ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠪᠠᠢᠩᠭᠤ᠎ᠶ᠋ᠢᠨ ᠳᠡᠳ᠋ ᠡᠷᠬᠢᠯᠡᠭ᠌ᠴᠢ ᠯᠢᠨ ᠱᠤᠤ ᠴᠦᠨ᠂ ᠳᠡᠳ᠋ ᠡᠷᠬᠢᠯᠡᠭ᠌ᠴᠢ ᠠᠢ ᠯᠢ ᠬᠤᠸᠠ ᠲᠤᠰ ᠲᠤᠰ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠸᠠᠨ ᠾᠧ ᠵᠡᠭᠡᠯᠢ ᠭᠤᠳᠤᠮᠵᠢ ᠂ ᠬᠥᠬᠡᠬᠣᠲᠠ᠎ᠶ᠋ᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠸᠠᠨ ᠾᠧ ᠵᠡᠭᠡᠯᠢ ᠭᠤᠳᠤᠮᠵᠢ᠎ᠳᠤ᠂ ᠯᠢᠨ ᠱᠤᠤ ᠴᠦᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠡᠷ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠦᠷ᠎ᠠ ᠪᠦᠳᠦᠮᠵᠢ ᠭᠠᠷᠭᠠᠬᠤ᠎ᠶ᠋ᠢ ᠠᠬᠢᠭᠤᠯᠬᠤ ᠵᠡᠷᠭᠡ ᠲᠠᠯ᠎ᠠ ᠡᠴᠨ ᠶᠠᠷᠢᠯᠴᠠᠬᠤ ᠬᠤᠷᠠᠯ᠎ᠳᠤ ᠣᠷᠣᠯᠴᠠᠨ ᠤᠯᠤᠯᠳᠠ ᠲᠦᠷᠦᠭᠳᠡᠯ᠎ᠢᠶᠠᠨ ᠰᠣᠯᠢᠯᠴᠠᠬᠤ ᠠᠷᠠᠳ᠎ᠤᠨ ᠲᠥᠯᠥᠭᠡᠯᠡᠭ᠌ᠴᠢᠳ᠎ᠲᠦ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠡᠷᠡ᠂ ᠠᠷᠠᠳ᠎ᠤᠨ ᠲᠥᠯᠥᠭᠡᠯᠡᠭ᠌ᠴᠢᠳ ᠦᠪᠡᠷ ᠤ᠋ᠨ ᠠᠵᠢᠯ ᠲᠠᠶ ᠪᠠᠨ ᠤᠶᠠᠯᠳᠤᠭᠤᠯᠵᠤ᠂ ᠤᠬᠠᠮᠰᠠᠷ ᠠᠴᠠ ᠪᠠᠨ ᠪᠦᠬᠦᠳᠠ ᠬᠤᠷᠠᠯ ᠤᠨ ᠵᠣᠷᠢᠭ ᠰᠠᠨᠠᠭᠠᠨ ᠤ ᠤᠬᠠᠭᠤᠯᠤᠭ᠍ᠴᠢ᠂ ᠲᠤᠭᠤᠰᠢᠯᠠᠭᠤᠯᠤᠭ᠍ᠴᠢ᠂ ᠦᠢᠯᠡᠳᠦᠯᠭᠡᠵᠢᠭᠦᠯᠦᠭ᠌ᠴᠢ ᠪᠣᠯᠬᠤ ᠬᠡᠷᠡᠭ᠌ᠲᠡᠢ᠃ ᠬᠣᠲᠠ᠂ ᠲᠣᠭᠣᠷᠢᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠨᠢ ᠪᠠᠢᠭᠤᠯᠤᠯ᠎ᠤᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠲᠠᠯ᠎ᠠ᠎ᠪᠠᠷ ᠲᠠᠰᠤᠷᠠᠯᠲᠠ ᠥᠬᠡᠶ ᠰᠦᠪᠡᠭ᠌ᠴᠢᠯᠡᠨ ᠦᠶ᠋ᠯᠡᠳᠦᠯᠭᠡᠵᠢᠭᠦᠯᠵᠦ᠍᠂ ᠪᠥᠬᠥᠳᠡ ᠬᠤᠷᠠᠯ᠎ᠠᠴᠠ ᠲᠣᠭ᠍ᠲᠠᠭᠠᠭ᠍ᠰᠠᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠵᠡᠷᠭᠡ ᠡᠯ᠎ᠡ ᠵᠦᠶ᠋ᠯ᠎ᠦᠨ ᠡᠭᠦᠷᠭᠡ ᠪᠣᠯᠤᠨ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠤᠯᠢ ᠪᠡᠷ ᠵᠠᠰᠠᠬᠤ ᠬᠦᠴᠦᠨ᠎ᠢᠶᠡᠷ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠬᠠᠮᠠᠭᠠᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠥᠬᠡᠬᠣᠲᠠ᠎ᠶ᠋ᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠳᠤ᠂ ᠠᠶ ᠯᠢ ᠬᠤᠸᠠ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠵᠡᠷᠭᠡ ᠲᠠᠯ᠎ᠠ᠎ᠠᠴᠠ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ᠎ᠲᠦ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠡᠷᠡ᠂ ᠰᠤᠷᠭᠠᠭᠤᠯᠢ᠎ᠨᠢ ᠰᠤᠷᠭᠠᠨ ᠬᠥᠮᠦᠵᠢᠯ᠎ᠦᠨ ᠠᠵᠢᠯ᠎ᠤᠨ ᠭᠤᠤᠯ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ ᠵᠠᠪᠠᠯ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠭᠠᠵᠠᠷ ᠣᠷᠣᠨ᠎ᠤ ᠤᠨᠴᠠᠯᠢᠭ ᠲᠠᠭᠠᠨ ᠲᠣᠬᠢᠷᠠᠭᠤᠯᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢᠨ ᠴᠢᠭ᠌ᠯᠡᠯ᠎ᠢ ᠳᠣᠪᠣᠢᠯᠭᠠᠵᠤ᠂ ᠶᠠᠰᠤ ᠴᠢᠨᠠᠷ᠎ᠢ ᠲᠡᠷᠢᠭᠦᠨ᠎ᠳᠦ ᠲᠠᠯᠪᠢᠬᠤ᠎ᠶ᠋ᠢ ᠴᠢᠩᠭᠠᠳᠭᠠᠵᠤ᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠵᠦ᠍᠂ ᠠᠷᠠᠳ ᠣᠯᠠᠨ᠎ᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠤᠬᠠᠶ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ᠎ᠢ ᠨᠢ ᠦᠷᠭᠦᠯᠵᠢᠯᠡᠨ ᠨᠡᠮᠡᠭ᠌ᠳᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃