ᠢᠦᠢ ᠯᠢ ᠰᠢᠨ ᠶᠠᠷᠢᠶ᠎ᠠ ᠲᠠᠯᠪᠢᠵᠠᠢ
9 ᠰᠠᠷ᠎ᠠ᠎ᠶᠢᠨ 19 ᠤ᠋ ᠡᠳᠦᠷ᠂ ᠪᠦᠬᠦ ᠣᠷᠣᠨ᠎ᠤ ᠨᠠᠮ᠎ᠤᠨ ᠬᠣᠷᠢᠶᠠᠨ᠎ᠤ ᠥᠭᠡᠷᠡᠴᠢᠯᠡᠯᠲᠡ᠎ᠶᠢᠨ ᠰᠢᠰᠲ᠋ᠸᠮ᠎ᠤᠨ ᠭᠢᠨ ᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠰᠢᠭᠦᠨ᠂ ᠨᠠᠷᠢᠨ ᠪᠢᠴᠢᠭ᠎ᠦᠨ ᠳᠠᠷᠤᠭ᠎ᠠ᠂ ᠥᠭᠡᠷᠡᠴᠢᠯᠡᠯᠲᠡ ᠵᠢ ᠪᠦᠬᠦ ᠲᠠᠯ᠎ᠠ ᠪᠡᠷ ᠬᠦᠨᠵᠡᠭᠡᠢᠷᠡᠭᠦᠯᠬᠦ ᠬᠤᠷᠢᠶ᠎ᠠ ᠵᠢᠨ ᠠᠯᠪᠠᠨ ᠭᠡᠷ᠎ᠦᠨ ᠡᠷᠬᠢᠯᠡᠭᠴᠢ ᠢᠦᠢ ᠯᠢ ᠰᠢᠨ ᠠᠩᠬᠢ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠢᠦᠢ ᠯᠢ ᠰᠢᠨ᠂ ᠪᠦᠬᠦ ᠣᠷᠣᠨ᠎ᠤ ᠨᠠᠮ᠎ᠤᠨ ᠬᠣᠷᠢᠶᠠᠨ᠎ᠤ ᠥᠭᠡᠷᠡᠴᠢᠯᠡᠯᠲᠡ᠎ᠶᠢᠨ ᠰᠢᠰᠲᠧᠮ᠎ᠦᠨ ᠬᠢᠨ ᠲᠦᠷᠦᠭᠦᠯᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠵᠤ ᠂ ᠥᠭᠡᠷᠡᠴᠢᠯᠡᠯᠲᠡ᠎ᠶᠢ ᠰᠦᠪᠡᠭᠴᠢᠯᠡᠨ ᠥᠭᠡᠷᠡᠴᠢᠯᠡᠯᠲᠡ᠎ᠶᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠵᠢᠡᠨ ᠦᠨᠡᠨᠬᠦ ᠴᠢᠩᠭᠠᠳᠬᠠᠵᠤ᠂ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠠᠬᠢᠭᠤᠯᠬᠤ ᠴᠢᠳᠠᠪᠤᠷᠢ ᠪᠠ ᠲᠦᠪᠰᠢᠨ ᠵᠢᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠡᠭᠦᠷᠭᠡ᠎ᠶᠢ ᠨᠠᠢᠳᠠᠪᠤᠷᠢᠵᠢᠭᠤᠯᠬᠤ᠎ᠶᠢ ᠠᠬᠢᠭᠤᠯᠬᠤ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ ᠬᠡᠷᠡᠭᠲᠡᠢ᠃ ᠲᠥᠪ᠎ᠦᠨ 《ᠲᠣᠭᠲᠠᠭᠠᠯ》 ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《ᠰᠠᠨᠠᠯ》 ᠳ᠋ᠤ ᠳᠤᠷᠠᠳᠤᠭᠰᠠᠨ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢᠨ ᠲᠣᠭᠣᠷᠢᠨ᠎ᠳᠤ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ᠎ᠪᠡᠷ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠡᠭᠦᠷᠭᠡ᠎ᠶᠢ ᠨᠢᠭᠡᠲᠦᠯᠲᠡᠢ ᠲᠦᠯᠦᠪᠵᠢᠭᠦᠯᠦᠨ᠂ ᠲᠤᠷᠤᠬᠰᠢ ᠬᠤᠪᠢᠶᠠᠷᠢᠯᠠᠨ᠂ ᠡᠴᠦᠰ ᠲᠦ᠍ᠨᠢ ᠲᠤᠯᠲᠠᠯ᠎ᠠ ᠠᠳᠬᠤᠵᠤ᠂ ᠵᠣᠬᠢᠴᠠᠭᠤᠯᠤᠨ ᠲᠣᠬᠢᠷᠠᠭᠤᠯᠬᠤ᠎ᠶᠢ ᠴᠢᠨᠠᠭᠰᠢᠳᠠ ᠴᠢᠩᠭᠠᠳᠬᠠᠵᠤ᠂ ᠱᠠᠯᠠᠪᠳᠠᠭᠤᠯᠤᠨ ᠪᠠᠢᠴᠠᠭᠠᠬᠤ ᠶᠠᠰᠤ ᠴᠢᠨᠠᠷ ᠦᠷ᠎ᠡ ᠪᠦᠲᠦᠮᠵᠢ᠎ᠶᠢ ᠴᠢᠩᠭᠠᠳᠬᠠᠵᠤ᠂ ᠥᠭᠡᠷᠡᠴᠢᠯᠡᠯᠲᠡ᠎ᠶᠢᠨ ᠰᠢᠰᠲ᠋ᠸᠮ᠎ᠤᠨ ᠠᠵᠢᠯ᠎ᠤᠨ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶᠢ ᠪᠡᠶᠡᠯᠡᠭᠦᠯᠬᠦ᠎ᠳᠦ ᠥᠭᠡᠷᠡᠴᠢᠯᠡᠯᠲᠡ᠎ᠶᠢᠨ ᠬᠦᠴᠦᠨ ᠴᠢᠳᠠᠯ᠎ᠢᠶᠠᠨ ᠨᠡᠮᠡᠷᠢᠯᠡᠬᠦ ᠬᠡᠷᠡᠭᠲᠡᠢ ᠬᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号