ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠤᠳᠤᠭ ᠪᠡᠯᠴᠢᠭᠡᠷ ᠰᠤᠳᠤᠯᠬᠤ ᠭᠠᠵᠠᠷ ᠥᠪᠥᠷ ᠮᠣᠩᠭᠣᠯ᠎ᠤᠨ ᠮᠦᠽᠧᠢ᠎ᠶᠢᠨ ᠬᠦᠷᠢᠶᠡᠯᠡᠩ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠦᠷᠳᠡᠭᠡ᠎ᠳᠦ ᠬᠤᠪᠢᠶᠠᠷᠢᠴᠢᠯᠠᠭᠰᠠᠨ ᠤᠬᠠᠭᠤᠯᠤᠨ ᠳᠠᠢᠯᠪᠤᠷᠢᠯᠠᠯᠳᠠ ᠬᠢᠪᠡ
2024-09-22 10:50:23
ᠵᠣᠬᠢᠶᠠᠭ᠍ᠴᠢ᠄
ᠹᠠᠩ ᠶᠤᠸᠠᠨ ᠹᠧᠩ ᠰᠢᠤᠸᠠᠢ ᠢᠦᠢ ᠠᠨ ᠶᠢᠨ ᠳ᠋ᠦᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 11 ᠎ᠤ᠋ ᠡᠳᠦᠷ᠂ 12 ᠎ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠰᠢᠰᠲ᠋ᠧᠮ ᠨᠢᠭᠡᠴᠢ᠎ᠵᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠪᠠ᠃

9 ᠰᠠᠷ᠎ᠠ᠎ᠶᠢᠨ 11 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠢᠦᠢ ᠴᠤᠸᠠᠨ ᠽᠥᠩ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠤᠳᠤᠭ ᠪᠡᠯᠴᠢᠭᠡᠷ ᠰᠤᠳᠤᠯᠬᠤ ᠭᠠᠵᠠᠷ᠎ᠲᠤ ᠬᠥᠷᠴᠤ᠂ ᠶᠡᠷᠦᠩᠬᠡᠢ ᠱᠦᠵᠢ᠎ᠰᠢ᠎ᠶᠢᠨ ᠫᠢᠩ ᠤ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ 《ᠲᠣᠭᠲᠠᠭᠠᠯ》 ᠳ᠋ᠤ ᠳᠤᠷᠠᠳᠤᠭᠰᠠᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠲᠠᠷᠠᠭ᠎ᠠ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠤᠳᠤᠭ ᠪᠡᠯᠴᠢᠭᠡᠷ ᠰᠤᠳᠤᠯᠬᠤ ᠭᠠᠵᠠᠷ᠎ᠤᠨ ᠨᠠᠮ᠎ᠤᠨ ᠬᠣᠷᠢᠶᠠᠨ᠎ᠤ ᠭᠡᠰᠢᠭᠦᠨ᠂ ᠰᠤᠳᠤᠯᠬᠤ ᠭᠠᠵᠠᠷ᠎ᠤᠨ ᠳᠠᠷᠤᠭ᠎ᠠ᠎ᠶᠢᠨ ᠲᠤᠰᠠᠯᠠᠭ᠍ᠴᠢ᠂ ᠮᠠᠯᠵᠢᠬᠤ ᠣᠷᠣᠨ᠎ᠤ ᠠᠵᠤ ᠠᠬᠤᠢ ᠪᠣᠯᠣᠨ ᠲᠦᠷᠦ᠎ᠶᠢᠨ ᠪᠣᠳᠣᠯᠭ᠎ᠠ᠎ᠶᠢᠨ ᠪᠦᠯᠬᠦᠮ᠎ᠦᠨ ᠲᠡᠷᠢᠭᠦᠨ ᠰᠢᠨᠵᠢᠯᠡᠬᠦ ᠤᠬᠠᠭᠠᠨᠲᠠᠨ ᠯᠢ ᠫᠢᠩ᠄《ᠪᠦᠭᠦᠳᠡ ᠬᠤᠷᠠᠯ᠎ᠠᠴᠠ ᠮᠠᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠲᠤ ᠤᠷᠤᠭᠰᠢᠯᠠᠯᠲᠠ᠎ᠶᠢᠨ ᠴᠢᠭᠯᠡᠯ᠎ᠢ ᠵᠢᠭᠠᠵᠤ ᠥᠭᠴᠡᠢ᠃ ᠨᠢᠭᠡ᠎ᠳᠦ᠂ ᠶᠠᠮᠠᠷ ᠲᠠᠯ᠎ᠠ ᠵᠢᠨ ᠰᠢᠨᠵᠢᠯᠡᠬᠦ ᠤᠬᠠᠭᠠᠨ᠎ᠤ ᠰᠤᠳᠤᠯᠭᠠᠨ ᠬᠢᠬᠦ ᠲᠠᠯ᠎ᠠ ᠪᠡᠷ᠂ ᠤᠯᠤᠰ᠎ᠤᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠤᠰ᠎ᠤᠨ ᠬᠡᠷᠡᠭᠴᠡᠭᠡ᠎ᠲᠠᠢ ᠨᠢᠭ᠍ᠲᠠ ᠬᠣᠯᠪᠣᠯᠳᠤᠭᠤᠯᠵᠤ᠂ ᠰᠣᠨᠢᠷᠬᠠᠯᠲᠠᠢ ᠰᠢᠨᠵᠢᠯᠡᠬᠦ ᠤᠬᠠᠭᠠᠨ᠎ᠤ ᠰᠤᠳᠤᠯᠭᠠᠨ ᠡᠴᠡ ᠪᠠᠨ ᠤᠯᠤᠰ᠎ᠤᠨ ᠬᠡᠷᠡᠭᠴᠡᠭᠡᠨ᠎ᠦ ᠰᠢᠨᠵᠢᠯᠡᠬᠦ ᠤᠬᠠᠭᠠᠨ᠎ᠤ ᠰᠤᠳᠤᠯᠭᠠᠨ ᠬᠢᠬᠦ ᠲᠡᠢᠰᠢ ᠰᠢᠯᠵᠢᠬᠦ ᠬᠡᠷᠡᠭᠲᠡᠢ᠃ ᠬᠣᠶᠠᠷ᠎ᠲᠤ᠂ ᠶᠠᠭᠠᠬᠢᠵᠤ ᠬᠢᠬᠦ ᠲᠠᠯ᠎ᠠ᠎ᠪᠠᠷ᠂ ᠬᠡᠷᠡᠭᠯᠡᠭᠡᠨ᠎ᠦ ᠠᠬᠤᠢ ᠦᠵᠡᠭᠳᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠦᠷᠦᠯ ᠵᠦᠢᠯ᠎ᠢ ᠵᠢᠷᠤᠵᠤ ᠲᠥᠯᠥᠪᠯᠡᠬᠦ᠎ᠳᠦ ᠴᠢᠭᠯᠡᠬᠦᠯᠦᠨ ᠶᠠᠭᠤᠨ᠎ᠤ ᠡᠮᠦᠨ᠎ᠡ ᠦᠷ᠎ᠡ ᠪᠦᠲᠦᠭᠡᠯ᠎ᠦᠨ ᠦᠢᠯᠡᠴᠢᠯᠡᠭᠡᠨ᠎ᠤ ᠡᠲᠡᠭᠡᠳ ᠨᠢ ᠬᠡᠨ ᠪᠣᠯᠬᠤ᠂ ᠬᠠᠮᠢᠶ᠎ᠠ ᠬᠡᠷᠡᠭᠯᠡᠬᠦ ᠳᠤᠬᠠᠢ ᠪᠠᠨ ᠪᠣᠳᠣᠯᠬᠢᠯᠠᠬᠤ ᠬᠡᠷᠡᠭᠲᠡᠢ᠃ ᠭᠤᠷᠪᠠ᠎ᠳᠤ᠂ ᠬᠡᠨ ᠬᠢᠬᠦ ᠲᠠᠯ᠎ᠠ᠎ᠪᠠᠷ᠂ ᠵᠣᠬᠢᠶᠠᠨ ᠪᠠᠢᠭᠤᠯᠤᠯᠲᠠ᠎ᠲᠠᠢ ᠰᠢᠨᠵᠢᠯᠡᠬᠦ ᠤᠬᠠᠭᠠᠨ᠎ᠤ ᠰᠤᠳᠤᠯᠭᠠᠨ ᠬᠢᠵᠦ᠂ ᠳᠣᠲᠣᠭᠠᠳᠤ᠎ᠶᠢᠨ ᠬᠣᠷᠣᠭᠳᠠᠭᠤᠯᠤᠯ ᠪᠠ ᠳᠣᠣᠷ᠎ᠠ ᠬᠢᠷᠢ ᠲᠦᠪᠰᠢᠨ᠎ᠤ ᠳᠠᠪᠬᠤᠷᠳᠠᠭᠤᠯᠤᠯ᠎ᠢ ᠪᠠᠭᠠᠰᠬᠠᠬᠤ ᠬᠡᠷᠡᠭᠲᠡᠢ》 ᠬᠡᠵᠦ ᠲᠦᠷᠦᠭᠳᠡᠯ ᠬᠦᠨ ᠶᠠᠷᠢᠯ᠎ᠠ᠃

9 ᠰᠠᠷ᠎ᠠ᠎ᠶ᠋ᠢᠨ 11 ᠎ᠤ᠋ ᠡᠳᠦᠷ᠂ ᠥᠪᠥᠷ ᠮᠣᠩᠭᠣᠯ᠎ᠤᠨ ᠮᠦᠽᠧᠶ ᠵᠢᠨ ᠬᠦᠷᠢᠶᠡᠯᠡᠩ ᠳ᠋ᠤ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠡᠦᠬᠡ ᠰᠤᠳᠤᠯᠬᠤ ᠭᠠᠵᠠᠷ᠎ᠤᠨ ᠳᠡᠳ᠋ ᠰᠤᠳᠤᠯᠤᠭᠠᠴᠢ ᠯᠢᠦ ᠴᠦᠨ ᠽᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠮᠦᠽᠧᠶ᠎ᠶ᠋ᠢᠨ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠠᠯᠪᠠᠨ ᠬᠡᠷ᠎ᠦᠨ ᠵᠢᠶᠠᠩ ᠯᠢ ᠨᠠᠨ ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠠᠴᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠬᠢᠪᠡ᠃ ᠪᠥᠬᠥᠳᠡ ᠬᠤᠷᠠᠯ᠎ᠠᠴᠠ ᠳᠤᠷᠠᠳᠤᠭ᠍ᠰᠠᠨ ᠠᠯᠢ ᠣᠯᠠᠨ ᠱᠢᠨ᠎ᠡ ᠰᠡᠳᠭᠢᠮᠵᠢ ᠂ ᠱᠢᠨ᠎ᠡ ᠪᠠᠢᠯᠳᠤᠬᠤ ᠪᠣᠳᠣᠯᠭ᠎ᠠ᠂ ᠱᠢᠨ᠎ᠡ ᠠᠷᠭ᠎ᠠ ᠬᠡᠮᠵᠢᠶ᠎ᠡ ᠨᠢ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠳᠥᠯᠭᠢᠨ ᠠᠬᠢᠭᠤᠯᠬᠤ᠎ᠳᠤ ᠪᠥᠬᠥ᠌ ᠲᠠᠯ᠎ᠠ᠎ᠶ᠋ᠢᠨ ᠵᠢᠯᠣᠭᠣᠳᠣᠯᠭ᠎ᠠ ᠪᠠ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃ ᠰᠣᠶᠣᠯ᠎ᠤᠨ ᠰᠢᠰᠲ᠋ᠸᠮ᠎ᠤᠨ ᠮᠦᠽᠧᠶ᠎ᠶ᠋ᠢᠨ ᠠᠵᠢᠯᠳᠠᠨ ᠪᠣᠯᠤᠭ᠍ᠰᠠᠨ᠎ᠤ ᠬᠤᠪᠢ᠎ᠳᠤ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ ᠤᠯᠠᠮ ᠢᠯᠡᠬᠦᠦ ᠢᠳᠡᠭᠡᠯ ᠵᠤᠷᠢᠭ ᠲᠠᠢ ᠪᠤᠯᠤᠯ᠎ᠠ᠃ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠲᠤᠬᠠᠢᠯᠠᠭ᠍ᠰᠠᠨ ᠠᠵᠢᠯ᠎ᠳᠠᠭᠠᠨ ᠦᠨᠳᠦᠰᠦᠯᠡᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠰᠤᠳᠤᠯᠤᠨ ᠲᠠᠢᠯᠪᠤᠷᠢᠯᠠᠬᠤ ᠪᠠ ᠳᠡᠯᠭᠡᠨ ᠦᠵᠡᠭᠦᠯᠵᠦ᠍ ᠤᠯᠠᠮᠵᠢᠯᠠᠬᠤ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠮᠦᠽᠧᠶ ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠬᠡᠵᠠᠢ᠃

9 ᠰᠠᠷ᠎ᠠ᠎ᠶ᠋ᠢᠨ 12  ᠤ᠋ᠨ ᠡᠳᠦᠷ᠂ ᠥᠪᠥᠷ ᠮᠣᠩᠭᠣᠯ᠎ᠤᠨ ᠬᠢᠯᠢ ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ  ᠳ᠋ᠤ ᠦᠪᠡᠷᠳᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠨᠡᠢᠭᠡᠮ ᠪᠠ ᠠᠮᠢ ᠠᠬᠤᠶ᠎ᠶ᠋ᠢᠨ ᠪᠣᠯᠪᠠᠰᠤᠨ᠎ᠤ ᠵᠢᠭᠠᠨ ᠰᠤᠳᠤᠯᠬᠤ ᠬᠡᠯᠲᠡᠰ᠎ᠦᠨ ᠳᠡᠳ᠋ ᠡᠷᠬᠢᠯᠡᠭ᠌ᠴᠢ᠂ ᠫᠷᠤᠹᠧᠰᠰᠤᠷ ᠯᠢᠦ ᠶᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠭᠤᠷᠪᠠᠳᠤᠭᠠᠷ ᠬᠤᠷᠠᠯ᠎ᠤᠨ ᠵᠣᠷᠢᠭ ᠰᠠᠨᠠᠭ᠎ᠠ᠎ᠳᠤ ᠲᠠᠢᠯᠤᠮᠵᠢ ᠬᠢᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ ᠵᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠡᠳ᠋ ᠳᠠᠷᠤᠭ᠎ᠠ ᠴᠢ ᠶᠦᠩ ᠵᠢᠶᠦ᠋ᠨ ᠄ 《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠨ ᠡᠵᠡᠮᠳᠡᠵᠦ᠂ ᠤᠯᠤᠰ᠎ᠤᠨ ᠶᠡᠷᠦᠩᠬᠡᠶ ᠴᠤᠬᠴᠠ ᠵᠢᠨ ᠠᠮᠤᠷ ᠲᠦᠪᠱᠢᠨ᠎ᠦ ᠦᠵᠡᠯᠲᠡ᠎ᠶ᠋ᠢ ᠢᠮᠠᠭ᠍ᠲᠠ ᠪᠠᠷᠢᠮᠲᠠᠯᠠᠵᠤ᠂ ᠡᠬᠡ ᠤᠯᠤᠰ᠎ᠤᠨ ᠬᠢᠯᠢ ᠬᠢᠵᠠᠭᠠᠷ᠎ᠤᠨ ᠠᠮᠤᠷ ᠲᠦᠪᠰᠢᠨ ᠲᠣᠭ᠍ᠲᠠᠭᠤᠨ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠦ᠍ ᠂ ᠪᠣᠳᠠᠲᠠᠶ ᠠᠵᠢᠯᠯᠠᠬᠤ ᠳᠤᠮᠳᠠ ᠱᠢᠨ᠎ᠡ᠎ᠶ᠋ᠢ ᠡᠭᠦᠳᠬᠦ᠌᠂ ᠱᠢᠨ᠎ᠡ᠎ᠶ᠋ᠢ ᠡᠭᠦᠳᠬᠦ᠌ ᠳᠤᠮᠳᠠ ᠡᠷᠡᠮᠡᠬᠡᠢᠯᠡᠨ ᠤᠷᠤᠭ᠍ᠰᠢᠯᠠᠬᠤ ᠵᠢ ᠪᠠᠷᠢᠮᠳᠠᠯᠠᠨ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠱᠢᠨ᠎ᠡ ᠬᠤᠷᠴᠠ ᠲᠣᠨᠣᠭ᠍ᠯᠠᠯ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠱᠢᠨ᠎ᠡ ᠬᠡᠪ ᠵᠠᠭ᠍ᠪᠤᠷ᠎ᠤᠨ ᠪᠥᠲᠥᠭᠡᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠵᠤ᠂ ᠨᠡᠬᠦᠳᠡᠯ ᠠᠷᠠᠳ᠎ᠤᠨ ᠬᠠᠮᠢᠶᠠᠷᠤᠯᠲᠠ᠎ᠶ᠋ᠢᠨ ᠠᠵᠢᠯ᠎ᠤᠨ ᠣᠳᠣᠬᠢᠴᠢᠯᠠᠯᠲᠠ᠎ᠶ᠋ᠢ ᠲᠠᠰᠤᠷᠠᠯᠲᠠ ᠥᠬᠡᠶ ᠠᠬᠢᠭᠤᠯᠤᠨ᠎ᠠ》 ᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号