9 ᠰᠠᠷ᠎ᠠ᠎ᠶ᠋ᠢᠨ 13 ᠤ᠋ ᠡᠳᠦᠷ᠂ 18᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠶᠠᠩ ᠸᠧᠢ ᠳ᠋ᠦᠩ᠂ ᠴᠡᠴᠡᠭ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠶᠠᠩ ᠵᠢᠶ᠍ᠸ ᠲᠤᠰ ᠲᠤᠰ ᠤᠷᠳᠤᠰ᠂ ᠪᠤᠭᠤᠲᠤ᠂ ᠬᠥᠯᠥᠨ ᠪᠤᠢ᠌ᠷ᠂ ᠤᠯᠠᠭᠠᠨᠬᠠᠳᠠ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
9 ᠰᠠᠷ᠎ᠠ᠎ᠶ᠋ᠢᠨ 13 ᠤ᠋ ᠡᠳᠦᠷ᠂ ᠴᠢ᠊ ᠪᠠᠲᠤ ᠣᠷᠳᠣᠰ᠎ᠤᠨ ᠬᠡᠷᠡᠭ᠌ᠯᠡᠭᠡᠨ᠎ᠦ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠳᠡᠭᠡᠳᠦ ᠰᠤᠷᠭᠠᠭᠤᠯᠢ᠎ᠶ᠋ᠢᠨ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠶᠡᠷᠦᠩᠬᠡᠢᠯᠡᠭ᠌ᠰᠡᠨ ᠬᠥᠭ᠌ᠵᠢᠯᠲᠡ᠎ᠶ᠋ᠢᠨ ᠪᠠᠢᠳᠠᠯ᠎ᠢ ᠪᠠᠢᠴᠠᠭᠠᠨ ᠰᠤᠳᠤᠯᠪᠠ᠃ ᠴᠢ᠊ ᠪᠠᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠲᠡᠦᠬᠡᠲᠦ ᠠᠴᠢ ᠬᠣᠯᠪᠣᠭ᠍ᠳᠠᠯ ᠪᠠ ᠠᠬᠤᠢᠴᠢ ᠠᠴᠢ ᠬᠣᠯᠪᠣᠭ᠍ᠳᠠᠯ᠎ᠠᠴᠠ ᠭᠠᠷᠳᠠᠵᠦ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠣᠢᠯᠠᠭᠠᠬᠤ ᠪᠠ ᠡᠵᠡᠮᠱᠢᠬᠦ᠌ ᠵᠡᠷᠭᠡ ᠵᠢᠷᠭᠤᠭᠠᠨ ᠲᠠᠯ᠎ᠠ᠎ᠪᠠᠷ ᠲᠣᠳᠣᠷᠬᠠᠢᠯᠠᠨ ᠲᠠᠢᠯᠪᠤᠷᠢᠯᠠᠵᠦ᠂ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶᠢ ᠶᠡᠷᠦᠩᠬᠡᠶ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠶ ᠠᠯᠢ ᠣᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠰᠤᠷᠤᠯᠴᠠᠨ ᠤᠢᠯᠠᠭᠠᠬᠤ ᠯᠤᠭ᠎ᠠ ᠤᠶᠠᠯᠳᠤᠭᠤᠯᠵᠦ᠂ ᠶᠡᠷᠦᠩᠬᠡᠶ ᠱᠦᠵᠢ᠎ᠶ᠋ᠢᠨ ᠪᠥᠬᠥ᠌ ᠤᠯᠤᠰ᠎ᠤᠨ ᠰᠤᠷᠭᠠᠨ ᠬᠥᠮᠦᠵᠢᠯ᠎ᠦᠨ ᠠᠵᠢᠯ᠎ᠤᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠲᠠᠢ ᠨᠡᠪᠲᠡᠷᠡᠯᠴᠡᠭᠦᠯᠵᠦ᠂ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠨᠡᠪᠲᠡᠷᠡᠲᠡᠯ᠎ᠡ ᠣᠢᠯᠠᠭᠠᠵᠦ᠂ ᠬᠡᠷᠡᠭ᠌ᠵᠢᠭᠦᠯᠬᠦ᠌ ᠲᠥᠰᠦᠯ᠎ᠢ ᠰᠠᠢᠲᠤᠷ ᠬᠢᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢᠯ᠎ᠦᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭᠲᠡᠢ ᠭᠡᠵᠦ ᠳᠤᠷᠠᠳᠪᠠ᠃
9 ᠰᠠᠷ᠎ᠠ᠎ᠶ᠋ᠢᠨ18 ᠤ᠋ ᠡᠳᠦᠷ᠂ ᠶᠠᠩ ᠸᠧᠶ ᠳ᠋ᠦᠩ ᠪᠤᠭᠤᠲᠤ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠭ᠎ᠤᠨ ᠪᠦᠷᠢᠯᠳᠦᠬᠦᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠬᠠᠷᠢᠭᠤᠴᠠᠯᠭᠠᠲᠠᠨ ᠵᠢᠴᠢ ᠬᠡᠰᠡᠭ ᠬᠣᠲᠠ᠎ᠳᠤ ᠰᠠᠭᠤᠭ᠎ᠠ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠲᠡᠶ ᠶᠠᠷᠢᠯᠴᠠᠬᠤ ᠬᠤᠷᠠᠯ ᠬᠢᠵᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠤᠯᠤᠯᠳᠠ ᠲᠥᠷᠥᠭ᠌ᠳᠡᠯ᠎ᠢᠶᠡᠨ ᠬᠤᠪᠢᠶᠠᠯᠴᠠᠪᠠ᠃ ᠶᠠᠩ ᠸᠧᠢ ᠳ᠋ᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠥᠭᠡᠷᠡᠴᠢᠯᠡᠯᠲᠡ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ ᠭᠡᠵᠡᠢ᠃ ᠪᠤᠭᠤᠲᠤ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ᠎ᠬᠢᠨ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠲᠠᠯ᠎ᠠ᠎ᠪᠠᠷ ᠵᠣᠷᠢᠭ᠍ᠲᠠᠶ᠎ᠪᠠᠷ ᠰᠦᠪᠡᠭ᠌ᠴᠢᠯᠡᠵᠦ᠍᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍᠂ ᠥᠭᠡᠷᠡᠴᠢᠯᠡᠯᠲᠡ᠎ᠶ᠋ᠢᠨ ᠭᠤᠤᠯᠳᠠᠯᠭ᠎ᠠ᠂ ᠬᠦᠴᠢᠷ ᠠᠰᠠᠭᠤᠳᠠᠯ ᠂ ᠲᠦᠭ᠌ᠵᠢᠷᠡᠯ᠎ᠦᠨ ᠲᠣᠭᠣᠷᠢᠨ᠎ᠳᠤ᠂ ᠵᠥᠪᠯᠡᠯᠭᠡ ᠬᠢᠵᠦ᠍ ᠲᠥᠷᠥ᠎ᠶ᠋ᠢᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠭᠡᠨ᠎ᠢᠶᠡᠷ ᠥᠷᠨᠢᠭᠦᠯᠵᠦ᠍᠂ ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠠᠩ ᠰᠠᠢᠲᠤᠷ ᠨᠢᠭ᠍ᠲᠠᠷᠠᠭᠤᠯᠵᠤ᠂ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠢ ᠢᠳᠡᠪᠬᠢᠲᠡᠶ ᠬᠠᠮᠵᠢᠵᠤ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠡᠢ᠃
9 ᠰᠠᠷ᠎ᠠ᠎ᠶ᠋ᠢᠨ 18 ᠤ᠋ ᠡᠳᠦᠷ᠂ ᠬᠥᠯᠥᠨ ᠪᠣᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ᠂ ᠴᠡᠴᠡᠭ ᠪᠥᠬᠥ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ ᠵᠢ ᠳᠡᠮᠵᠢᠬᠦ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ᠎ᠶ᠋ᠢ ᠠᠬᠢᠭᠤᠯᠬᠤ᠎ᠶᠢ ᠬᠦᠨᠵᠡᠬᠡᠢ ᠲᠠᠨᠢᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠤᠯᠤᠰ᠎ᠤᠨ ᠳᠣᠲᠣᠭᠠᠳᠤ᠎ᠶ᠋ᠢᠨ ᠴᠢᠬᠤᠯᠠ ᠶᠡᠬᠡ ᠬᠤᠷᠠᠯ᠎ᠲᠠᠶ ᠤᠶᠠᠯᠳᠤᠭᠤᠯᠤᠨ ᠭᠦᠨᠵᠡᠭᠡᠶ ᠲᠣᠳᠣᠷᠬᠠᠢᠯᠠᠯᠲᠠ ᠬᠢᠪᠡ᠃ ᠪᠠᠭ᠍ᠰᠢ ᠰᠤᠷᠤᠭ᠍ᠴᠢᠳ ᠪᠥᠬᠥᠳᠡ ᠬᠤᠷᠠᠯ᠎ᠤᠨ ᠥᠭᠡᠷᠡᠴᠢᠯᠡᠯᠲᠡ᠎ᠶ᠋ᠢᠨ ᠶᠡᠷᠦᠩᠬᠡᠶ ᠪᠠᠢᠷᠢᠯᠠᠭᠤᠯᠤᠯᠲᠠ᠎ᠶ᠋ᠢᠨ ᠲᠤᠬᠠᠶ ᠨᠠᠩ ᠭᠦᠨᠵᠡᠭᠡᠶ ᠲᠠᠨᠢᠯᠲᠠ ᠪᠠ ᠣᠢᠯᠠᠭᠠᠯᠲᠠ᠎ᠲᠠᠶ ᠪᠣᠯᠪᠠ᠃ ᠴᠡᠴᠡᠭ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠠᠭᠤᠷᠢ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌ ᠬᠡᠷᠡᠭ᠌ᠲᠡᠢ᠃ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠨᠢ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠎ᠳᠦ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ ᠭᠡᠵᠦ ᠵᠢᠭᠠᠵᠦ ᠭᠠᠷᠭᠠᠪᠠ᠂
9 ᠰᠠᠷ᠎ᠠ᠎ᠶ᠋ᠢᠨ 18 ᠤ᠋ ᠡᠳᠦᠷ᠂ ᠶᠠᠩ ᠵᠢᠶ᠍ᠸ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠶᠠᠩ ᠵᠢᠶ᠍ᠸ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠨᠢ ᠶᠠᠭᠤᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠰᠤᠳᠤᠯᠬᠤ᠂ ᠶᠠᠭᠤᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠳᠠᠯ ᠵᠢᠡᠷ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠢᠨ ᠭᠣᠣᠯ ᠰᠡᠳᠦᠪ ᠪᠣᠯᠭᠠᠭ᠍ᠰᠠᠨ ᠵᠢᠴᠢ ᠬᠡᠷᠬᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠰᠠᠭᠤᠷᠢᠯᠠᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠲᠠᠢᠯᠪᠤᠷᠢᠯᠠᠨ ᠦᠬᠦᠯᠡᠵᠦ᠂ ᠵᠠᠯᠠᠭᠤ ᠰᠤᠷᠤᠭ᠍ᠴᠢᠳ᠎ᠢ ᠠᠯᠤᠰ ᠬᠡᠳᠦ᠍᠎ᠶ᠋ᠢᠨ ᠬᠦᠰᠡᠯᠡᠩ᠎ᠲᠡᠶ᠂ ᠯᠠᠪᠳᠠᠭᠤᠨ ᠪᠠᠲᠤᠲᠠᠢ ᠪᠠᠢᠵᠤ᠂ ᠮᠡᠳᠡᠯᠭᠡ᠎ᠶ᠋ᠢ ᠰᠠᠢᠲᠤᠷ ᠰᠤᠷᠤᠯᠴᠠᠨ᠂ ᠰᠠᠭᠤᠷᠢ᠎ᠪᠠᠨ ᠰᠠᠢᠨ ᠲᠠᠯᠪᠢᠵᠤ᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠭᠠᠯ ᠬᠠᠯᠠᠭᠤᠨ ᠦᠢᠯᠡᠳᠦᠯᠭᠡ᠎ᠶ᠋ᠢᠨ ᠳᠤᠮᠳᠠ ᠠᠮᠢᠳᠤᠷᠠᠬᠤᠢ᠎ᠶ᠋ᠢᠨ ᠥᠷᠲᠡᠭ᠎ᠢᠶᠡᠨ ᠪᠡᠶᠡᠯᠡᠭᠦᠯᠬᠦ᠌᠎ᠶ᠋ᠢ ᠵᠣᠷᠢᠭ᠍ᠵᠢᠭᠤᠯᠤᠭ᠍ᠰᠠᠨ ᠪᠠᠢᠨ᠎ᠠ᠃
(ᠰᠤᠷᠪᠤᠯᠵᠢᠯᠠᠭ᠍ᠴᠢ ᠮᠤᠤ ᠺᠠᠢ ᠶᠠᠨ ᠼᠠᠢ ᠳ᠋ᠦᠩ ᠮᠧᠢ ᠯᠢ ᠺᠸ ᠱᠢᠨ ᠱᠢᠶᠤᠤ ᠯᠦ᠍ ᠴᠧᠨ ᠴᠦᠨ ᠶᠠᠨ)