ᠥᠪᠡᠷᠲᠡᠭᠡᠨ ᠵᠠᠰᠠᠬᠤ ᠣᠷᠣᠨ ᠎ᠤ ᠠᠵᠢᠯᠴᠢᠨ ᠎ᠤ ᠡᠪᠯᠡᠯ ᠎ᠦᠨ ᠱᠢᠰᠲ᠋ᠧᠮ ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠯᠥᠨ ᠪᠣᠢᠷ ᠬᠥᠬᠡᠬᠣᠲᠠ᠎ᠳᠤ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-18 09:38:09
ᠵᠣᠬᠢᠶᠠᠭ᠍ᠴᠢ᠄
ᠯᠢ ᠺᠸ ᠱᠢᠨ ᠬᠤᠸᠠᠩ ᠹᠦ ᠱᠢᠤ ᠯᠢᠩ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 6 ᠤ᠋ ᠡᠳᠦᠷ᠂ 7 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠯᠥᠨ ᠪᠤᠢ᠌ᠷ ᠬᠤᠳᠠ᠂ ᠬᠥᠬᠡᠬᠣᠲᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠬ᠍ᠴᠢ ᠪᠣᠯᠤᠨ ᠡᠮᠦᠨ᠎ᠡ ᠹᠷᠣᠨᠲ ᠤ᠋ᠨ ᠠᠵᠢᠯᠴᠢᠳ ᠲᠤ᠌ ᠳᠠᠮᠵᠢᠭᠤᠯᠪᠠ᠃

9 ᠰᠠᠷ᠎ᠠ᠎ᠶ᠋ᠢᠨ 6 ᠤ᠋ ᠡᠳᠦᠷ᠂ ᠬᠥᠯᠥᠨ ᠪᠣᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳ᠋ᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ 2023 ᠣᠨ᠎ᠤ ᠲᠣᠮᠣ ᠤᠯᠤᠰ᠎ᠤᠨ ᠤᠷᠠᠨ ᠳᠠᠷᠬᠠᠨ ᠵᠢᠡᠷ ᠨᠡᠷ᠎ᠡ ᠳᠤᠷᠠᠳᠤᠭᠳᠠᠭᠰᠠᠨ᠂ ᠬᠥᠬᠡᠬᠣᠲᠠ᠎ᠶ᠋ᠢᠨ ᠵᠢᠮᠳᠦ ᠲᠡᠮᠦᠷ ᠵᠠᠮ᠎ᠤᠨ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠦᠴᠦᠳᠡᠯ ᠥᠭᠡᠷᠡᠴᠢᠯᠡᠬᠦ ᠵᠢ ᠰᠡᠯᠪᠢᠨ ᠵᠠᠰᠠᠬᠤ ᠳᠡᠭᠡᠳᠦ ᠵᠡᠷᠭᠡ᠎ᠶ᠋ᠢᠨ ᠢᠨᠵᠧᠨᠧᠷ ᠭᠦᠸᠧ᠎ᠶ᠋ᠢᠨ ᠯᠦᠩ᠂ ᠴᠢᠳᠠᠪᠤᠷᠢᠲᠠᠨ᠎ᠤ ᠪᠠᠢᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠴᠢᠳᠠᠪᠤᠷᠢᠲᠠᠨ᠎ᠤ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠬᠤ ᠎ᠶ᠋ᠢᠨ ᠬᠠᠮᠲᠤ ᠦᠪᠡᠷ ᠤ᠋ᠨ ᠥᠩᠭᠡᠷᠡᠯᠲᠡ ᠎ᠲᠡᠶ ᠎ᠪᠡᠨ ᠤᠶᠠᠯᠳᠤᠭᠤᠯᠤᠨ ᠬᠥᠳᠡᠯᠮᠦᠷᠢ ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠤᠭ᠍ᠰᠠᠨ ᠵᠡᠷᠭᠡ ᠲᠡᠷᠢᠭᠦᠨ᠎ᠦ ᠦᠶ᠋ᠯᠡ ᠠᠵᠢᠯᠯᠠᠭ᠎ᠠ᠎ᠪᠠᠨ ᠶᠠᠷᠢᠪᠠ᠃ ᠰᠤᠷᠤᠭ᠍ᠴᠢᠳ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠭᠦᠨᠵᠠᠭᠡᠢ ᠬᠥᠮᠦᠵᠢᠯ ᠬᠦᠷᠳᠡᠵᠤ᠂ ᠤᠬᠠᠮᠰᠠᠷ ᠡᠴᠡ᠎ᠪᠠᠨ ᠬᠥᠳᠡᠯᠮᠦᠷᠢ᠎ᠶ᠋ᠢᠨ ᠵᠢᠱ᠌ᠢᠶᠡᠴᠢ᠎ᠡᠴᠡ ᠰᠤᠷᠤᠯᠴᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠨ᠎ᠠ ᠭᠡᠵᠦ᠍ ᠢᠯᠡᠳᠭᠡᠵᠡᠭᠡᠪᠡ᠃

ᠲᠤᠰ ᠳᠡᠭᠡᠳᠦ ᠰᠤᠷᠭᠠᠭᠤᠯᠢ᠎ᠶ᠋ᠢᠨ ᠰᠣᠶᠣᠯ ᠵᠢᠭᠤᠯᠴᠢᠯᠠᠯ᠎ᠤᠨ ᠰᠠᠯᠪᠤᠷᠢ᠎ᠶ᠋ᠢᠨ ᠰᠤᠷᠤᠭ᠍ᠴᠢ ᠦ᠋ ᠱᠤᠸᠠᠢ ᠲᠦᠩ ᠄ 《 ᠭᠦᠸᠧ ᠪᠠᠭ᠍ᠰᠢ ᠥᠪᠡᠷ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠦᠭᠰᠡᠨ ᠪᠠ ᠠᠵᠢᠯ᠎ᠤᠨ ᠪᠠᠢᠷᠢ ᠳᠡᠭᠡᠷ᠎ᠡ ᠪᠠᠨ ᠬᠤᠷᠠᠮᠳᠤᠭᠤᠯᠤᠭ᠍ᠰᠠᠨ ᠲᠤᠷᠱᠢᠯᠭ᠎ᠠ᠎ᠪᠠᠨ ᠬᠤᠪᠢᠶᠠᠯᠴᠠᠵᠤ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠴᠢᠬᠤᠯᠠ ᠠᠴᠢ ᠬᠣᠯᠪᠣᠭ᠍ᠳᠠᠯ᠎ᠢ ᠨᠠᠳᠠ᠎ᠳᠤ ᠭᠦᠨᠵᠡᠭᠡᠢ ᠤᠢ᠍ᠢᠯᠠᠭᠠᠭᠤᠯᠵᠤ᠂ ᠥᠨᠳᠥᠷ ᠬᠡᠪ ᠪᠣᠯᠪᠠᠰᠤᠷᠠᠯ᠎ᠲᠠᠶ ᠤᠷ᠎ᠠ ᠮᠡᠷᠭᠡᠵᠢᠯ᠎ᠲᠠᠶ ᠴᠢᠳᠠᠪᠤᠷᠢᠲᠠᠨ ᠪᠣᠯᠬᠤ᠎ᠪᠠᠷ ᠴᠢᠷᠮᠠᠢᠬᠤ ᠡᠷᠴᠢ ᠵᠣᠷᠢᠭ᠎ᠢ ᠨᠡᠩ ᠪᠠᠲᠤᠳᠭᠠᠪᠠ》 ᠭᠡᠵᠠᠢ᠃

9 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠥᠪᠥᠷ ᠮᠣᠩᠭᠣᠯ᠎ᠤᠨ ᠹᠧᠩ ᠴᠤᠸᠠᠨ ᠵᠢᠦ ᠱᠢᠩ ᠠᠷᠢᠬᠢᠨ᠎ᠤ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠠᠷᠢᠬᠢ ᠦᠢᠯᠡᠳᠪᠦᠷᠢᠯᠡᠬᠦ ᠲᠠᠰᠤᠭ᠎ᠤᠨ ᠡᠷᠬᠢᠯᠡᠭ᠌ᠴᠢ ᠵᠠᠩ ᠭᠧᠨ ᠵᠢᠦ ᠥᠪᠡᠷ᠎ᠦᠨ ᠥᠩᠭᠡᠷᠡᠯᠲᠡ ᠪᠠ ᠳᠡᠷᠭᠡᠳᠡᠬᠢ ᠪᠣᠳᠠᠲᠤ ᠵᠢᠱ᠌ᠢᠶ᠎ᠡ᠎ᠲᠡᠶ᠎ᠪᠡᠨ ᠤᠶᠠᠯᠳᠤᠭᠤᠯᠤᠨ᠂ ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠪᠦᠯᠦᠭᠯᠡᠯ ᠤ᠋ᠨ ᠭᠤᠷᠪᠠᠳᠤᠭᠠᠷ ᠲᠣᠪᠴᠢᠶ᠎ᠠ ᠪᠦᠯᠦᠭ᠌ᠯᠡᠯ᠎ᠦᠨ ᠬᠥᠬᠡᠬᠣᠲᠠ᠎ᠶ᠋ᠢᠨ ᠭᠤᠷᠪᠠᠳᠤᠭᠠᠷ ᠲᠣᠭᠣᠷᠢᠯ ᠵᠠᠮ᠎ᠤᠨ ᠢᠨᠵᠧᠨᠧᠷᠢᠩ (A ᠣᠷᠣᠨ ᠪᠦᠰᠡ) ᠤ᠋ᠨ ᠪᠠᠷᠢᠯᠭ᠎ᠠ᠎ᠶ᠋ᠢᠨ ᠠᠵᠢᠯ᠎ᠤᠨ ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠎ᠦᠨ ᠲᠥᠷᠥᠯ ᠵᠦᠶ᠋ᠯ᠎ᠦᠨ ᠬᠡᠯᠲᠡᠰ᠎ᠲᠦ ᠭᠦᠨᠵᠡᠭᠡᠢᠷᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠲᠣᠰ ᠲᠥᠷᠥᠯ ᠵᠦᠶ᠋ᠯ᠎ᠦᠨ ᠬᠡᠯᠲᠡᠰ᠎ᠦᠨ ᠳᠠᠭᠠᠭᠠᠮᠠᠯ ᠵᠠᠩ ᠺᠠᠶ ᠄ 《ᠤᠬᠠᠭᠤᠯᠤᠨ ᠲᠠᠢᠯᠪᠤᠷᠢᠯᠠᠭᠰᠠᠨ᠎ᠨᠢ ᠲᠠᠷᠠᠭᠠᠴᠢ᠎ᠶ᠋ᠢᠨ ᠠᠯᠬᠤᠮ᠎ᠤᠨ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠬᠦ᠌᠎ᠳᠦ ᠮᠠᠰᠢ ᠴᠢᠩᠭ᠎ᠠ ᠵᠢᠯᠣᠭᠣᠳᠭᠤ ᠦᠶ᠋ᠯᠡᠳᠦᠯ᠎ᠲᠡᠶ ᠶᠤᠮ᠂ ᠪᠢᠳᠡ ᠪᠥᠬᠥᠳᠡ ᠬᠤᠷᠠᠯ ᠡᠴᠡ ᠳᠤᠷᠠᠳᠤᠭ᠍ᠰᠠᠨ ᠬᠠᠷᠠᠯᠲᠠ ᠴᠢᠭ᠌ᠯᠡᠯ᠎ᠢᠶᠡᠷ ᠴᠢᠷᠮᠠᠢᠨ ᠤᠷᠤᠭ᠍ᠰᠢᠯᠠᠵᠤ᠂ ᠣᠯᠠᠨ᠎ᠢ ᠳᠠᠭᠠᠭᠤᠯᠤᠨ ᠥᠪᠥᠷ ᠮᠣᠩᠭᠣᠯ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号