ᠣᠢᠷ᠎ᠠ ᠳ᠋ᠤ᠂ ᠮᠠᠨ ᠤ᠋ ᠣᠷᠣᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠦᠷᠢᠶᠡᠨ ᠳ᠋ᠡᠬᠢ ᠪᠠᠷᠢᠯᠭ᠎ᠠ ᠵᠢᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠤ᠋ᠨ 《ᠨᠢᠭᠡ ᠶᠠᠪᠤᠳᠠᠯ ᠢ᠋ ᠨᠢᠬᠡᠳᠤᠯᠳᠠᠢ ᠬᠦᠢᠴᠡᠳᠬᠡᠬᠦ》 ᠪᠠ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠵᠤ ᠠᠬᠤᠢᠯᠠᠯ ᠡᠷᠭᠢᠯᠡᠬᠦ᠌ 《ᠨᠢᠭᠡ ᠶᠠᠪᠤᠳᠠᠯ ᠢ᠋ ᠨᠢᠬᠡᠳᠤᠯᠳᠠᠢ ᠬᠦᠢᠴᠡᠳᠬᠡᠬᠦ》 ᠵᠢ ᠪᠣᠳᠠᠲᠠᠢᠵᠢᠭᠤᠯᠤᠨ ᠬᠡᠷᠡᠭ᠌ᠵᠢᠭᠦᠯᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠢᠲᠡᠭᠡᠮᠵᠢ ᠢ᠋ᠢᠨ ᠮᠡᠳᠡᠭᠡ ᠵᠠᠩᠭᠢ ᠢ᠋ᠢᠨ ᠦᠶ᠋ᠯᠡᠴᠢᠯᠡᠭᠡᠨ ᠤ᠋ ᠱᠢᠰᠲ᠋ᠧᠮ ᠢ᠋ ᠲᠠᠰ ᠳᠡᠪᠱᠢᠭᠦᠯᠦᠨ ᠲᠡᠭᠦᠯᠳᠡᠷᠵᠢᠭᠦᠯᠵᠦ᠍᠂ 《ᠲᠣᠭ᠎ᠠ ᠪᠠᠷᠢᠮᠲᠠ ᠢ᠋ᠢ ᠢᠯᠡᠭᠦᠬᠡᠨ ᠭᠦᠶᠦᠯᠭᠡᠵᠦ᠍ ᠠᠵᠤ ᠠᠬᠤᠢᠯᠠᠯ ᠢ᠋ ᠳᠤᠲᠠᠭᠤ ᠭᠦᠶᠦᠯᠭᠡᠵᠤ》᠂ ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ ᠪᠠ ᠤᠯᠠᠨ ᠲᠦᠮᠡᠨ ᠤ᠋ ᠬᠠᠨᠤᠮᠵᠢ ᠢ᠋ᠢᠨ ᠬᠡᠮᠵᠢᠶ᠎ᠡ ᠢ᠋ᠢ ᠪᠦᠲᠦᠮᠵᠢᠲᠡᠶ ᠳᠡᠭᠡᠭ᠌ᠰᠢᠯᠡᠭᠦᠯᠪᠡ᠃
ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢᠨ ᠢᠨᠵᠧᠨᠧᠷᠢᠩ ᠢ᠋ ᠬᠡᠷᠡᠭ᠌ᠵᠢᠭᠦᠯᠦᠭ᠌ᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠰᠠᠮᠠᠯ ᠵᠠᠮ ᠤᠰᠤᠨ ᠲᠡᠭᠡᠭᠡᠪᠦᠷᠢ ᠢ᠋ᠢᠨ ᠪᠠᠷᠢᠯᠭ᠎ᠠ ᠵᠢᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠤ᠋ᠨ ᠳᠠᠭᠠᠭᠠᠴᠢᠯᠠᠯᠲᠠ ᠵᠠᠷᠯᠠᠬᠤ ᠢ᠋ᠢ ᠣᠷᠣᠯᠠᠬᠤ ᠪᠠᠢᠭᠤᠯᠤᠮᠵᠢ ᠢ᠋ᠢᠨ ᠬᠢᠨᠠᠯᠲᠠ ᠬᠠᠮᠢᠶᠠᠷᠤᠯᠲᠠ ᠢ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌)》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠰᠠᠮᠠᠯ ᠵᠠᠮ ᠤᠰᠤᠨ ᠲᠡᠭᠡᠭᠡᠪᠦᠷᠢ ᠢ᠋ᠢᠨ ᠪᠠᠷᠢᠯᠭ᠎ᠠ ᠵᠢᠨ ᠪᠥᠲᠥᠭᠡᠨ ᠪᠠᠢᠭᠤᠯᠤᠯᠲᠠ ᠢ᠋ᠢᠨ ᠲᠥᠷᠥᠯ ᠵᠦᠶ᠋ᠯ ᠤ᠋ᠨ ᠳᠠᠭᠠᠭᠠᠴᠢᠯᠠᠯᠲᠠ ᠵᠠᠷᠯᠠᠬᠤ ᠢ᠋ᠢ ᠣᠷᠣᠯᠠᠬᠤ ᠪᠠᠢᠭᠤᠯᠤᠮᠵᠢ ᠢ᠋ᠢᠨ ᠢᠲᠡᠭᠡᠮᠵᠢ ᠢ᠋ᠢᠨ ᠦᠨᠡᠯᠡᠯᠲᠡ ᠢ᠋ᠢᠨ ᠬᠡᠷᠡᠭ᠌ᠵᠢᠭᠦᠯᠬᠦ᠌ ᠨᠠᠷᠢᠨ ᠲᠦᠷᠢᠮ (ᠲᠤᠷᠱᠢᠨ ᠬᠡᠷᠡᠭ᠌ᠵᠢᠭᠦᠯᠬᠦ᠌)》 ᠤ᠋ᠨ ᠲᠤᠰᠭᠠᠶ ᠮᠡᠷᠭᠡᠵᠢᠯᠲᠡᠨ ᠤ᠋ ᠨᠤᠲᠠᠯᠠᠯᠲᠠ ᠢ᠋ᠢᠨ ᠠᠵᠢᠯ ᠢ᠋ ᠳᠠᠭᠤᠰᠬᠠᠨ᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠵᠤ ᠠᠬᠤᠢᠯᠠᠯ ᠤ᠋ᠨ ᠶᠠᠰᠤ ᠴᠢᠨᠠᠷ ᠤ᠋ᠨ ᠢᠲᠡᠭᠡᠯ ᠬᠦᠨᠳᠦ᠍ ᠢ᠋ᠢ ᠱᠢᠯᠭᠠᠨ ᠬᠢᠨᠠᠬᠤ ᠬᠠᠮᠢᠶᠠᠷᠤᠯᠲᠠ ᠢ᠋ᠢᠨ ᠠᠷᠭ᠎ᠠ》 ᠶ᠋ᠢ ᠳᠠᠷᠤᠮᠠᠯᠯᠠᠨ ᠲᠠᠷᠬᠠᠭᠠᠵᠤ᠂ ᠬᠤᠳᠠᠯᠳᠤᠭᠠᠨ ᠤ᠋ ᠶᠠᠪᠤᠳᠠᠯ ᠤ᠋ᠨ ᠦᠨᠡᠨᠴᠢ ᠢᠲᠡᠭᠡᠮᠵᠢ ᠢ᠋ᠢᠨ ᠪᠠᠢᠭᠤᠯᠤᠯᠲᠠ ᠢ᠋ᠢ ᠬᠦᠴᠦᠯᠡᠨ ᠠᠬᠢᠭᠤᠯᠪᠠ᠃ ᠡᠭᠦᠨ ᠤ᠋ ᠬᠠᠮᠲᠤ ᠡᠯ᠎ᠡ ᠠᠢᠮᠠᠭ ᠬᠣᠲᠠ ᠢ᠋ᠢ ᠵᠣᠬᠢᠶᠠᠨ ᠪᠠᠢᠭᠤᠯᠵᠤ ᠲᠦᠷᠢᠶᠡᠰᠦᠨ ᠮᠠᠱᠢᠨ ᠲᠡᠷᠭᠡᠨ ᠤ᠋ ᠠᠵᠢᠯ ᠲᠥᠷᠥᠯ ᠢ᠋ ᠴᠡᠭ᠌ᠴᠡᠯᠡᠨ ᠵᠠᠰᠠᠵᠤ᠂ ᠵᠢᠭᠤᠯᠴᠢᠯᠠᠯ ᠤ᠋ᠨ ᠲᠦᠷᠢᠶᠡᠰᠦᠨ ᠮᠠᠱᠢᠨ ᠲᠡᠷᠭᠡ ᠢ᠋ᠢᠨ ᠠᠶᠠᠨᠴᠢᠨ ᠤ᠋ ᠵᠦᠭᠡᠭᠡᠪᠦᠷᠢ ᠢ᠋ᠢᠨ ᠬᠢᠨᠠᠯᠲᠠ ᠬᠠᠮᠢᠶᠠᠷᠤᠯᠲᠠ ᠢ᠋ᠢᠨ ᠠᠵᠢᠯ ᠢ᠋ ᠴᠢᠩᠭᠠᠳᠭᠠᠨ᠂ ᠲᠦᠷᠢᠶᠡᠰᠦᠨ ᠮᠠᠱᠢᠨ ᠲᠡᠷᠭᠡ ᠢ᠋ᠢᠨ ᠡᠵᠡᠩᠨᠡᠯᠲᠡ ᠢ᠋ᠢᠨ ᠡᠮᠬᠢ ᠳᠢᠭ᠌ᠯᠢᠮ ᠢ᠋ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠢᠭᠡᠮ ᠤ᠋ᠨ ᠦᠨᠡᠨᠴᠢ ᠢᠲᠡᠭᠡᠮᠵᠢ ᠢ᠋ᠢᠨ ᠰᠠᠢᠨ ᠰᠠᠢᠬᠠᠨ ᠠᠭᠤᠷ ᠠᠮᠢᠰᠭᠤᠯ ᠢ᠋ ᠪᠣᠶ ᠪᠤᠯᠭᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号