《ᠣᠷᠳᠣᠰ ᠬᠤᠷᠢᠮ ᠤ᠋ᠨ ᠶᠣᠰᠣᠯᠠᠯ ᠢ᠋ ᠤᠯᠠᠮᠵᠢᠯᠠᠬᠤ ᠭᠠᠵᠠᠷ》 ᠪᠠᠢᠭᠤᠯᠤᠭᠳᠠᠯ᠎ᠠ
2024-09-23 11:00:49
ᠵᠣᠬᠢᠶᠠᠭ᠍ᠴᠢ᠄
​ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠤᠷᠳᠤᠰ ᠬᠤᠲᠠ ᠵᠢᠨ ᠬᠠᠩᠭᠢᠨ ᠬᠣᠰᠢᠭᠤᠨ ᠤ᠋ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠳᠦᠷᠦᠯ ᠵᠦᠢᠯ ᠪᠣᠯᠬᠤ 《ᠣᠷᠳᠣᠰ ᠬᠤᠷᠢᠮ ᠤ᠋ᠨ ᠶᠣᠰᠣᠯᠠᠯ ᠢ᠋ ᠤᠯᠠᠮᠵᠢᠯᠠᠬᠤ ᠭᠠᠵᠠᠷ》 ᠶᠡᠬᠡᠤ᠋ᠰᠤ ᠰᠤᠮᠤᠨ ᠳ᠋ᠤ ᠪᠠᠢᠭᠤᠯᠤᠭᠳᠠᠪᠠ᠃

ᠤᠢᠯᠠᠭᠠᠭᠰᠠᠨ ᠶ᠋ᠢᠡᠷ᠂ ᠣᠷᠳᠣᠰ ᠬᠤᠷᠢᠮ ᠤ᠋ᠨ ᠶᠣᠰᠣᠯᠠᠯ ᠢ᠋ 2006 ᠣᠨ ᠤ᠋ 5 ᠰᠠᠷ᠎ᠠ ᠳ᠋ᠤ ᠳᠦᠷᠦᠭᠦᠦ ᠪᠦᠯᠦᠭ᠎ᠤᠨ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠷᠥᠯ ᠵᠦᠢᠯ ᠪᠤᠯᠵᠠᠢ᠃ ᠣᠷᠳᠣᠰ ᠬᠤᠷᠢᠮ ᠤ᠋ᠨ ᠶᠣᠰᠣᠯᠠᠯ 700 ᠭᠠᠷᠤᠢ ᠵᠢᠯ ᠤ᠋ᠨ ᠤᠯᠠᠮᠵᠢᠯᠠᠯ ᠶ᠋ᠢᠡᠷ ᠳᠡᠮᠵᠢᠨ᠂ ᠣᠲᠣ᠌ ᠨᠢᠭᠡᠨᠲᠡ ᠳᠤᠮᠳᠠᠳᠤ ᠶ᠋ᠢᠨ ᠦᠨᠳᠦᠰᠦᠲᠡᠨ ᠤ᠋ ᠡᠷᠲᠡᠨ ᠤ᠋ ᠰᠣᠶᠣᠯ ᠤ᠋ᠨ ᠨᠢᠭᠡ ᠬᠡᠰᠡᠭ ᠪᠣᠯᠪᠠ᠃ ᠬᠠᠩᠭᠢᠨ ᠬᠣᠰᠢᠭᠤ ᠣᠷᠳᠣᠰ ᠬᠤᠷᠢᠮ ᠤ᠋ᠨ ᠶᠣᠰᠣᠯᠠᠯ ᠤ᠋ᠨ ᠠᠯᠬᠤᠮ ᠳᠠᠷᠠᠭ᠎ᠠ ᠵᠢ ᠨᠡᠯᠢᠶᠡᠳ ᠪᠦᠷᠢᠨ ᠪᠦᠲᠦᠨ ᠬᠠᠳᠠᠭᠠᠯᠠᠭᠰᠠᠭᠠᠷ ᠢᠷᠡᠭᠰᠡᠨ ᠪᠥᠭᠡᠳ ᠲᠡᠭᠦᠨ ᠢ᠋ ᠳᠠᠭᠤᠤ ᠪᠥᠵᠢᠭᠳᠤ ᠵᠠᠩ ᠦᠢᠯᠡ ᠶ᠋ᠢᠨ ᠰᠣᠶᠣᠯ ᠪᠣᠯᠭᠠᠨ ᠬᠥᠭᠵᠢᠭᠦᠯᠦᠭᠰᠡᠭᠡᠷ ᠢᠷᠡᠵᠡᠢ᠃ ᠶᠡᠬᠡᠤ᠋ᠰᠤ ᠰᠤᠮᠤ ᠤᠤᠯ ᠡᠴᠠ ᠪᠠᠨ 《ᠪᠣᠳᠠᠰ ᠤ᠋ᠨ ᠪᠤᠰᠤ ᠰᠣᠶᠣᠯ ᠤ᠋ᠨ ᠵᠢᠵᠢᠭ ᠪᠠᠯᠭᠠᠰᠤ》 ᠬᠡᠮᠡᠭᠳᠡᠵᠦ᠂ ᠣᠷᠳᠣᠰ ᠬᠤᠷᠢᠮ ᠤ᠋ᠨ ᠶᠣᠰᠣᠯᠠᠯ ᠢ᠋ ᠬᠥᠭᠵᠢᠭᠦᠯᠬᠦ ᠪᠠ ᠤᠯᠠᠮᠵᠢᠯᠠᠬᠤ ᠰᠣᠶᠣᠯ ᠤ᠋ᠨ ᠰᠠᠭᠤᠷᠢ ᠵᠢ ᠵᠤᠵᠠᠭᠠᠷᠠᠭᠤᠯᠤᠨ᠂ ᠭᠠᠵᠠᠷ ᠣᠷᠣᠨ ᠤ᠋ ᠰᠣᠶᠣᠯ ᠤ᠋ᠨ ᠣᠨᠴᠠᠯᠢᠭ᠋ ᠶ᠋ᠢᠡᠨ ᠭᠦᠢᠴᠡᠳ ᠪᠠᠳᠠᠷᠠᠭᠤᠯᠵᠤ᠂ ᠣᠷᠳᠣᠰ ᠬᠤᠷᠢᠮ ᠤ᠋ᠨ ᠶᠣᠰᠣᠯᠠᠯ ᠤ᠋ᠨ ᠰᠣᠶᠣᠯ ᠢ᠋ ᠭᠦᠨᠵᠡᠭᠡᠢ ᠠᠭᠤᠳᠠᠯᠵᠤ᠂ ᠰᠤᠳᠤᠯᠤᠨ ᠰᠤᠷᠤᠯᠴᠠᠵᠤ᠂ ᠰᠣᠶᠣᠯ ᠤ᠋ᠨ ᠢᠲᠡᠭᠡᠯ ᠶ᠋ᠢᠡᠷ ᠥᠪᠡᠷ ᠢ᠋ ᠪᠡᠨ ᠬᠦᠴᠦᠷᠬᠡᠭᠵᠢᠭᠦᠯᠬᠦ ᠵᠢ ᠲᠠᠰᠤᠷᠠᠯᠲᠠ ᠦᠭᠡᠢ ᠠᠬᠢᠭᠤᠯᠤᠨ᠂ ᠭᠠᠵᠠᠷ ᠣᠷᠣᠨ ᠤ᠋ ᠰᠣᠶᠣᠯ ᠤ᠋ᠨ ᠴᠢᠨᠠᠷ  ᠰᠠᠢᠲᠠᠢ  ᠬᠥᠭᠵᠢᠯᠲᠡ ᠳ᠋ᠤ ᠬᠦᠴᠦᠨ ᠨᠡᠮᠡᠷᠢᠯᠡᠭᠰᠡᠭᠡᠷ ᠢᠷᠡᠵᠡᠢ᠃

《ᠣᠷᠳᠣᠰ ᠬᠤᠷᠢᠮ ᠤ᠋ᠨ ᠶᠣᠰᠣᠯᠠᠯ᠎ᠢ ᠤᠯᠠᠮᠵᠢᠯᠠᠬᠤ ᠭᠠᠵᠠᠷ》 ᠪᠠᠢᠭᠤᠯᠤᠭᠳᠠᠭᠰᠠᠨ ᠨᠢ ᠣᠷᠳᠣᠰ ᠬᠤᠷᠢᠮ ᠤ᠋ᠨ ᠶᠣᠰᠣᠯᠠᠯ ᠰᠢᠨ᠎ᠡ ᠬᠦᠭᠵᠢᠯᠳᠡ ᠶ᠋ᠢᠨ ᠴᠠᠭ ᠦᠶ᠎ᠡ ᠳ᠋ᠦ ᠣᠷᠣᠭᠰᠠᠨ ᠢ᠋ ᠬᠠᠷᠠᠭᠤᠯᠵᠤ᠂ ᠬᠠᠩᠭᠢᠨ ᠬᠣᠰᠢᠭᠤᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠬᠤ ᠬᠠᠮᠠᠭᠠᠯᠠᠬᠤ ᠬᠥᠭᠵᠢᠭᠦᠯᠬᠦ ᠳ᠋ᠤ ᠰᠢᠨ᠎ᠡ ᠠᠵᠠ ᠲᠣᠬᠢᠶᠠᠯ  ᠣᠯᠭᠣᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号