9 ᠰᠠᠷ᠎ᠠ᠎ᠶ᠋ᠢᠨ 25᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶ᠎ᠡ ᠪᠣᠯᠤᠨ ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠬᠠᠮᠲᠤᠷᠠᠨ ᠡᠷᠬᠢᠯᠡᠭ᠌ᠰᠡᠨ ᠳᠡᠯᠡᠬᠡᠢ᠎ᠶ᠋ᠢᠨ ᠰᠣᠶᠣᠯ᠎ᠤᠨ ᠥᠪ ᠪᠤᠯᠬᠤ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶ᠋ᠢ ᠬᠠᠮᠠᠭᠠᠯᠠᠨ ᠠᠱᠢᠭ᠍ᠯᠠᠬᠤ ᠲᠤᠬᠠᠢ ᠶᠠᠷᠢᠯᠴᠠᠬᠤ ᠬᠤᠷᠠᠯ ᠱᠢᠯᠤᠭᠤᠨ ᠬᠦᠬᠡ ᠬᠣᠱᠢᠭᠤᠨ᠎ᠳᠤ ᠬᠤᠷᠠᠯᠳᠤᠪᠠ᠃
ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠾᠸᠪᠸᠢ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ ᠵᠡᠷᠭᠡ ᠣᠷᠣᠨ᠎ᠤ ᠳᠣᠲᠣᠨ᠎ᠠ ᠭᠠᠳᠠᠨᠠᠬᠢ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠪᠠᠢᠭᠤᠯᠤᠮᠵᠢ ᠪᠣᠯᠤᠨ ᠶᠡᠬᠡ ᠳᠡᠭᠡᠳᠦ ᠰᠤᠷᠭᠠᠭᠤᠯᠢ᠎ᠶ᠋ᠢᠨ 10 ᠭᠠᠷᠤᠢ ᠲᠤᠰᠭᠠᠢ ᠮᠡᠷᠭᠡᠵᠢᠯᠲᠡᠨ ᠡᠷᠳᠡᠮᠲᠡᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠳᠤ ᠬᠠᠭᠤᠴᠢ ᠰᠤᠳᠤᠯᠤᠯᠬᠢᠬᠦ᠂ ᠬᠠᠮᠠᠭᠠᠯᠠᠨ ᠠᠱᠢᠭ᠍ᠯᠠᠬᠤ᠂ ᠲᠠᠢᠯᠪᠤᠷᠢᠯᠠᠨ ᠤᠬᠠᠭᠤᠯᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ》 ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠰᠣᠯᠢᠯᠴᠠᠭ᠎ᠠ ᠬᠢᠵᠡᠢ᠃ ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭ᠍ᠰᠠᠳ ᠪᠠᠰᠠ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠂ ᠱᠢᠯᠢ᠎ᠶ᠋ᠢᠨ ᠭᠣᠣᠯ ᠠᠢᠮᠠᠭ᠎ᠤᠨ ᠰᠣᠶᠣᠯ᠎ᠤᠨ ᠥᠪ᠎ᠦᠨ ᠮᠦᠽᠧᠢ ᠪᠣᠯᠤᠨ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶ᠋ᠢᠨ ᠵᠢᠭᠤᠯᠴᠢᠯᠠᠭᠰᠠᠳ᠎ᠤᠨ ᠲᠥᠪ᠎ᠲᠦ ᠬᠦᠷᠴᠦ᠍ ᠪᠠᠢᠴᠠᠭᠠᠨ ᠰᠤᠳᠤᠯᠤᠯᠲᠠ ᠬᠢᠭ᠌ᠰᠡᠨ ᠪᠥᠭᠡᠳ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶ᠋ᠢ ᠬᠠᠮᠠᠭᠠᠯᠠᠵᠤ ᠠᠱᠢᠭ᠍ᠯᠠᠵᠤ ᠪᠠᠢᠭ᠎ᠠ ᠪᠠᠢᠳᠠᠯ᠎ᠢ ᠨᠠᠷᠢᠨ ᠣᠢᠯᠠᠭᠠᠪᠠ᠃
ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ ᠱᠢᠯᠢ᠎ᠶ᠋ᠢᠨ ᠭᠣᠣᠯ ᠠᠢᠮᠠᠭ᠎ᠤᠨ ᠱᠢᠯᠤᠭᠤᠨ ᠬᠦᠬᠡ ᠬᠣᠱᠢᠭᠤᠨ᠎ᠤ ᠱᠠᠩᠳᠤ ᠪᠠᠯᠭᠠᠰᠤᠨ ᠡᠴᠡ ᠵᠡᠭᠦᠨ ᠬᠤᠢᠨ᠎ᠠ ᠪᠠᠢᠭ᠎ᠠ ᠠᠯᠳᠠᠡᠭᠬᠣᠠ ᠵᠢᠨ ᠲᠠᠯ᠎ᠠ᠎ᠳᠤ ᠪᠠᠢᠷᠢᠯᠠᠵᠤ ᠪᠠᠢᠳᠠᠭ᠃ 2012 ᠣᠨ᠎ᠤ 6 ᠰᠠᠷ᠎ᠠ᠎ᠶ᠋ᠢᠨ 29᠎ᠤ᠋ ᠡᠳᠦᠷ 《ᠳᠡᠯᠡᠬᠡᠶ᠎ᠶ᠋ᠢᠨ ᠰᠣᠶᠣᠯ᠎ᠤᠨ ᠥᠪ᠎ᠦᠨ ᠨᠡᠷᠡᠰ᠎ᠦᠨ ᠵᠢᠭ᠍ᠰᠠᠭᠠᠯᠲᠠ》᠎ᠳ᠋ᠤ ᠪᠦᠷᠢᠤᠨᠬᠡᠭᠳᠠᠵᠤ᠂ ᠮᠠᠨ᠎ᠤ ᠣᠷᠣᠨ᠎ᠤ ᠴᠣᠷᠢ ᠵᠢᠨ ᠭᠠᠭ᠍ᠴᠠ ᠳᠡᠯᠡᠬᠡᠶ᠎ᠶ᠋ᠢᠨ ᠰᠣᠶᠣᠯ᠎ᠤᠨ ᠥᠪ ᠪᠤᠯᠬᠤ ᠪᠦᠭᠡᠳ ᠤᠯᠤᠰ᠎ᠤᠨ ᠲᠠᠰ᠎ᠤᠨ ᠭᠤᠤᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ ᠪᠣᠯᠤᠨ᠎ᠠ᠃ ᠲᠡᠷᠡ ᠨᠢ ᠪᠠᠰᠠ ᠴᠤ᠌ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠤᠯᠬᠤ ᠶᠤᠮ᠃ ᠶᠤᠸᠠᠨ᠎ᠤ ᠲᠡᠭᠡᠳᠤ ᠨᠡᠢᠰᠯᠡᠯ᠎ᠤᠨ ᠪᠠᠭᠤᠷᠢ 13 ᠳ᠋ᠤᠭᠠᠷ ᠵᠠᠭᠤᠨ ᠡᠴᠡ 14 ᠳ᠋ᠤᠭᠡᠷ ᠵᠠᠭᠤᠨ᠎ᠤ ᠳᠤᠮᠳᠠᠳᠤ ᠤᠯᠤᠰ᠎ᠤᠨ ᠡᠷᠲᠡᠨ᠎ᠦ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠠᠨ ᠦᠨᠳᠦᠰᠦᠲᠡᠨ ᠲᠡᠶ ᠤᠯᠤᠰᠪᠤᠯᠵᠦ ᠪᠦᠷᠢᠯᠳᠦᠨ ᠬᠥᠭ᠌ᠵᠢᠭᠰᠡᠨ ᠲᠡᠤᠬᠡᠨ ᠶᠠᠪᠤᠴᠠ ᠵᠢ ᠭᠡᠷᠡᠴᠢᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ ᠪᠣᠯᠵᠤ ᠪᠠᠢᠵᠠᠢ᠃
ᠥᠪᠡᠷᠲᠡᠭᠡᠨ ᠵᠠᠰᠠᠬᠤ ᠣᠷᠣᠨ ᠪᠣᠯᠤᠨ ᠱᠢᠯᠢ᠎ᠶ᠋ᠢᠨ ᠭᠣᠣᠯ ᠠᠢᠮᠠᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠳ ᠲᠤᠰ ᠤᠳᠠᠭᠠᠨ᠎ᠤ ᠶᠠᠷᠢᠯᠴᠠᠬᠤ ᠬᠤᠷᠠᠯ᠎ᠳᠤ ᠣᠷᠣᠯᠴᠠᠵᠠᠢ᠃