ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠳᠦ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-20 09:46:08
ᠵᠣᠬᠢᠶᠠᠭ᠍ᠴᠢ᠄
ᠹᠸᠩ ᠱᠢᠤᠸᠠᠢ ᠢᠦᠢ ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠦᠳ᠎ᠲᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠳᠦ ᠤᠬᠠᠭᠤᠯᠤᠨ ᠲᠠᠢᠯᠪᠤᠷᠢᠯᠠᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠰᠡᠳᠭᠢᠯ᠎ᠳᠦ ᠳᠠᠮᠵᠢᠭᠤᠯᠪᠠ᠃

9 ᠰᠠᠷ᠎ᠠ᠎ᠶ᠋ᠢᠨ 9 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠲᠦ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠱᠢᠰᠲ᠋ᠧᠮ᠎ᠲᠡᠶ ᠲᠠᠢᠯᠪᠤᠷᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠬᠠᠮᠢᠶ᠎ᠠ ᠪᠥᠬᠥᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ ᠲᠤᠬᠠᠶ᠎ᠶ᠋ᠢᠨ ᠲᠠᠯᠠᠪᠠᠶ᠎ᠶ᠋ᠢᠨ ᠺᠠᠳ᠋ᠷ ᠣᠯᠠᠨ ᠲᠦᠮᠡᠨ᠎ᠢ ᠬᠠᠪᠰᠤᠷᠤᠨ ᠵᠢᠯᠣᠭᠣᠳᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠨᠢ ᠡᠯᠪᠡᠭ ᠪᠠᠶᠠᠯᠢᠭ ᠪᠠᠢᠵᠤ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ᠂ ᠨᠡᠯᠢᠶᠡᠳ ᠴᠢᠩᠭ᠎ᠠ ᠵᠢᠯᠣᠭᠣᠳᠭᠤ ᠦᠢᠯᠡᠳᠦᠯ ᠪᠠ ᠠᠴᠢ ᠬᠣᠯᠪᠣᠭ᠍ᠳᠠᠯ᠎ᠲᠠᠶ ᠪᠤᠯᠵᠠᠢ᠃

《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠤᠯᠠᠮ ᠴᠢᠨᠠᠭ᠍ᠰᠢᠳᠠ ᠨᠢᠭᠡᠳᠭᠡᠵᠦ᠍᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠪᠠᠷ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠡᠯᠲᠡᠰ᠎ᠦᠨ ᠳᠠᠷᠤᠭ᠎ᠠ ᠯᠢᠦ ᠸᠧᠶ ᠵᠢᠶᠠᠩ ᠢᠯᠡᠷᠬᠡᠢᠯᠡᠪᠡ᠃ ᠲᠡᠷᠡ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠢ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠭᠤᠷᠪᠠᠨ ᠶᠡᠬᠡ ᠬᠦᠷᠢᠶ᠎ᠡ᠎ᠶ᠋ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ ᠵᠢᠨ ᠲᠤᠭᠤᠷᠢᠨ ᠳ᠋ᠤ ᠶᠠᠪᠤᠭᠳᠠᠭᠤᠯᠵᠤ᠂ ᠥᠭᠡᠷᠡᠴᠢᠯᠡᠯᠲᠡ᠎ᠡᠴᠡ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠤᠶᠤᠲᠠᠳ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠨᠡᠢᠭᠡᠮ᠎ᠦᠨ ᠦᠶ᠋ᠯᠡᠳᠦᠯᠭᠡ᠎ᠶ᠋ᠢᠨ ᠠᠵᠢᠯᠯᠠᠭ᠎ᠠ᠂ ᠮᠠᠯᠴᠢᠨ ᠲᠠᠷᠢᠶᠠᠴᠢᠨ᠎ᠤ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠂ ᠥᠨᠳᠥᠷ ᠲᠦᠪᠰᠢᠨ᠎ᠤ ᠬᠣᠱᠢᠭᠤᠷᠠᠯ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠪᠠᠴᠢᠮ ᠪᠠᠢᠳᠠᠯ᠎ᠢ ᠠᠷᠭᠠᠴᠠᠭᠠᠬᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠡᠷᠭᠡ ᠣᠯᠠᠨ ᠵᠦᠶ᠋ᠯ᠎ᠦᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠵᠢ ᠠᠪᠴᠤ  ᠠᠷᠠᠳ ᠢᠷᠭᠡᠳ᠎ᠦᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠤᠨ ᠰᠠᠭᠤᠷᠢ᠎ᠶ᠋ᠢ ᠪᠡᠬᠢᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠮ᠎ᠢᠶᠠᠷ ᠵᠠᠮᠨᠠᠵᠤ ᠲᠤᠮᠳᠠ ᠲᠦᠪᠰᠢᠨ ᠳ᠋ᠦ ᠤᠷᠤᠬᠤ᠎ᠳᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠦᠴᠦᠨ ᠴᠢᠳᠠᠯ᠎ᠢᠶᠠᠨ ᠡᠷᠬᠦᠨ᠎ᠡ ᠭᠡᠵᠡᠢ᠃

9 ᠰᠠᠷ᠎ᠠ᠎ᠶ᠋ᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠦ ᠵᠤᠤ ᠵᠢᠩ ᠬᠤᠸᠠ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ 》 ᠭᠡᠬᠦ᠌ ᠰᠡᠳᠦᠪ᠎ᠢᠶᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠬᠠᠤᠯᠢ ᠬᠡᠷᠡᠭ᠌ᠵᠢᠭᠦᠯᠬᠦ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠯᠢᠦ ᠵᠢᠶᠠ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠺᠠᠳ᠋ᠷ ᠠᠵᠢᠯᠲᠠᠨ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠥᠬᠥ᠌ ᠲᠠᠯ᠎ᠠ᠎ᠪᠠᠷ ᠭᠦᠨᠵᠡᠭᠡᠶ ᠰᠤᠷᠤᠯᠴᠠᠵᠤ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠰᠡᠳᠭᠢᠯ᠎ᠳᠡᠭᠡᠨ ᠬᠠᠳᠠᠩᠱᠢᠭᠤᠯᠵᠤ᠂ ᠦᠶ᠋ᠯᠡ ᠠᠵᠢᠯᠯᠠᠭ᠎ᠠ᠎ᠳᠠᠭᠠᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠰᠣᠶᠣᠯ᠎ᠤᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠣᠶᠣᠯ᠎ᠤᠨ ᠦᠶ᠋ᠯᠡᠰ᠎ᠦᠨ ᠪᠥᠬᠥ᠌ ᠲᠠᠯ᠎ᠠ᠎ᠶ᠋ᠢᠨ ᠴᠡᠴᠡᠭ᠌ᠯᠡᠯ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠲᠠᠰᠤᠷᠠᠯᠲᠠ ᠥᠬᠡᠶ ᠠᠬᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠲᠥᠷᠥᠯ ᠲᠡᠮᠳᠡᠭ᠎ᠢ ᠨᠠᠩ ᠭᠤᠢᠲᠠ ᠰᠠᠢᠬᠠᠨ ᠪᠣᠯᠭᠠᠵᠤ᠂ ᠨᠠᠩ ᠠᠯᠳᠠᠷᠰᠢᠭᠤᠯᠤᠨ ᠮᠠᠨᠳᠤᠭᠤᠯᠤᠨ᠎ᠠ》 ᠭᠡᠵᠦ ᠢᠯᠡᠷᠭᠡᠢᠯᠡᠪᠡ᠃

9 ᠰᠠᠷ᠎ᠠ᠎ᠶ᠋ᠢᠨ 11᠎ᠤ᠋ ᠡᠳᠦᠷ᠂ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ ᠳ᠋ᠤ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠶ᠋ᠢᠨ ᠨᠡᠢᠭᠡᠮ᠎ᠦᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠡᠯᠲᠡᠰ᠎ᠦᠨ ᠳᠠᠷᠤᠭ᠎ᠠ᠂ ᠳᠡᠳ᠋ ᠰᠤᠳᠤᠯᠤᠭᠠᠴᠢ ᠶᠠᠩ ᠯᠢᠶᠠᠩ 《ᠱᠢᠨ᠎ᠡ ᠲᠡᠦᠬᠡᠨ ᠭᠠᠷᠤᠭ᠎ᠠ ᠳᠡᠭᠡᠷ᠎ᠡ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠤᠶ᠎ᠠ》 ᠭᠡᠬᠦ᠌ ᠰᠡᠳᠦᠪ᠎ᠢᠶᠡᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠠᠬᠤᠢ ᠪᠠᠢᠳᠠᠯ᠂ ᠴᠢᠬᠤᠯᠠ ᠠᠴᠢ ᠬᠣᠯᠪᠣᠭ᠍ᠳᠠᠯ ᠵᠢᠴᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠶᠡᠷᠦᠩᠬᠡᠢ ᠱᠠᠭᠠᠷᠳᠠᠯᠭ᠎ᠠ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠨᠠᠷᠢᠨ ᠲᠣᠳᠣᠷᠬᠠᠢᠯᠠᠨ ᠥᠭᠦᠯᠡᠪᠡ᠃

ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠦᠨᠳᠦᠰᠦᠲᠡᠨ᠎ᠦ ᠲᠠᠭᠤᠷᠢᠯᠢᠬ᠎ᠤᠨ ᠪᠦᠯᠬᠦᠮ᠎ᠦᠨ ᠳᠠᠷᠤᠭ᠎ᠠ ᠳ᠋ᠦᠩ ᠬᠠᠢ ᠵᠧᠨ᠄《ᠪᠦᠬᠦᠳᠡ ᠬᠤᠷᠠᠯ᠎ᠠᠴᠠ ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ ᠬᠡᠵᠦ ᠳᠤᠷᠠᠳᠪᠠ᠃ ᠪᠢᠳᠡ ᠡᠨᠡ ᠬᠦ᠌ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠤᠯᠠᠨ ᠲᠦᠮᠡᠨ᠎ᠦ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠪᠡᠷ ᠴᠢᠷᠮᠠᠢᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ》 ᠭᠡᠵᠦ ᠶᠠᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号