ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠦᠬᠠᠶ ᠬᠣᠲᠠ ᠬᠢᠩᠭᠠᠨ ᠠᠢᠮᠠᠭ᠎ᠤᠯᠠᠭᠠᠨᠬᠠᠳᠠ ᠬᠣᠲᠠ ᠬᠥᠬᠡᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠳᠦ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2024-09-23 09:33:36
ᠵᠣᠬᠢᠶᠠᠭ᠍ᠴᠢ᠄
ᠬᠤᠤ ᠪᠢᠶᠤᠤ ᠭᠤᠤ ᠮᠢᠨ ᠨᠠ ᠱᠢᠤᠢ ᠵᠢᠩ ᠯᠢ ᠱᠢᠤᠸᠠᠢ ᠶᠣᠣ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 12 ᠤ᠋ᠨ ᠡᠳᠦᠷ᠂ 14 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬᠰᠡᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠦᠬᠠᠢ ᠬᠤᠳᠠ᠂ ᠬᠢᠩᠭᠠᠨ ᠠᠢᠮᠠᠭ᠂ ᠤᠯᠠᠭᠠᠨᠬᠠᠳᠠ ᠬᠤᠳᠠ ᠪᠣᠯᠤᠨ ᠬᠥᠬᠡᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠦᠷᠳᠡᠭᠡ᠎ᠳᠦ ᠤᠬᠠᠭᠤᠯᠤᠨ ᠲᠠᠢᠯᠪᠤᠷᠢᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠵᠠᠯᠠᠭᠤ ᠺᠠᠳ᠋ᠷ ᠤᠯᠠᠨ ᠲᠦᠮᠡᠨ᠎ᠳᠤ ᠤᠬᠠᠭᠤᠯᠤᠨ ᠲᠠᠢᠯᠪᠤᠷᠢᠯᠠᠨ ᠥᠭᠴᠠᠢ᠃

9 ᠰᠠᠷ᠎ᠠ᠎ᠶ᠋ᠢᠨ 12᠎ᠤ᠋ᠨ ᠡᠳᠦᠷ᠂ ᠦᠬᠠᠶ ᠬᠣᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠲᠠᠭᠠᠭᠠᠴᠠ ᠵᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠬᠤᠷᠠᠯ᠎ᠤᠨ ᠬᠡᠷ᠎ᠲᠦ᠂ ᠦᠬᠠᠶ ᠬᠣᠲᠠ᠎ᠶ᠋ᠢᠨ ᠬᠡᠰᠡᠭ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠡᠭᠦᠷ᠎ᠦᠨ ᠱᠦᠵᠢ᠂ ᠡᠯ᠎ᠡ ᠬᠦᠷᠢᠶᠡᠨ᠎ᠦ ᠡᠪᠯᠡᠯ᠎ᠦᠨ ᠺᠠᠳ᠋ᠷ᠂ ᠵᠠᠯᠠᠭᠤᠴᠤᠳ᠎ᠤᠨ ᠲᠥᠯᠥᠭᠡᠯᠡᠭ᠌ᠴᠢ 60 ᠭᠠᠷᠤᠶ ᠬᠥᠮᠦᠨ ᠨᠢᠭᠡ ᠲᠠᠩᠬᠢᠮ᠎ᠳᠤ ᠴᠤᠭ᠍ᠯᠠᠷᠠᠵᠤ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠢᠨ ᠤᠬᠠᠭᠤᠯᠬᠤ ᠰᠠᠯᠠᠭᠠᠨ᠎ᠤ ᠳᠠᠷᠤᠭ᠎ᠠ ᠮᠦᠸᠸ ᠯᠢᠩ᠎ᠦᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠵᠢ ᠬᠠᠮᠲᠤ᠎ᠪᠠᠷ ᠰᠣᠨᠣᠰᠪᠠ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠮᠢᠨᠦ᠍ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢᠨ ᠲᠤᠬᠠᠢ ᠣᠢᠯᠠᠭᠠᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠪᠢᠳᠠ ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ᠎ᠪᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍ ᠪᠠᠢᠭᠠᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠺᠣᠮᠫᠠᠨᠢ᠎ᠶ᠋ᠢᠨ ᠵᠠᠯᠠᠭᠤᠴᠤᠳ᠎ᠤᠨ ᠰᠡᠳᠭᠢᠯ᠎ᠳᠦ ᠬᠠᠳᠠᠩᠱᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠨ᠎ᠠ》 ᠭᠡᠵᠦ᠍ ᠦᠬᠠᠢ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠡᠪᠯᠡᠯ᠎ᠦᠨ ᠬᠣᠷᠢᠶ᠎ᠠ ᠵᠢᠨ ᠳᠡᠳ᠋ ᠱᠦᠵᠢ ᠠᠨ ᠷᠠᠨ ᠬᠡᠯᠡᠪᠡ᠃

9 ᠰᠠᠷ᠎ᠠ᠎ᠶ᠋ᠢᠨ 12᠎ᠤ᠋ᠨ ᠡᠳᠦᠷ᠂ ᠬᠢᠩᠭᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳ᠋ᠦ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠺᠦᠩ ᠢᠦᠶ ᠴᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠲᠠᠢᠯᠤᠮᠵᠢ ᠬᠢᠪᠠ᠃ ᠲᠣᠰ ᠤᠳᠠᠭ᠎ᠠ ᠵᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠨᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳ᠋ᠤ ᠵᠡᠷᠭᠡ᠎ᠪᠡᠷ ᠶᠠᠪᠤᠭ᠍ᠳᠠᠭᠤᠯᠬᠤ ᠠᠷᠭ᠎ᠠ ᠬᠡᠯᠪᠡᠷᠢ᠎ᠪᠡᠷ ᠬᠢᠩᠭᠠᠨ ᠠᠢᠮᠠᠭ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠵᠡᠭᠡᠯᠢ ᠭᠤᠳᠤᠮᠵᠢ ᠨᠡᠢᠭᠡᠮ ᠲᠣᠭᠣᠷᠢᠭ ᠵᠡᠷᠭᠡ ᠡᠯ᠎ᠡ ᠬᠦᠷᠢᠶᠡᠨ᠎ᠦ 300 ᠱᠢᠬᠠᠮ ᠵᠠᠯᠠᠭᠤ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠰᠣᠨᠣᠰᠤᠨ ᠰᠤᠷᠤᠯᠴᠠᠭᠤᠯᠵᠤ᠂ ᠵᠠᠯᠠᠭᠤ ᠺᠠᠳ᠋ᠷ ᠣᠯᠠᠨ ᠲᠦᠮᠡᠨ᠎ᠦ ᠬᠦᠴᠤᠷᠭᠡᠭ ᠤᠯᠤᠰ ᠤ᠋ᠨ᠌ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠠᠬᠢᠭᠤᠯᠬᠤ ᠳᠤᠮᠳᠠ ᠵᠠᠯᠠᠭᠤ ᠨᠠᠰᠤᠨ᠎ᠤ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠬᠦ᠌᠂ ᠵᠠᠯᠠᠭᠤ ᠨᠠᠰᠤᠨ᠎ᠤ ᠴᠣᠭ ᠵᠢᠪᠬᠤᠭ᠎ᠠ᠎ᠪᠠᠨ ᠢᠯᠡᠷᠡᠭᠦᠯᠬᠦ᠌᠂ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠤᠯᠠᠮ ᠨᠢᠭᠡ ᠠᠯᠬᠤᠮ ᠬᠥᠲᠥᠯᠥᠨ ᠵᠢᠯᠣᠭᠣᠳᠴᠤ᠌ ᠤᠷᠮᠠᠱᠢᠭᠤᠯᠤᠨ ᠵᠣᠷᠢᠭ᠍ᠵᠢᠭᠤᠯᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠠᠢᠨ ᠲᠤᠷᠢᠴᠢᠨ ᠸᠠᠩ ᠱᠢᠨ᠄ 《ᠪᠥᠬᠥᠳᠡ ᠬᠤᠷᠠᠯ᠎ᠡᠴᠡ ᠪᠢᠳᠡᠨ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠭᠦᠭ᠌ᠰᠡᠨ ᠪᠥᠭᠡᠳ ᠪᠠᠰᠠ ᠮᠠᠨ᠎ᠤ ᠠᠵᠢᠯ᠎ᠳᠤ ᠱᠢᠨ᠎ᠡ ᠱᠠᠭᠠᠷᠳᠠᠯᠭ᠎ᠠ ᠳᠤᠷᠠᠳᠴᠠᠶ᠂ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠵᠣᠷᠢᠭ᠍ᠲᠠᠶ ᠪᠠᠷ ᠬᠠᠷᠢᠭᠤᠴᠠᠯᠭ᠎ᠠ ᠡᠭᠦᠷᠭᠡᠯᠡᠵᠦ᠍᠂ ᠪᠠᠷᠠᠭᠤᠨ ᠣᠷᠣᠨ᠎ᠳᠤ ᠣᠴᠢᠵᠤ᠂ ᠦᠨᠳᠦᠰᠦᠨ ᠱᠠᠲᠤᠨ᠎ᠳᠤ ᠣᠴᠢᠵᠤ᠂ ᠡᠬᠡ ᠤᠯᠤᠰ ᠪᠠ ᠠᠷᠠᠳ ᠲᠦᠮᠡᠨ᠎ᠦ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠣᠴᠢᠬᠤ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠨ᠎ᠠ᠃ ᠠᠯᠤᠰ ᠬᠡᠲᠦ᠍᠎ᠶ᠋ᠢᠨ ᠬᠦᠰᠡᠯᠡᠩ᠎ᠢ ᠪᠤᠢ ᠪᠣᠯᠭᠠᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠱᠢᠷᠭᠠᠭᠤ ᠰᠤᠷᠤᠯᠴᠠᠵᠤ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠵᠠᠯᠠᠭᠤ ᠨᠠᠰᠤ᠎ᠪᠠᠨ ᠵᠣᠷᠢᠭᠤᠯᠬᠤ᠎ᠪᠠᠷ ᠴᠢᠷᠮᠠᠢᠨ᠎ᠠ》 ᠭᠡᠵᠤ ᠬᠡᠯᠡᠪᠡ᠃

9 ᠰᠠᠷ᠎ᠠ᠎ᠶ᠋ᠢᠨ 12᠎ᠤ᠋ᠨ ᠡᠳᠦᠷ᠂ ᠬᠥᠬᠡᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠳ᠋ᠦ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠭᠤᠷᠪᠠᠳᠤᠭᠠᠷ ᠭᠠᠵᠠᠷ᠎ᠤᠨ ᠳᠠᠷᠤᠭ᠎ᠠ ᠵᠠᠩ ᠵᠧᠨ ᠨᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠨ ᠭᠤᠤᠯ ᠴᠢᠬᠤᠯᠠ ᠠᠭᠤᠯᠭ᠎ᠠ᠎ᠶ᠋ᠢ ᠣᠨᠣᠪᠴᠢᠲᠠᠶ ᠡᠵᠡᠮᠱᠢᠬᠦ᠌ ᠵᠡᠷᠭᠡ ᠲᠠᠯ᠎ᠠ᠎ᠪᠠᠷ ᠲᠠᠢᠯᠪᠤᠷᠢᠯᠠᠪᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠯᠧᠺᠲ᠋ᠣᠷ ᠨᠠᠮᠤᠭᠤᠬᠠᠨ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠨᠢᠭᠡᠳᠦᠭᠡᠷ ᠭᠢᠨᠳᠠᠨ᠎ᠤ ᠭᠤᠷᠪᠠᠳᠤᠭᠠᠷ ᠲᠡᠰ ᠤ᠋ᠨ ᠴᠠᠭ᠍ᠳᠠᠭ᠎ᠠ᠎ᠶ᠋ᠢᠨ ᠳᠠᠷᠤᠭ᠎ᠠ ᠯᠢᠦ ᠢ᠂ ᠵᠠᠯᠠᠭᠤ ᠠᠷᠠᠳ᠎ᠤᠨ ᠴᠠᠭ᠍ᠳᠠᠭ᠎ᠠ ᠨᠠᠷ ᠲᠠᠶ ᠨᠢᠭᠤᠷᠳᠠᠨ ᠰᠠᠨᠠᠯ᠎ᠢᠶᠠᠨ ᠰᠣᠯᠢᠯᠴᠠᠵᠤ ᠤᠬᠠᠭᠤᠯᠤᠨ ᠲᠠᠢᠯᠪᠤᠷᠢᠯᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠤᠯᠤᠯᠳᠠ ᠲᠦᠷᠦᠭ᠌ᠳᠡᠯ᠎ᠢᠶᠡᠨ ᠬᠤᠪᠢᠶᠠᠯᠴᠠᠪᠠ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢᠨ ᠭᠣᠣᠯ ᠰᠡᠳᠦᠪ ᠨᠢ ᠢᠯᠡ ᠲᠣᠳᠣ᠂ ᠣᠢᠯᠠᠭᠠᠮᠵᠢᠲᠠᠢ ᠪᠠᠢᠵᠤ᠂ ᠨᠠᠮ᠎ᠤᠨ ᠱᠢᠨ᠎ᠡ ᠡᠬᠦᠳᠤᠯᠳᠠ ᠵᠢᠨ ᠤᠨᠤᠯ᠎ᠢ ᠵᠠᠯᠠᠭᠤᠴᠤᠳ᠎ᠤᠨ ᠠᠵᠢᠯ᠎ᠤᠨ ᠪᠠᠢᠳᠠᠯ᠎ᠳᠤ ᠠᠭᠤᠰᠤᠯᠴᠠᠭᠤᠯᠵᠤ᠂ ᠤᠯᠠᠨ ᠲᠦᠮᠡᠨ᠎ᠲᠡᠶ ᠤᠢ᠍ᠢᠷᠠᠳᠤᠭ᠍ᠰᠠᠨ ᠪᠥᠭᠡᠳ ᠬᠠᠢᠷ᠎ᠠ ᠬᠠᠯᠠᠮᠵᠢ᠎ᠲᠠᠶ ᠪᠣᠯᠭᠠᠪᠠ᠃

ᠬᠥᠬᠡᠬᠣᠲᠠ᠎ᠶ᠋ᠢᠨ ᠬᠢᠯᠢ᠎ᠪᠡᠷ ᠤᠷᠤᠵᠤ ᠭᠠᠷᠬᠤ ᠬᠢᠯᠢ᠎ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠵᠢᠨ ᠵᠢᠵᠢᠭᠦᠷᠯᠡᠬᠦ᠌ ᠬᠣᠶᠠᠳᠤᠭᠠᠷ ᠠᠩᠭᠢ᠎ᠶ᠋ᠢᠨ ᠨᠢᠭᠡᠳᠦᠭᠡᠷ ᠳᠡᠰ᠎ᠤᠨ ᠴᠠᠭ᠍ᠳᠠᠭ᠎ᠠ ᠵᠣᠣ ᠯᠦ᠍ ᠺᠧ᠄ 《ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠡᠮᠦᠨ᠎ᠡ ᠹᠷᠣᠨᠲ᠎ᠢ ᠪᠠᠲᠤ ᠰᠠᠬᠢᠵᠤ ᠪᠠᠢᠭ᠎ᠠ ᠵᠠᠯᠠᠭᠤ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠳᠤᠮᠳᠠ ᠵᠢᠳᠬᠦᠯ ᠴᠢᠷᠮᠠᠢᠯᠭ᠎ᠠ ᠭᠠᠷᠭᠠᠵᠤ᠂ ᠡᠭᠦᠷᠭᠡᠯᠡᠯ᠎ᠢᠶᠡᠨ ᠢᠯᠡᠷᠡᠭᠦᠯᠵᠦ᠍᠂ ᠲᠤᠬᠠᠢᠯᠠᠭ᠍ᠰᠠᠨ ᠠᠵᠢᠯ᠎ᠤᠨ ᠮᠡᠳᠡᠯᠭᠡ᠎ᠪᠡᠨ ᠰᠠᠢᠲᠤᠷ ᠰᠤᠷᠤᠯᠴᠠᠵᠤ ᠰᠠᠢᠳᠤᠷ ᠭᠡᠷᠡᠭᠯᠡᠵᠤ᠂ ᠴᠠᠭᠠᠷᠠᠭ᠍ᠰᠠᠨ ᠡᠷᠳᠡᠮ ᠴᠢᠳᠠᠪᠤᠷᠢ᠎ᠪᠠᠨ ᠡᠷᠡᠰ ᠳᠠᠪᠲᠠᠨ ᠪᠣᠯᠪᠠᠰᠤᠷᠠᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠢᠳᠡᠪᠬᠢᠲᠡᠶ ᠱᠢᠨᠡᠴᠢᠯᠡᠵᠦ᠍᠂ ᠬᠢᠯᠢ᠎ᠪᠡᠷ ᠤᠷᠤᠵᠤ ᠭᠠᠷᠬᠤ ᠦᠨᠡᠮᠯᠡᠯ ᠪᠦᠬᠦᠨ᠎ᠢ ᠪᠠᠢᠴᠠᠭᠠᠨ ᠱᠢᠯᠭᠠᠬᠤ ᠪᠠ ᠪᠢᠴᠢᠵᠦ᠍ ᠣᠷᠣᠭᠤᠯᠬᠤ᠎ᠶ᠋ᠢ ᠴᠢᠨᠠᠷ ᠰᠠᠢᠲᠠᠶ ᠪᠡᠶᠡᠯᠡᠭᠦᠯᠵᠦ᠍᠂ ᠬᠢᠯᠢ᠎ᠪᠡᠷ ᠤᠷᠤᠵᠤ ᠭᠠᠷᠬᠤ ᠠᠶᠠᠨᠴᠢᠨ ᠨᠢᠭᠡ ᠪᠦᠷᠢ᠎ᠶ᠋ᠢᠨ ᠬᠦᠰᠡᠯ ᠡᠷᠡᠮᠡᠯᠵᠡᠯ ᠪᠠ ᠱᠠᠭᠠᠷᠳᠠᠯᠭ᠎ᠠ᠎ᠳᠤ ᠥᠨᠳᠥᠷ ᠪᠦᠲᠦᠮᠵᠢᠲᠡᠶ᠎ᠪᠡᠷ ᠬᠠᠷᠢᠭᠤᠯᠲᠠ ᠥᠭ᠌ᠴᠦ᠂ 〈ᠤᠯᠤᠰ᠎ᠤᠨ ᠡᠭᠦᠳᠡ ᠵᠢ ᠰᠠᠬᠢᠨ ᠬᠠᠮᠠᠭᠠᠯᠠᠬᠤ ᠳ᠋ᠤ ᠪᠢ ᠪᠤᠢ〉᠂ 〈ᠤᠮᠠᠷᠠᠲᠤ ᠬᠢᠯᠢ᠎ᠳᠦ ᠪᠢ ᠪᠤᠢ〉 ᠭᠡᠬᠦ ᠵᠠᠯᠠᠭᠤ ᠨᠠᠰᠤᠨ᠎ᠤ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠨ᠎ᠡ》 ᠭᠡᠵᠤ ᠬᠡᠯᠡᠪᠡ᠃

9 ᠰᠠᠷ᠎ᠠ᠎ᠶ᠋ᠢᠨ 14᠎ᠤ᠋ ᠡᠳᠦᠷ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠲᠠᠰᠤᠭ᠎ᠤᠨ ᠳᠡᠳ᠋ ᠫᠷᠤᠹᠧᠰᠰᠤᠷ᠂ ᠠᠰᠫᠢᠷᠠᠨᠲ᠎ᠤᠨ ᠬᠡᠯᠲᠡᠰ᠎ᠦᠨ ᠳᠡᠳ᠋ ᠡᠷᠬᠢᠯᠡᠭ᠌ᠴᠢ ᠵᠠᠩ ᠷᠦ᠋ ᠤᠯᠠᠭᠠᠨᠬᠠᠳᠠ ᠳᠡᠭᠡᠳᠦ ᠰᠤᠷᠭᠠᠭᠤᠯᠢ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠡᠪ ᠬᠠᠮᠳᠤ ᠵᠠᠯᠠᠭᠤᠴᠤᠳ ᠤ᠋ᠨ ᠡᠪᠯᠡᠯ ᠤ᠋ᠨ ᠬᠤᠳᠠ ᠵᠢᠨ ᠬᠤᠷᠢᠶ᠎ᠠ᠂ ᠬᠤᠲᠠ᠎ᠶ᠋ᠢᠨ ᠵᠠᠯᠠᠭᠤᠴᠤᠳ ᠪᠠᠭᠠᠴᠤᠳ᠎ᠤᠨ ᠣᠷᠳᠣᠨ᠎ᠤ ᠪᠦᠬᠦ᠌ ᠺᠠᠳ᠋ᠷ᠂ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠢᠨ ᠪᠠᠢᠭᠤᠯᠭ᠎ᠠ᠎ᠶ᠋ᠢᠨ ᠪᠦᠬᠦ᠌ ᠠᠵᠢᠯᠲᠠᠨ᠂ ᠰᠤᠷᠤᠭ᠍ᠴᠢ ᠵᠢᠨ ᠲᠥᠯᠥᠭᠡᠯᠡᠭ᠌ᠴᠢ ᠵᠡᠷᠭᠡ 100 ᠭᠠᠷᠤᠢ ᠬᠥᠮᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠠᠢ᠃

ᠤᠬᠠᠭᠤᠯᠤᠨ ᠲᠠᠢᠯᠪᠤᠷᠢᠯᠠᠬᠤ ᠳᠤᠮᠳᠠ ᠵᠠᠩ ᠷᠦ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠭᠣᠣᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠡᠷᠭᠡ ᠲᠠᠯ᠎ᠠ᠎ᠪᠠᠷ ᠭᠦᠨᠵᠡᠭᠡᠢ ᠲᠠᠨᠢᠯᠳᠠ ᠲᠠᠢ ᠪᠤᠯᠬᠤ ᠵᠢᠨ ᠲᠤᠭᠤᠷᠢᠨ ᠳ᠋ᠤ ᠤᠬᠠᠭᠤᠯᠤᠨ ᠲᠠᠢᠯᠪᠤᠷᠢᠯᠠᠪᠠ᠃

《ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠮᠡᠷᠭᠡᠵᠢᠯ᠎ᠤᠨ ᠴᠢᠭᠯᠡᠯ᠎ᠤᠨ ᠣᠶᠤᠲᠠᠨ ᠪᠣᠯᠤᠭ᠍ᠰᠠᠨ᠎ᠤ ᠬᠤᠪᠢ᠎ᠳᠤ᠂ ᠪᠢ ᠨᠡᠩ ᠢᠯᠡᠭᠦᠦ ᠴᠢᠷᠮᠠᠢᠨ ᠰᠤᠷᠤᠯᠴᠠᠵᠤ᠂ ᠲᠤᠰᠭᠠᠢ ᠮᠡᠷᠭᠡᠵᠢᠯ᠎ᠦᠨ ᠮᠡᠳᠡᠯᠭᠡ᠎ᠪᠡᠨ ᠳᠡᠭᠡᠭ᠌ᠰᠢᠯᠡᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠ ᠵᠠᠯᠠᠭᠤᠴᠤᠳ᠎ᠤᠨ ᠱᠢᠨ᠎ᠡ ᠵᠢᠳᠬᠦᠯ ᠴᠢᠷᠮᠠᠢᠯᠭ᠎ᠠ᠂ ᠱᠢᠨ᠎ᠡ ᠡᠭᠦᠷᠭᠡᠯᠡᠯ᠎ᠢ ᠢᠯᠡᠷᠡᠭᠦᠯᠤᠨ᠎ᠠ》 ᠭᠡᠵᠤ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠦ᠋ ᠮᠧᠢ ᠯᠢᠩ ᠬᠡᠯᠡᠪᠡ᠃

(ᠰᠤᠷᠪᠤᠯᠵᠢᠯᠠᠭ᠍ᠴᠢ  ᠬᠤᠤ ᠪᠢᠶᠤᠤ   ᠭᠤᠤ ᠮᠢᠨ ᠨᠠ   ᠱᠢᠤᠢ ᠵᠢᠩ   ᠯᠢ ᠱᠢᠤᠸᠠᠢ ᠶᠣᠣ     ᠱᠢᠤᠢ ᠶᠤᠸᠠᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号