ᠥᠪᠡᠷᠲᠡᠭᠡᠨ ᠵᠠᠰᠠᠬᠤ ᠣᠷᠣᠨ᠎ᠤ 《ᠣᠨᠣᠯ᠎ᠤᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ》᠎ᠤ᠋ᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠥᠷᠪᠡᠳᠦᠭᠡᠷ ᠪᠠᠭ᠎ᠠ ᠬᠤᠪᠢᠶᠠᠷᠢ ᠠᠩᠭᠢ ᠪᠠᠶᠠᠨᠨᠠᠭᠤᠷ ᠬᠣᠲᠠ ᠦᠬᠠᠶ ᠬᠣᠲᠠ ᠠᠯᠠᠱᠠ ᠠᠢᠮᠠᠭ᠎ᠲᠤ ᠤᠬᠠᠭᠤᠯᠤᠨ ᠲᠠᠢᠯᠪᠤᠷᠢᠯᠠᠪᠠ
2024-09-29 10:12:03
ᠵᠣᠬᠢᠶᠠᠭ᠍ᠴᠢ᠄
​ᠪᠥᠸᠧ᠎ᠶ᠋ᠢᠨ ᠹᠸᠩ ᠬᠤᠤ ᠪᠢᠶᠤᠤ ᠯᠢᠦ ᠬᠣᠩ ᠵᠠᠩ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠷᠭᠦᠯᠵᠢᠯᠡᠨ ᠭᠠᠷᠭᠠᠵᠦ᠂ ᠦᠨᠳᠦᠰᠦᠨ ᠱᠠᠲᠤᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠥᠨ ᠳᠠᠭᠠᠭᠤᠯᠵᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠠᠮ ᠳᠡᠭᠡᠷ᠎ᠡ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠨ ᠲᠠᠬᠢᠨ ᠱᠢᠨ᠎ᠡ ᠭᠠᠪᠢᠶ᠎ᠠ ᠪᠠᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠣᠨᠣᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》 ᠎ᠤ᠋ᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠪᠠᠢᠭᠤᠯᠵᠤ᠂ ᠡᠯ᠎ᠡ ᠠᠢᠮᠠᠭ ᠬᠤᠳᠠ᠎ᠳᠤ ᠭᠦᠨᠵᠡᠭᠡᠢᠷᠡᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠠᠨᠳᠤᠭᠤᠯᠤᠨ ᠤᠯᠠᠨ ᠲᠦᠮᠡᠨᠴᠢᠯᠡᠭᠰᠡᠨ᠂ ᠬᠤᠷᠱᠢᠯᠴᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

9 ᠰᠠᠷ᠎ᠠ᠎ᠶ᠋ᠢᠨ 23 ᠡᠴᠡ 26 ᠎ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠥᠷᠪᠡᠳᠦᠭᠡᠷ ᠪᠠᠭ᠎ᠠ ᠬᠤᠪᠢᠶᠠᠷᠢ ᠠᠩᠭᠢ ᠪᠠᠶᠠᠨᠨᠠᠭᠤᠷ ᠬᠣᠲᠠ᠂ ᠦᠬᠠᠶ ᠬᠣᠲᠠ ᠪᠣᠯᠤᠨ ᠠᠯᠠᠱᠠ ᠠᠢᠮᠠᠭ᠎ᠲᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠪᠠᠶᠠᠨᠨᠠᠭᠤᠷ ᠬᠣᠲᠠ᠎ᠳᠤ᠂ ᠪᠠᠭ᠎ᠠ ᠬᠤᠪᠢᠶᠠᠷᠢ ᠠᠩᠭᠢ ᠵᠢᠨ ᠬᠢᠨ ᠤᠷᠢᠳ ᠬᠣᠵᠢᠳ ᠦᠶᠤᠸᠠᠨ ᠱᠢᠶᠠᠨ᠎ᠤ ᠲᠩᠷᠢᠲᠡᠢ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠳᠤ ᠬᠦᠷᠴᠦ᠍ ᠺᠠᠳ᠋ᠷ ᠪᠣᠯᠤᠨ ᠣᠯᠠᠨ ᠲᠦᠮᠡᠨ᠎ᠦ ᠲᠥᠯᠥᠭᠡᠯᠡᠭ᠌ᠴᠢᠳ᠎ᠲᠤ ᠤᠬᠠᠭᠤᠯᠤᠨ ᠲᠠᠢᠯᠪᠤᠷᠢᠯᠠᠪᠠ᠃ ᠭᠤᠤ ᠯᠸᠢ᠂ ᠨᠠᠷᠠᠨᠴᠡᠴᠡᠭ᠂ ᠯᠦ᠍᠎ᠶ᠋ᠢᠨ ᠵᠦ᠍᠂ ᠱᠢᠤᠢ ᠮᠢᠨ ᠨᠠ᠂ ᠤᠶᠤᠨ᠂ ᠯᠢᠦᠶ ᠴᠢᠶᠠᠨ 6 ᠤᠬᠠᠭᠤᠯᠤᠨ ᠲᠠᠢᠯᠪᠤᠷᠢᠯᠠᠭ᠍ᠴᠢ᠂ ᠲᠣᠰ ᠲᠣᠰ《ᠮᠡᠷᠭᠡᠵᠢᠯ ᠴᠢᠳᠠᠪᠤᠷᠢ᠎ᠪᠠᠷ ᠬᠦᠰᠡᠯ᠎ᠢᠶᠡᠨ ᠳᠡᠷᠭᠡᠯᠰᠢᠭᠦᠯᠵᠦ᠂ ᠢᠷᠡᠭᠡᠳᠦᠢ ᠪᠠᠨ ᠭᠡᠷᠡᠯᠲᠦᠭᠦᠯᠦᠶ᠎ᠡ》᠂ 《ᠬᠤᠤᠰ ᠴᠢᠭ᠌ᠯᠡᠯ᠎ᠢᠶᠡᠷ ᠤᠷᠤᠬᠰᠢᠯᠠᠵᠦ ᠵᠠᠯᠠᠭᠤ ᠨᠠᠰᠤᠨ᠎ᠤ ᠪᠣᠯᠵᠣᠭ᠎ᠠ ᠲᠡᠢᠰᠢ ᠲᠡᠮᠡᠦᠯᠡᠶ᠎ᠡ》᠂ 《ᠲᠠᠢᠵᠢ᠎ᠶ᠋ᠢᠨ ᠠᠢᠯ ᠲᠣᠰᠭᠣᠨ᠎ᠤ ᠬᠠᠭᠤᠴᠢᠨ ᠳᠦᠷᠰᠦ ᠪᠠᠢᠳᠠᠯ᠎ᠢ ᠱᠢᠨᠡᠳᠭᠡᠭ᠌ᠰᠡᠨ 〈ᠭᠤᠷᠪᠠᠨ ᠨᠢᠭᠤᠴᠠ ᠨᠣᠮᠧᠷ〉》᠂ 《ᠠᠷᠠᠳ ᠢᠷᠭᠡᠳ ᠡᠷᠡᠭᠦᠯ ᠮᠡᠨᠳᠦ ᠪᠠᠢᠪᠠᠯ ᠵᠣᠯ ᠵᠢᠷᠭᠠᠯ ᠪᠠᠲᠤᠯᠠᠭ᠎ᠠ ᠲᠠᠢ》᠂ 《ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠥᠨᠢᠳᠡ ᠳᠡᠯᠭᠡᠷᠡᠭᠦᠯᠤᠶ᠎ᠠ》᠂ 《ᠤᠯᠠᠭᠠᠨᠰᠤᠬᠠᠢ ᠭᠡᠬᠦ᠌ ᠡᠨᠡ ᠬᠦ᠌ 〈ᠪᠣᠭᠣᠮᠲᠠ᠎ᠶ᠋ᠢᠨ ᠭᠠᠳᠠᠨᠠᠬᠢ ᠭᠡᠷᠡᠯᠲᠦ ᠰᠤᠪᠤᠳ〉 ᠎ᠢ᠋ ᠰᠠᠢᠲᠤᠷ ᠰᠠᠬᠢᠨ ᠬᠠᠮᠠᠭᠠᠯᠠᠶ᠎ᠠ》 ᠭᠡᠬᠦ᠌ ᠰᠡᠳᠦᠪ ᠵᠢᠡᠷ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠦ ᠬᠠᠯᠠᠮᠵᠢᠯᠠᠵᠤ ᠪᠠᠢᠭ᠎ᠠ ᠶᠠᠪᠤᠳᠠᠯ ᠠᠩᠬᠠᠷᠴᠤ᠌ ᠪᠠᠢᠭ᠎ᠠ ᠶᠠᠪᠤᠳᠠᠯ᠎ᠠᠴᠠ ᠭᠠᠷᠳᠠᠵᠤ᠂ ᠥᠪᠡᠷ᠎ᠦᠨ ᠤᠴᠠᠷᠠᠯ᠂ ᠳᠡᠷᠭᠡᠳᠡᠬᠢ ᠶᠠᠪᠤᠳᠠᠯ ᠵᠢᠡᠷ ᠵᠢᠡᠨ ᠱᠢᠨ᠎ᠡ ᠴᠠᠭ ᠦᠶ᠎ᠡ᠎ᠡᠴᠡ ᠨᠠᠭᠠᠱᠢᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭ᠌ᠰᠡᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠲᠠ ᠬᠤᠷᠠᠯ᠎ᠠᠴᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭᠰᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠭᠰᠡᠨ ᠲᠤᠬᠠᠢ ᠶᠠᠷᠢᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠠᠴᠢᠯᠠᠨ ᠲᠠᠯᠠᠷᠬᠠᠵᠤ ᠡᠷᠡᠮᠡᠬᠡᠢᠯᠡᠨ ᠤᠷᠤᠭᠰᠢᠯᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌ ᠳᠤᠮᠳᠠ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭᠯᠡᠬᠦ ᠵᠢ ᠵᠤᠷᠢᠭᠵᠢᠭᠤᠯᠪᠠ᠃

ᠦᠬᠠᠶ ᠬᠣᠲᠠ᠎ᠳᠤ᠂ ᠤᠬᠠᠭᠤᠯᠤᠨ ᠲᠠᠢᠯᠪᠤᠷᠢᠯᠠᠭ᠍ᠴᠢᠳ ᠲᠣᠰ ᠬᠣᠲᠠ᠎ᠶ᠋ᠢᠨ 《ᠬᠤᠯᠢᠮᠠᠭ ᠦᠮᠴᠢᠯᠡᠯ᠎ᠤᠨ ᠠᠵᠦ ᠠᠬᠤᠢᠯᠠᠯ᠂ ᠨᠡᠢᠲᠡ᠎ᠶᠢᠨ ᠦᠮᠴᠢᠯᠡᠯ᠎ᠤᠨ ᠪᠤᠰᠤ ᠠᠵᠦ ᠠᠬᠤᠢᠯᠠᠯ᠂ ᠰᠢᠨ᠎ᠡ ᠠᠵᠦ ᠠᠬᠤᠢ᠎ᠶᠢᠨ ᠵᠤᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠤᠨ ᠵᠤᠬᠢᠶᠠᠨ ᠪᠠᠢᠭᠤᠯᠤᠯᠲᠠ᠂ ᠰᠢᠨ᠎ᠡ ᠠᠵᠢᠯ ᠤᠯᠭᠤᠯᠲᠠ᠎ᠶᠢᠨ ᠪᠦᠯᠬᠦᠮ ᠨᠡᠢᠳᠡ》 ᠵᠢᠨ ᠬᠦᠷᠢᠶ᠎ᠠ ᠴᠠᠷᠠᠭᠠᠨ ᠳ᠋ᠡᠬᠢ ᠨᠠᠮ᠎ᠤᠨ ᠭᠡᠱᠢᠭᠦᠨ ᠣᠯᠠᠨ ᠲᠦᠮᠡᠨ ᠪᠠ ᠦᠬᠠᠶ ᠬᠣᠲᠠ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ᠎ᠳᠦ ᠬᠠᠨᠳᠤᠭᠤᠯᠤᠨ ᠨᠢᠭᠤᠷᠲᠠᠨ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠲᠠ ᠨᠢ ᠲᠤᠬᠠᠢ᠎ᠶ᠋ᠢᠨ ᠲᠠᠯᠠᠪᠠᠢ᠎ᠶ᠋ᠢᠨ ᠰᠤᠨᠤᠰᠤᠭ᠍ᠴᠢᠳ᠎ᠢ ᠭᠦᠨ ᠳᠣᠭ᠍ᠳᠣᠯᠤᠭᠤᠯᠵᠤ᠂ ᠴᠢᠩᠭ᠎ᠠ ᠲᠤᠰᠭᠠᠯ ᠭᠠᠷᠪᠠ᠃ 《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠣᠨᠣᠪᠴᠢᠲᠠᠢ ᠨᠡᠪᠲᠡᠷᠬᠡᠢ᠂ ᠠᠭᠤᠯᠭ᠎ᠠ᠎ᠪᠠᠷ ᠪᠠᠶᠠᠯᠢᠭ ᠪᠠᠢᠵᠤ᠂ ᠪᠢᠳᠡ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠃ ᠵᠠᠯᠭᠠᠭᠠᠳ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠤᠳᠠᠯᠳᠤᠭᠠᠴᠢᠳ᠎ᠤᠨ ᠡᠪᠯᠡᠯ᠎ᠦᠨ ᠠᠵᠢᠯ᠎ᠤᠨ ᠪᠥᠬᠥ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠣᠲᠣᠭᠠᠳᠤ᠎ᠶ᠋ᠢᠨ ᠬᠠᠮᠢᠶᠠᠷᠤᠯᠲᠠ ᠪᠠ ᠦᠶ᠋ᠯᠡᠴᠢᠯᠡᠭᠡᠨ᠎ᠦ ᠲᠦᠪᠱᠢᠨ᠎ᠦ ᠳᠡᠭᠡᠭ᠌ᠰᠢᠯᠡᠯᠲᠡ ᠵᠢ ᠴᠢᠩᠭᠠᠳᠭᠠᠵᠤ᠂ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠢᠳᠡᠪᠬᠢᠲᠡᠶ ᠥᠷᠭᠡᠳᠭᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ᠎ᠶ᠋ᠢ ᠠᠬᠢᠭᠤᠯᠤᠨ᠎ᠠ》 ᠭᠡᠵᠦ᠍ ᠦᠬᠠᠢ ᠬᠤᠳᠠ᠎ᠶ᠋ᠢᠨ ᠱᠠᠨᠰᠢ᠎ᠶ᠋ᠢᠨ ᠬᠤᠳᠠᠯᠳᠤᠭᠠᠴᠢᠳ᠎ᠤᠨ ᠡᠪᠯᠡᠯ᠎ᠦᠨ ᠳᠡᠳ᠋ ᠨᠠᠷᠢᠨ ᠪᠢᠴᠢᠭ᠎ᠦᠨ ᠳᠠᠷᠤᠭ᠎ᠠ ᠵᠠᠩ ᠱᠢᠶᠠ ᠬᠡᠯᠡᠪᠡ᠃

ᠠᠯᠠᠱᠠ ᠠᠢᠮᠠᠭ᠎ᠲᠤ᠂ ᠤᠬᠠᠭᠤᠯᠤᠨ ᠲᠠᠢᠯᠪᠤᠷᠢᠯᠠᠬᠤ ᠪᠠᠭ᠎ᠠ ᠬᠤᠪᠢᠶᠠᠷᠢ ᠳᠤᠭᠤᠢᠯᠠᠩ ᠤᠷᠢᠳ ᠬᠣᠵᠢᠳ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠣᠯᠤᠨ ᠠᠯᠠᠱᠠ ᠵᠡᠭᠦᠨ ᠬᠣᠱᠢᠭᠤᠨ᠎ᠤ ᠨᠠᠨ ᠬᠤᠸᠠᠨ ᠵᠡᠭᠡᠯᠢ ᠭᠤᠳᠤᠮᠵᠢ᠎ᠶ᠋ᠢᠨ ᠪᠦᠬᠡᠲᠤ ᠨᠡᠢᠭᠡᠮ ᠲᠣᠭᠣᠷᠢᠭ᠎ᠲᠤ ᠬᠦᠷᠴᠦ᠍ ᠪᠠᠢᠭᠤᠯᠭ᠎ᠠ᠎ᠶ᠋ᠢᠨ ᠺᠠᠳ᠋ᠷ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠠᠬᠤᠢ ᠲᠠᠯᠠᠪᠠᠢ᠎ᠳᠤ᠂ ᠤᠯᠠᠨ᠎ᠢᠶᠠᠷ᠎ᠢᠶᠠᠨ ᠠᠩᠬᠠᠷᠤᠯ᠎ᠢᠶᠠᠨ ᠲᠥᠪᠯᠡᠷᠡᠭᠦᠯᠦᠨ ᠰᠣᠨᠣᠰᠴᠤ᠌᠂ ᠨᠠᠷᠢᠨ ᠣᠢᠯᠠᠭᠠᠵᠤ᠂ ᠰᠡᠳᠬᠢᠯ᠎ᠢᠶᠠᠨ ᠲᠥᠪᠯᠡᠷᠡᠭᠦᠯᠦᠨ ᠲᠡᠮᠳᠡᠭ᠌ᠯᠡᠯ ᠬᠢᠵᠦ᠍ ᠪᠠᠢᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号