠢ ᠨᠠᠢᠳᠠᠪᠤᠷᠢᠵᠢᠭᠤᠯᠬᠤ᠎ᠪᠠᠷ ᠴᠢᠷᠮᠠᠢᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ 》 ᠭᠡᠵᠦ᠍ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠭᠠᠵᠠᠷ᠎ᠤᠨ ᠳᠠᠷᠤᠭ᠎ᠠ ᠮᠠ ᠱᠢᠶᠤᠤ ᠶᠦᠨ ᠬᠡᠯᠡᠪᠡ᠃

9 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠭᠡᠳ ᠬᠢᠨ ᠤ᠋ ᠬᠣᠯᠪᠣᠭ᠎ᠠ᠎ᠶ᠋ᠢᠨ ᠨᠡᠢᠭᠡᠮ᠎ᠦᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠡᠯᠲᠡᠰ᠎ᠦᠨ ᠳᠠᠷᠤᠭ᠎ᠠ᠂ ᠳᠡᠳ᠋ ᠰᠤᠳᠤᠯᠤᠭ᠍ᠴᠢ ᠶᠠᠩ ᠯᠢᠶᠠᠩ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠭᠡᠳ ᠬᠢᠨ ᠤ᠋ ᠬᠣᠯᠪᠣᠭ᠎ᠠ ᠳ᠋ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ ᠎ᠤ ᠡᠳᠡᠭᠡᠳ ᠬᠢᠨ ᠤ᠋ ᠬᠣᠯᠪᠣᠭ᠎ᠠ᠎ᠶ᠋ᠢᠨ ᠵᠠᠯᠠᠭᠤ ᠺᠠᠳ᠋ᠷ ᠳ᠋ᠦᠩ ᠳ᠋ᠠᠨ ᠫᠢᠩ ᠭᠦᠨ ᠲᠥᠷᠥᠭ᠌ᠳᠡᠯ᠎ᠲᠡᠶ ᠪᠠᠢᠯ᠎ᠠ᠂ ᠲᠡᠷᠡ᠄ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠡᠢᠭᠡᠮ ᠎ᠦᠨ ᠱᠢᠨᠵᠢᠯᠡᠬᠦ᠌ ᠤᠬᠠᠭᠠᠨ᠎ᠤ ᠠᠵᠢᠯ᠎ᠳᠤ ᠠᠭᠤᠰᠤᠯᠴᠠᠭᠤᠯᠵᠤ᠂ ᠤᠯᠤᠰ ᠲᠥᠷᠥ᠎ᠶ᠋ᠢᠨ ᠬᠡᠪ ᠪᠣᠯᠪᠠᠰᠤᠷᠠᠯ᠎ᠢᠶᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠣᠨᠣᠯ᠎ᠤᠨ ᠢᠲᠡᠭᠡᠯ᠎ᠢᠶᠡᠨ ᠴᠢᠩᠭᠠᠳᠭᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠩ ᠰᠠᠢᠲᠤᠷ ᠭᠦᠶ᠋ᠴᠡᠳᠭᠡᠵᠦ᠍᠂ ᠰᠤᠷᠤᠯᠴᠠᠯᠭ᠎ᠠ ᠎ᠶ᠋ᠢᠨ ᠦᠷ᠎ᠡ ᠪᠦᠲᠦᠮᠵᠢ ᠎ᠪᠡᠨ ᠬᠣᠶᠠᠷ ᠶᠡᠬᠡ ᠶᠠᠪᠤᠳᠠᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌᠂ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠤᠨ᠎ᠠ》 ᠭᠡᠵᠤ ᠢᠯᠡᠳᠭᠡᠪᠡ᠃

9 ᠰᠠᠷ᠎ᠠ᠎ᠶ᠋ᠢᠨ 6 ᠤ᠋ ᠡᠳᠦᠷ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ ᠎ᠤᠨ ᠳᠡᠭᠡᠳᠦ ᠰᠤᠷᠭᠠᠭᠤᠯᠢ ᠎ᠶ᠋ᠢᠨ ᠨᠢᠭᠡᠳᠦᠭᠡᠷ ᠳᠡᠰ ᠎ᠤᠨ ᠲᠣᠭᠣᠷᠢᠨ ᠪᠠᠢᠴᠠᠭᠠᠭ᠍ᠴᠢ ᠵᠤᠤ ᠵᠢᠩ ᠬᠤᠸᠠ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ ᠎ᠤ ᠳᠠᠷᠠᠭ᠎ᠠ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠠᠵᠢᠯᠴᠢᠨ᠎ᠤ ᠡᠪᠯᠡᠯ᠎ᠦᠨ ᠲᠡᠷᠢᠭᠦᠯᠡᠭ᠌ᠴᠢ ᠬᠤᠸᠠᠩ ᠲᠤᠤ᠄《ᠪᠠᠭ᠍ᠰᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠭᠦᠨ ᠰᠡᠩᠬᠡᠷᠡᠭᠦᠯᠦᠯ ᠣᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠱᠢᠰᠲ᠋ᠧᠮ᠎ᠲᠡᠶ ᠣᠢᠯᠠᠭᠠᠪᠠ᠃ ᠬᠡᠪᠯᠡᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠰᠤᠷᠤᠯᠴᠠᠭᠰᠠᠨ ᠤᠯᠤᠯᠳᠠ ᠪᠠᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠡᠯ᠎ᠡ ᠵᠦᠶ᠋ᠯ᠎ᠦᠨ ᠠᠵᠢᠯ ᠪᠠ ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠬᠦ᠌᠎ᠶ᠋ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠎ᠤᠨ ᠠᠷᠭ᠎ᠠ᠎ᠪᠠᠨ ᠲᠠᠰᠤᠷᠠᠯᠲᠠ ᠥᠬᠡᠶ ᠱᠢᠨᠡᠴᠢᠯᠡᠵᠦ᠍᠂ ᠨᠠᠩ ᠣᠯᠠᠨ ᠨᠠᠩ ᠰᠠᠢᠨ ᠰᠣᠳᠣᠨ ᠪᠦᠲᠦᠭᠡᠯ᠎ᠢ ᠤᠬᠠᠭᠠᠯᠠᠵᠤ ᠥᠷᠭᠡᠨ ᠣᠯᠠᠨ ᠤᠩᠱᠢᠭ᠍ᠴᠢᠳ᠎ᠲᠤ ᠦᠶ᠋ᠯᠡᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠬᠡᠪᠯᠡᠯ᠎ᠦᠨ ᠬᠦᠴᠦᠨ ᠴᠢᠳᠠᠯ᠎ᠢᠶᠠᠨ ᠡᠷᠭᠦᠨ᠎ᠠ》 ᠭᠡᠵᠤ ᠭᠦᠨ ᠲᠦᠷᠦᠭᠳᠡᠯ ᠲᠠᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号