ᠤᠮᠠᠷᠠᠲᠤ ᠬᠢᠯᠢ ᠎ᠶ᠋ᠢᠨ ᠵᠠᠯᠠᠭᠤᠴᠤᠳ ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ ᠬᠣᠲᠠ ᠪᠠᠶᠠᠨᠨᠠᠭᠤᠷ ᠬᠣᠲᠠ᠎ᠳᠤ ᠬᠦᠷᠴᠦ᠍ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-19 09:20:00
ᠵᠣᠬᠢᠶᠠᠭ᠍ᠴᠢ᠄
ᠼᠠᠢ ᠳ᠋ᠦᠩ ᠮᠧᠢ ᠲᠠᠬᠦᠰᠪᠢᠯᠢᠭ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 9 ᠡᠴᠡ 11 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ ᠬᠤᠳᠠ᠂ ᠪᠠᠶᠠᠨᠨᠠᠭᠤᠷ ᠬᠤᠳᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠳᠠᠮᠵᠢᠭᠤᠯᠵᠠᠢ᠃

9 ᠰᠠᠷ᠎ᠠ᠎ᠶ᠋ᠢᠨ 9 ᠤ᠋ ᠡᠳᠦᠷ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠣᠨᠣᠯ᠎ᠤᠨ ᠵᠢᠭᠠᠨ ᠰᠤᠳᠤᠯᠬᠤ ᠲᠠᠰᠤᠭ᠎ᠤᠨ ᠯᠧᠺᠲ᠋ᠣᠷ ᠵᠠᠩ ᠯᠢᠨ ᠶᠠᠭᠤᠨ᠎ᠤ ᠲᠥᠯᠥᠭᠡ ᠥᠭᠡᠷᠡᠴᠢᠯᠡᠯᠲᠡ ᠬᠢᠬᠦ᠌᠂ ᠬᠠᠮᠢᠭᠠᠰᠢ ᠥᠭᠡᠷᠡᠴᠢᠯᠡᠯᠲᠡ ᠬᠢᠬᠦ᠌᠂ ᠬᠡᠷᠬᠢᠨ ᠥᠭᠡᠷᠡᠴᠢᠯᠡᠯᠲᠡ ᠬᠢᠬᠦ᠌ ᠵᠡᠷᠭᠡ ᠲᠠᠯ᠎ᠠ᠎ᠪᠠᠷ ᠪᠤᠭᠤᠲᠤ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠶᠡᠬᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠦᠨᠳᠦᠰᠦᠨ ᠱᠠᠲᠤᠨ᠎ᠤ ᠡᠪᠯᠡᠯ᠎ᠦᠨ ᠺᠠᠳ᠋ᠷ ᠪᠠ ᠡᠪᠯᠡᠯ᠎ᠦᠨ ᠭᠡᠱᠢᠭᠦᠨ ᠵᠠᠯᠠᠭᠤᠴᠤᠳ᠎ᠤᠨ ᠲᠥᠯᠥᠭᠡᠯᠡᠭ᠌ᠴᠢᠳ ᠎ᠲᠦ ᠬᠠᠨᠳᠤᠭᠤᠯᠤᠨ ᠪᠤᠭᠤᠲᠤ ᠬᠣᠲᠠ᠎ᠶ᠋ᠢᠨ ᠨᠠᠮ ᠵᠠᠰᠠᠭ᠎ᠤᠨ ᠲᠣᠮᠣ ᠠᠰᠠᠷ᠎ᠲᠤ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠬᠤᠷᠠᠯ᠎ᠤᠨ ᠳᠠᠷᠠᠭ᠎ᠠ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ ᠵᠢ ᠡᠷᠡᠰ ᠪᠠᠷᠢᠮᠳᠠᠯᠠᠵᠦ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ᠍ ᠢᠯᠡᠳᠭᠡᠵᠡᠭᠡᠪᠡ᠃

9 ᠰᠠᠷ᠎ᠠ᠎ᠶ᠋ᠢᠨ 10 ᠤ᠋ ᠡᠳᠦᠷ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶᠠᠨ᠎ᠤ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠲᠥᠷᠥ᠎ᠶ᠋ᠢᠨ ᠪᠣᠳᠣᠯᠭ᠎ᠠ ᠰᠤᠳᠤᠯᠬᠤ ᠲᠥᠪ᠎ᠦᠨ ᠳᠡᠳ᠋ ᠡᠷᠬᠢᠯᠡᠭ᠌ᠴᠢ ᠷᠧᠨ ᠵᠢᠶᠦ᠋ᠨ ᠯᠢ ᠪᠠᠶᠠᠨᠨᠠᠭᠤᠷ ᠬᠣᠲᠠ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠲᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠠᠢ᠃

ᠷᠧᠨ ᠵᠢᠶᠦ᠋ᠨ ᠯᠢ ᠪᠠᠶᠠᠨᠨᠠᠭᠤᠷ ᠬᠤᠳᠠ᠎ᠶ᠋ᠢᠨ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠳᠤ ᠬᠦᠷᠴᠦ᠍᠂ ᠲᠤᠰ ᠲᠣᠪᠴᠢᠶ᠎ᠠ᠎ᠶ᠋ᠢᠨ 40 ᠭᠠᠷᠤᠢ ᠵᠠᠯᠠᠭᠤ ᠺᠠᠳ᠋ᠷ᠎ᠲᠤ ᠨᠢᠭᠡ ᠤᠳᠠᠭᠠᠨ᠎ᠤ ᠠᠮᠢᠳᠤᠯᠢᠭ ᠪᠦᠬᠡᠳ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠬᠤ ᠬᠢᠴᠢᠶᠡᠯ ᠬᠦᠮᠦᠵᠢᠯ ᠬᠦᠷᠳᠡᠭᠡᠪᠡ᠃ ᠲᠡᠷᠡ 《ᠬᠥᠯᠥᠰᠥᠨ ᠠᠵᠢᠯ ᠬᠢᠵᠦ᠍ ᠪᠠᠢᠭ᠎ᠠ ᠬᠡᠦᠬᠡᠨ》 ᠡᠴᠡ 《ᠳᠡᠯᠡᠬᠡᠢ᠎ᠶ᠋ᠢᠨ ᠮᠠᠡᠭᠯᠠᠢ》 ᠪᠣᠯᠤᠭ᠍ᠰᠠᠨ ᠵᠢᠶᠠᠩ ᠢᠦᠢ ᠾᠧ᠎ᠶ᠋ᠢᠨ ᠰᠡᠳᠭᠢᠯ ᠬᠦᠳᠡᠯᠭᠡᠮ᠎ᠡ ᠦᠯᠢᠭᠡᠷ ᠪᠣᠯᠤᠨ 《ᠮᠢᠺᠷᠤᠮᠸᠲ᠋ᠷ᠎ᠲᠡᠰ》 ᠤ᠋ᠨ ᠨᠠᠷᠢᠯᠢᠭ᠎ᠤᠨ ᠬᠡᠮᠵᠢᠶ᠎ᠡ ᠳᠠᠢ ᠤᠯᠤᠰ᠎ᠤᠨ ᠴᠢᠬᠤᠯᠠ ᠵᠡᠪᠰᠡᠭ ᠲᠤᠨᠤᠬᠯᠠᠯ᠎ᠢ ᠦᠢᠯᠡᠳᠭᠦ᠎ᠳᠦ ᠤᠷᠤᠯᠴᠠᠬᠰᠠᠨ 《ᠡᠮᠡᠭ᠌ᠲᠡᠢ ᠵᠠᠪᠰᠡᠭᠴᠢᠨ》 ᠵᠤᠤ ᠵᠢᠩ᠎ᠦᠨ ᠦᠯᠢᠭᠡᠷ᠎ᠢ ᠶᠠᠷᠢᠬᠤ᠎ᠪᠠᠷ ᠳᠠᠮᠵᠢᠵᠤ᠂ ᠤᠯᠠᠨ᠎ᠢ ᠬᠠᠮᠤᠭ᠎ᠤᠨ ᠭᠡᠷᠡᠯ ᠰᠠᠴᠤᠷᠠᠩᠭᠤᠢ ᠵᠠᠯᠠᠭᠤ ᠨᠠᠰᠤᠨ᠎ᠳᠠᠭᠠᠨ ᠲᠡᠮᠡᠴᠡᠯ᠎ᠦᠨ ᠤᠯᠠ ᠮᠦᠷ ᠵᠢᠡᠨ ᠦᠯᠡᠳᠡᠭᠡᠬᠦ᠎ᠶᠢ ᠵᠤᠷᠢᠭᠵᠢᠭᠤᠯᠪᠠ᠃

《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠮᠠᠰᠢ ᠵᠣᠷᠢᠭ᠍ᠵᠢᠪᠠ᠃ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠬᠤᠪᠢ ᠬᠥᠮᠦᠨ᠎ᠦ ᠬᠦᠰᠡᠯᠡᠩ᠎ᠢᠶᠡᠨ ᠣᠶ ᠱᠢᠭᠤᠶ ᠡᠪᠡᠰᠦ ᠪᠡᠯᠴᠢᠭᠡᠷ᠎ᠦᠨ ᠦᠶ᠋ᠯᠡᠰ᠎ᠲᠦ ᠠᠭᠤᠰᠭᠠᠨ ᠣᠷᠣᠭᠤᠯᠵᠤ᠂ ᠴᠠᠭ ᠦᠶ᠎ᠡ᠎ᠡᠴᠡ ᠪᠢᠳᠡᠨ᠎ᠳᠦ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠬᠠᠲᠤᠨ ᠭᠤᠤᠯ᠎ᠤᠨ 〈ᠶᠡᠭᠡ ᠲᠤᠬᠤᠢ〉᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠠ》 ᠭᠡᠵᠦ᠍ ᠪᠠᠶᠠᠨᠨᠠᠭᠤᠷ ᠬᠣᠲᠠ᠎ᠶ᠋ᠢᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠵᠠᠯᠠᠭᠤ ᠺᠠᠳ᠋ᠷ ᠸᠠᠩ ᠶᠠ ᠵᠢᠶᠦ᠋ᠨ ᠬᠡᠯᠡᠪᠡ᠃

9 ᠰᠠᠷ᠎ᠠ᠎ᠶ᠋ᠢᠨ 11 ᠤ᠋ ᠡᠳᠦᠷ᠂ ᠷᠧᠨ ᠵᠢᠶᠦ᠋ᠨ ᠯᠢ ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠣᠷᠢᠭ᠎ᠤᠨ ᠤᠯᠤᠰ᠎ᠤᠨ ᠡᠵᠡᠩᠨᠡᠯᠲᠡ᠎ᠶ᠋ᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ᠎ᠳᠤ ᠬᠦᠷᠴᠦ᠍ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠪᠠᠶᠠᠨᠨᠠᠭᠤᠷ ᠬᠤᠳᠠ᠎ᠶ᠋ᠢᠨ ᠨᠢᠭᠡᠳᠦᠭᠡᠷ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ 30 ᠰᠤᠷᠤᠬ᠍ᠴᠢ᠎ᠶ᠋ᠢᠨ ᠲᠥᠯᠥᠭᠡᠯᠡᠭ᠌ᠴᠢ ᠤᠬᠠᠭᠤᠯᠤᠨ ᠲᠠᠢᠯᠪᠤᠷᠢᠯᠠᠬᠤ ᠬᠤᠷᠠᠯ᠎ᠳᠤ ᠣᠷᠣᠯᠴᠠᠪᠠ᠃

《ᠥᠨᠥᠳᠦᠷ᠎ᠦᠨ ᠤᠬᠠᠭᠤᠯᠤᠨ ᠲᠠᠢᠯᠪᠤᠷᠢᠯᠠᠯᠲᠠ᠎ᠶᠢ ᠰᠤᠨᠤᠰᠤᠭᠠᠳ ᠪᠢ ᠶᠡᠬᠡᠳᠡ ᠰᠡᠳᠭᠢᠯ ᠬᠥᠳᠡᠯᠵᠦ᠍᠂ ᠶᠡᠬᠡᠳᠡ ᠵᠣᠷᠢᠭ᠍ᠵᠢᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠤᠬᠠᠢ ᠱᠢᠨ᠎ᠡ ᠲᠠᠨᠢᠯᠲᠠ᠎ᠲᠠᠶ ᠪᠣᠯᠵᠠᠢ᠃ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠢᠷᠡᠭᠡᠳᠦᠶ ᠵᠢᠨ ᠵᠠᠮ ᠰᠠᠷᠠᠭᠤᠯ ᠲᠠᠷᠳᠠᠡᠭ᠂ ᠬᠦᠭᠵᠢᠯᠲᠠ ᠵᠢᠨ ᠲᠠᠯᠲᠠ ᠬᠦᠴᠤᠨ ᠲᠠᠢ᠃ ᠪᠢ ᠬᠤᠪᠢ ᠳᠠᠬᠢᠨ ᠴᠢᠷᠮᠠᠢᠵᠤ ᠱᠢᠨ᠎ᠡ ᠴᠠᠭ ᠦᠶ᠎ᠡ᠎ᠶ᠋ᠢᠨ ᠤᠯᠤᠰ᠎ᠢᠶᠠᠨ ᠬᠦᠴᠦᠷᠬᠡᠭ᠌ᠵᠢᠭᠦᠯᠬᠦ᠌ ᠵᠠᠯᠠᠭᠤᠴᠤᠳ ᠪᠣᠯᠬᠤ᠎ᠪᠠᠷ ᠴᠢᠷᠮᠠᠢᠨ᠎ᠠ》 ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号