ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠨᠣᠮ᠎ᠤᠨ ᠰᠠᠩ ᠥᠪᠥᠷ ᠮᠣᠩᠭᠣᠯ᠎ᠤᠨ ᠣᠯᠠᠨ ᠲᠦᠮᠡᠨ᠎ᠦ ᠤᠷᠠᠯᠢᠭ᠎ᠤᠨ ᠣᠷᠳᠣᠨ᠎ᠳᠤ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠯᠲᠠ ᠬᠢᠪᠡ
2024-09-23 09:24:35
ᠵᠣᠬᠢᠶᠠᠭ᠍ᠴᠢ᠄
ᠰᠦᠨ ᠯᠢᠦ᠂ ᠹᠸᠩ ᠱᠢᠤᠸᠠᠢ ᠢᠦᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 13 ᠬᠢᠭᠡᠳ 14᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠯᠲᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠣᠯᠠᠨ ᠲᠦᠮᠡᠨ᠎ᠦ ᠤᠷᠠᠯᠢᠭ᠎ᠤᠨ ᠣᠷᠳᠣᠨ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠠᠵᠢᠯᠲᠠᠨ ᠠᠵᠢᠯᠴᠢᠨ᠎ᠳᠤ ᠲᠠᠢᠯᠪᠤᠷᠢᠯᠡᠨ ᠥᠭᠴᠠᠢ᠃

9 ᠰᠠᠷ᠎ᠠ᠎ᠶ᠋ᠢᠨ 13᠎ᠤ᠋ ᠡᠳᠦᠷ᠂ ᠥᠪᠥᠷ ᠮᠣᠩᠭᠣᠯ᠎ᠤᠨ ᠨᠣᠮ᠎ᠤᠨ ᠰᠠᠩ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠳᠡᠳ᠋ ᠡᠷᠬᠢᠯᠡᠭ᠌ᠴᠢ᠂ ᠳᠡᠳ᠋ ᠫᠷᠤᠹᠸᠰᠰᠤᠷ ᠰᠦᠨ ᠶᠠ ᠵᠢᠶ᠍ᠸ 《ᠱᠢᠨ᠎ᠡ ᠠᠶᠠᠨ᠎ᠳᠠᠭᠠᠨ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ᠎ᠤ ᠬᠥᠲᠥᠯᠪᠦᠷᠢ》 ᠭᠡᠬᠥ ᠪᠡᠷ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠢ ᠲᠠᠢᠯᠪᠤᠷᠢᠯᠠᠪᠠ᠃

《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠦᠶ᠋ᠯᠡᠳᠦᠯᠭᠡᠵᠢᠭᠦᠯᠵᠦ᠍᠂ ᠤᠩᠱᠢᠭ᠍ᠴᠢᠳ᠎ᠲᠤ ᠦᠶ᠋ᠯᠡᠴᠢᠯᠡᠬᠦ᠌᠂ ᠬᠤᠪᠢᠶᠠᠷᠢ ᠣᠷᠳᠣᠨ᠎ᠤ ᠪᠥᠲᠥᠭᠡᠨ ᠪᠠᠢᠭᠤᠯᠤᠯᠲᠠ᠂ ᠤᠩᠱᠢᠯᠭ᠎ᠠ᠎ᠶ᠋ᠢ ᠳᠡᠯᠭᠡᠷᠡᠭᠦᠯᠬᠦ᠌ ᠵᠡᠷᠭᠡ ᠠᠵᠢᠯ᠎ᠳᠤ ᠰᠠᠨᠠᠭᠠᠴᠢᠯᠠᠭ᠎ᠠ᠎ᠡᠴᠡ ᠪᠠᠨ ᠣᠷᠣᠯᠴᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠵᠠᠯᠠᠭᠤ ᠡᠯᠴᠢ ᠪᠣᠯᠤᠨ᠎ᠠ》 ᠭᠡᠵᠦ᠍ ᠥᠪᠥᠷ ᠮᠣᠩᠭᠣᠯ᠎ᠤᠨ ᠨᠣᠮ᠎ᠤᠨ ᠰᠠᠩ᠎ᠤᠨ ᠠᠵᠢᠯᠲᠠᠨ ᠳ᠋ᠦ᠋ ᠮᠸᠩ ᠭᠡᠯᠡᠯ᠎ᠠ᠃

9 ᠰᠠᠷ᠎ᠠ᠎ᠶ᠋ᠢᠨ 14᠎ᠤ᠋ ᠡᠳᠦᠷ᠂ ᠥᠪᠥᠷ ᠮᠣᠩᠭᠣᠯ᠎ᠤᠨ ᠣᠯᠠᠨ ᠲᠦᠮᠡᠨ᠎ᠦ ᠤᠷᠠᠯᠢᠭ᠎ᠤᠨ ᠣᠷᠳᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠬᠢᠨᠠᠨ ᠨᠠᠢᠷᠠᠭᠤᠯᠤᠭ᠍ᠴᠢ᠂ ᠥᠪᠥᠷ ᠮᠣᠩᠭᠣᠯ᠎ᠤᠨ ᠨᠢᠭᠡᠳᠦᠮᠡᠯ ᠹᠷᠣᠨᠲ᠎ᠤᠨ ᠣᠶᠤᠨ᠎ᠤ ᠬᠥᠮᠥᠷᠭᠡ᠎ᠶ᠋ᠢᠨ ᠠᠯᠪᠠᠨ ᠬᠡᠷ᠎ᠦᠨ ᠡᠷᠬᠢᠯᠡᠭ᠌ᠴᠢ ᠹᠸᠩ ᠱᠢᠤᠸᠠᠨ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠶ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠳᠥᠷᠪᠡᠨ ᠲᠠᠯ᠎ᠠ᠎ᠪᠠᠷ ᠭᠦᠨᠵᠡᠭᠡᠶ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠬᠤ᠎ᠶ᠋ᠢ ᠮᠠᠨ᠎ᠤ ᠣᠷᠣᠨ᠎ᠤ ᠤᠯᠠᠨ ᠨᠡᠢᠲᠡ᠎ᠶ᠋ᠢᠨ ᠰᠣᠶᠣᠯ᠎ᠤᠨ ᠦᠢᠯᠡᠰ᠎ᠦᠨ ᠬᠥᠭ᠌ᠵᠢᠯᠲᠡ᠎ᠲᠡᠶ ᠨᠢᠭ᠍ᠲᠠ ᠤᠶᠠᠯᠳᠤᠭᠤᠯᠵᠤ᠂ ᠱᠢᠨ᠎ᠡ ᠤᠳᠭ᠎ᠠ ᠰᠠᠨᠠᠭ᠎ᠠ᠎ᠲᠠᠶ ᠪᠥᠭᠡᠳ ᠭᠦᠨᠴᠡ᠎ᠲᠡᠶ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠰᠤᠳᠤᠯᠭᠠᠨ᠎ᠤ ᠬᠡᠯᠲᠡᠰ᠎ᠦᠨ ᠳᠡᠳ᠋ ᠰᠤᠳᠤᠯᠤᠭ᠍ᠴᠢ ᠸᠧᠶ ᠭᠦᠸᠧ ᠴᠢᠩ᠄ 《ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠨᠢ ᠮᠠᠨ᠎ᠤ ᠣᠷᠣᠨ᠎ᠤ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠭᠤᠤᠯ ᠬᠦᠴᠦᠨ ᠪᠣᠯᠤᠭ᠍ᠰᠠᠨ᠎ᠤ ᠬᠤᠪᠢ᠎ᠳᠤ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠠᠭᠤᠳᠠᠯᠵᠤ᠂ ᠤᠯᠠᠮᠵᠢᠯᠠᠯᠲᠤ ᠣᠯᠠᠨ ᠨᠡᠢᠲᠡ᠎ᠶ᠋ᠢᠨ ᠰᠣᠶᠣᠯ᠎ᠤᠨ ᠦᠢᠯᠡᠳᠭᠦᠨ ᠪᠠ ᠦᠶ᠋ᠯᠡᠴᠢᠯᠡᠭᠡ᠎ᠶ᠋ᠢ ᠰᠠᠢᠲᠤᠷ ᠬᠢᠬᠦ᠌᠎ᠶ᠋ᠢᠨ ᠬᠠᠮᠲᠤ᠂ ᠣᠯᠠᠨ ᠲᠦᠮᠡᠨ᠎ᠦ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠣᠢᠯᠠᠭᠠᠵᠤ᠂ ᠣᠲᠣ ᠦᠶ᠎ᠡ᠎ᠶ᠋ᠢᠨ᠂ ᠴᠠᠭ᠎ᠤᠨ ᠥᠩᠭᠡ᠎ᠶᠢ ᠲᠠᠭᠠᠭᠰᠠᠨ᠂ ᠴᠢᠨᠠᠷ ᠰᠠᠢᠲᠠᠶ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠠᠭᠤᠯᠭ᠎ᠠ᠎ᠶ᠋ᠢ ᠭᠠᠷᠭᠠᠵᠤ᠂ ᠤᠷᠤᠰᠭᠠᠯ ᠲᠠᠭᠠᠭᠰᠠᠨ ᠰᠣᠶᠣᠯ᠎ᠢᠶᠠᠷ ᠣᠯᠠᠨ ᠨᠡᠢᠲᠡ᠎ᠶ᠋ᠢᠨ ᠣᠷᠣᠨ ᠵᠠᠶ᠎ᠶ᠋ᠢ ᠬᠥᠭ᠌ᠵᠢᠭᠡᠵᠦ᠍᠂ ᠨᠠᠩ ᠣᠯᠠᠨ ᠣᠯᠠᠨ ᠲᠦᠮᠡᠨ᠎ᠢ ᠰᠣᠶᠣᠯ᠎ᠤᠨ ᠣᠷᠳᠣᠨ᠎ᠳᠤ ᠲᠡᠳᠡᠨ ᠣᠷᠣᠭᠤᠯᠬᠤ ᠬᠡᠷᠡᠭ᠌ᠲᠡᠶ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号