ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠤᠯᠤᠰ ᠤ᠋ᠨ ᠦᠮᠴᠢᠯᠡᠯᠳᠤ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ 2024 ᠤᠨ ᠳ᠋ᠤ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤᠯᠤᠰ ᠤ᠋ᠨ ᠪᠠᠢᠯᠳᠤᠬᠤ ᠪᠤᠳᠤᠯᠭ᠎ᠠ ᠳ᠋ᠤ ᠦᠢᠯᠡᠴᠢᠯᠡᠬᠦ ᠶ᠋ᠢ ᠡᠭᠦᠷᠭᠡ ᠬᠠᠷᠢᠭᠤᠴᠠᠯᠭ᠎ᠠ ᠪᠡᠨ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠳ᠋ᠤ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠬᠠᠩᠭᠠᠨ᠂ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠳᠦᠷᠢᠮ ᠤ᠋ᠨ ᠦᠭᠡᠷᠡᠴᠢᠯᠡᠯᠳᠡ ᠶ᠋ᠢ ᠭᠦᠨᠵᠡᠭᠡᠢᠷᠡᠭᠦᠯᠬᠦ᠂ ᠮᠠᠯᠵᠢᠬᠤ ᠲᠠᠷᠢᠶᠠᠯᠠᠬᠤ ᠤᠷᠤᠨ ᠤ᠋ ᠡᠬᠢ ᠪᠠᠶᠠᠯᠢᠭ ᠢ᠋ ᠡᠳ᠋ ᠬᠦᠷᠦᠩᠭᠡ ᠪᠤᠯᠭᠠᠬᠤ᠂ ᠡᠳ᠋ ᠬᠦᠷᠦᠩᠭᠡ ᠶ᠋ᠢ ᠪᠡᠯᠡ ᠮᠦᠩᠬᠦ ᠪᠤᠯᠭᠠᠬᠤ ᠲᠠᠯ᠎ᠠ ᠪᠡᠷ ᠨᠢᠭᠡᠨ ᠪᠤᠯᠤᠮᠵᠢ ᠶ᠋ᠢᠨ ᠵᠠᠮ ᠢ᠋ ᠨᠡᠭᠡᠭᠡᠵᠦ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ 《ᠦᠪᠦᠷ ᠮᠤᠩᠭᠤᠯ ᠤ᠋ᠨ ᠵᠠᠭᠪᠤᠷ》 ᠢ᠋ ᠴᠤᠭᠴᠠᠯᠠᠬᠤ ᠳ᠋ᠤ ᠳᠤᠳᠠᠭᠳᠠᠵᠤ ᠪᠤᠯᠤᠰᠢ ᠦᠭᠡᠢ ᠴᠢᠬᠤᠯᠠ ᠬᠦᠴᠦᠨ ᠵᠦᠢᠯ ᠤ᠋ᠨ ᠳᠠᠪᠴᠠᠩ ᠢ᠋ ᠪᠤᠢ ᠪᠤᠯᠭᠠᠭᠰᠠᠨ ᠪᠠᠢᠨ᠎ᠠ ᠃
ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠭᠦᠢᠯᠭᠡᠭᠡ ᠶ᠋ᠢ ᠨᠡᠮᠡᠭᠳᠡᠭᠦᠯᠪᠡ
ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠦᠢᠯᠡᠴᠢᠯᠡᠬᠦ ᠬᠡᠪᠴᠢᠶ᠎ᠠ ᠪᠡᠨ ᠲᠠᠰᠤᠷᠠᠯᠳᠠ ᠦᠭᠡᠢ ᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ᠋ ᠭᠠᠵᠠᠷ ᠰᠢᠷᠤᠢ ᠶ᠋ᠢᠨ ᠡᠵᠡᠩᠨᠡᠯᠳᠡ ᠶ᠋ᠢᠨ ᠡᠷᠬᠡ ᠶ᠋ᠢᠨ ᠭᠦᠢᠯᠭᠡᠭᠡ ᠳ᠋ᠤ ᠦᠢᠯᠡᠴᠢᠯᠡᠬᠦ ᠪᠡᠷ ᠭᠤᠤᠯ ᠪᠤᠯᠭᠠᠵᠤ ᠪᠠᠢᠭᠰᠠᠨ ᠡᠴᠡ ᠬᠠᠮᠳᠤ ᠨᠡᠢᠳᠡ ᠶ᠋ᠢᠨ ᠡᠬᠢ ᠪᠠᠶᠠᠯᠢᠭ ᠤ᠋ᠨ ᠴᠢᠨᠠᠷᠳᠠᠢ ᠡᠳ᠋ ᠬᠦᠷᠦᠩᠭᠡ᠂ ᠡᠵᠡᠩᠨᠡᠯᠳᠡ ᠶ᠋ᠢᠨ ᠴᠢᠨᠠᠷᠳᠠᠢ ᠡᠳ᠋ ᠬᠦᠷᠦᠩᠭᠡ ᠵᠡᠷᠭᠡ ᠠᠷᠠᠯᠵᠢᠶᠠᠨ ᠤ᠋ ᠲᠦᠷᠦᠯ ᠵᠦᠢᠯ ᠢ᠋ ᠲᠠᠨᠢᠯᠴᠠᠭᠤᠯᠬᠤ᠂ ᠭᠠᠵᠠᠷ ᠡᠷᠢᠬᠦ ᠦᠢᠯᠡᠴᠢᠯᠡᠭᠡ ᠬᠠᠩᠭᠠᠬᠤ᠂ ᠳᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠬᠦᠯᠢᠶᠡᠬᠦ᠂ ᠪᠠᠷᠢᠴᠠᠭ᠎ᠠ ᠪᠡᠷ ᠪᠡᠯᠡ ᠬᠤᠷᠠᠮᠳᠤᠭᠤᠯᠬᠤ᠂ ᠵᠦᠪᠯᠡᠯᠭᠡ ᠦᠭᠬᠦ ᠵᠡᠷᠭᠡ ᠶᠡᠷᠦᠩᠬᠡᠢᠯᠡᠭᠰᠡᠨ ᠴᠢᠨᠠᠷᠳᠠᠢ ᠲᠤᠬᠠᠢᠯᠠᠭᠰᠠᠨ ᠠᠵᠢᠯ ᠳᠡᠢᠰᠢ ᠬᠤᠪᠢᠷᠠᠭᠤᠯᠵᠤ᠂ 《ᠠᠷᠠᠯᠵᠢᠶᠠᠯᠠᠬᠤ ᠡᠴᠡ ᠡᠮᠦᠨ᠎ᠠ — ᠠᠷᠠᠯᠵᠢᠶᠠᠯᠠᠬᠤ ᠳᠤᠮᠳᠠ — ᠠᠷᠠᠯᠵᠢᠶᠠᠯᠠᠭᠰᠠᠨ ᠤ᠋ ᠳᠠᠷᠠᠭ᠎ᠠ 》 ᠬᠦᠷᠳᠡᠯᠡᠬᠢ ᠪᠦᠬᠦ ᠶᠠᠪᠤᠴᠠ ᠶ᠋ᠢᠨ ᠦᠢᠯᠡᠴᠢᠯᠡᠭᠡ ᠶ᠋ᠢ ᠰᠢᠯᠤᠭᠤᠳᠬᠠᠨ᠂ ᠬᠠᠩᠭᠠᠯᠭ᠎ᠠ ᠶ᠋ᠢᠨ ᠲᠠᠯ᠎ᠠ᠂ ᠬᠡᠷᠡᠭᠴᠡᠭᠡᠨ ᠤ᠋ ᠲᠠᠯ᠎ᠠ ᠪᠠ ᠮᠦᠩᠭᠦᠨ ᠭᠦᠢᠯᠭᠡᠭᠡᠨ ᠤ᠋ ᠦᠢᠯᠡᠴᠢᠯᠡᠭᠡ ᠬᠠᠩᠭᠠᠬᠤ ᠲᠠᠯ᠎ᠠ ᠳ᠋ᠤ ᠡᠬᠢ ᠪᠠᠶᠠᠯᠢᠭ ᠢ᠋ ᠬᠠᠮᠳᠤ ᠪᠡᠷ ᠡᠳ᠋ᠯᠡᠬᠦ ᠬᠦᠬᠦᠷᠭᠡ ᠲᠠᠯᠪᠢᠵᠤ ᠦᠭᠭᠦᠨ᠂ ᠪᠦᠬᠦ ᠶᠠᠪᠤᠴᠠ ᠪᠡᠷ ᠰᠦᠯᠵᠢᠶ᠎ᠠ ᠪᠡᠷ ᠠᠷᠠᠯᠵᠢᠶᠠᠯᠠᠬᠤ ᠶ᠋ᠢ ᠪᠡᠶᠡᠯᠡᠭᠦᠯᠵᠠᠢ᠃
ᠪᠦᠬᠦ ᠤᠷᠤᠨ ᠤ᠋ ᠡᠯ᠎ᠠ ᠠᠢᠮᠠᠭ ᠬᠤᠳᠠ ᠵᠢᠨ ᠬᠤᠪᠢᠶᠠᠷᠢ ᠲᠦᠪ ᠲᠤ᠌ ᠲᠦᠰᠢᠭᠯᠡᠨ ᠦᠢᠯᠡᠴᠢᠯᠡᠭᠡᠨ ᠤ᠋ ᠰᠢᠰᠲᠧᠮ ᠪᠠᠢᠭᠤᠯᠵᠤ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠨᠢ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠢ᠋ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠭᠠᠴᠠᠭ᠎ᠠ ᠲᠤᠰᠬᠤᠨ ᠤ᠋ ᠬᠠᠮᠳᠤ ᠨᠡᠢᠳᠡ᠂ ᠰᠢᠨ᠎ᠠ ᠬᠡᠯᠪᠡᠷᠢ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠡᠵᠡᠩᠨᠡᠯᠳᠡ ᠶ᠋ᠢᠨ ᠭᠤᠤᠯ ᠴᠤᠭᠴᠠ ᠳ᠋ᠤ ᠭᠦᠨᠵᠡᠭᠡᠢᠷᠡᠬᠦ ᠶ᠋ᠢ ᠪᠠᠷᠢᠮᠳᠠᠯᠠᠨ ᠳᠠᠢᠴᠢᠯᠠᠨ ᠳᠠᠭᠠᠭᠤᠯᠬᠤ ᠦᠢᠯᠡᠳᠦᠯ ᠢ᠋ ᠪᠤᠢ ᠪᠤᠯᠭᠠᠵᠤ᠂ ᠫᠠᠢᠵᠠ ᠡᠯᠭᠦᠬᠦ᠂ ᠦᠨ᠎ᠠ ᠬᠠᠶᠠᠯᠴᠠᠬᠤ᠂ ᠵᠦᠪᠯᠡᠯᠴᠡᠬᠦ ᠵᠡᠷᠭᠡ ᠠᠷᠠᠯᠵᠢᠶᠠᠨ ᠤ᠋ ᠬᠡᠯᠪᠡᠷᠢ ᠪᠡᠷ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢ ᠨᠡᠩ ᠦᠷᠬᠡᠨ ᠬᠡᠪᠴᠢᠶ᠎ᠠ ᠪᠡᠷ ᠨᠡᠩ ᠤᠯᠠᠨ ᠬᠦᠮᠦᠨ ᠢ᠋ ᠤᠷᠤᠯᠴᠠᠭᠤᠯᠤᠨ ᠲᠦᠪᠯᠡᠷᠡᠭᠦᠯᠦᠨ ᠠᠷᠠᠯᠵᠢᠶᠠᠯᠠᠬᠤ᠂ ᠦᠨ᠎ᠠ ᠶ᠋ᠢ ᠨᠢ ᠦᠰᠭᠡᠨ ᠠᠷᠠᠯᠵᠢᠶᠠᠯᠠᠵᠤ ᠤᠷᠤᠯᠭ᠎ᠠ ᠶ᠋ᠢ ᠨᠢ ᠨᠡᠮᠡᠭᠳᠡᠭᠦᠯᠬᠦ ᠶ᠋ᠢ ᠠᠬᠢᠭᠤᠯᠪᠠ᠃
ᠮᠠᠯᠴᠢᠨ ᠲᠠᠷᠢᠶᠠᠴᠢᠨ ᠤ᠋ ᠤᠷᠤᠯᠭ᠎ᠠ ᠶ᠋ᠢ ᠨᠡᠮᠡᠭᠳᠡᠭᠦᠯᠬᠦ ᠳ᠋ᠤ ᠬᠦᠴᠦᠨ ᠨᠡᠮᠡᠷᠢᠯᠡᠪᠡ
2024 ᠤᠨ ᠳ᠋ᠤ᠂ ᠬᠦᠯᠦᠨ ᠪᠤᠢᠷ ᠤ᠋ᠨ ᠠᠳᠠᠷ ᠬᠠᠭᠠᠯᠪᠤᠷᠢᠯᠠᠯᠳᠠ ᠶ᠋ᠢᠨ ᠪᠦᠯᠦᠭᠯᠡᠯ ᠺᠤᠮᠫᠠᠨᠢ ᠶ᠋ᠢᠨ ᠬᠠᠷᠢᠶᠠᠨ ᠳ᠋ᠡᠬᠢ ᠬᠠᠳᠠᠳᠤ ᠲᠠᠷᠢᠶᠠᠯᠠᠩ ᠮᠠᠯᠵᠢᠯ ᠤ᠋ᠨ ᠲᠠᠯᠠᠪᠠᠢ ᠶ᠋ᠢᠨ ᠳᠦᠷᠪᠡᠳᠦᠭᠡᠷ ᠳᠤᠭᠤᠢᠯᠠᠩ ᠤ᠋ᠨ ᠨᠢᠭᠡ ᠬᠡᠰᠡᠭ ᠲᠠᠷᠢᠶᠠᠨ ᠭᠠᠵᠠᠷ ᠢ᠋ ᠳᠦᠷᠢᠶᠡᠰᠦᠯᠡᠬᠦ ᠲᠦᠷᠦᠯ ᠵᠦᠢᠯ ᠨᠢ 108 ᠤᠳᠠᠭ᠎ᠠ ᠶ᠋ᠢᠨ ᠦᠨ᠎ᠠ ᠬᠠᠶᠠᠯᠴᠠᠭᠠᠨ ᠢ᠋ ᠳᠠᠮᠵᠢᠭᠠᠳ ᠡᠴᠤᠰ ᠲᠡᠭᠡᠨ 139.2 ᠲᠦᠮᠡᠨ ᠲᠦᠭᠦᠷᠢᠭ ᠶ᠋ᠢᠡᠷ ᠭᠡᠷ᠎ᠠ ᠳᠤᠬᠢᠷᠠᠯᠴᠠᠵᠤ᠂ 163% ᠪᠡᠷ ᠦᠷᠳᠡᠭ ᠨᠡᠮᠡᠭᠳᠡᠭᠰᠡᠨ ᠠᠵᠢ; ᠰᠢᠯᠢ ᠶ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠤᠰᠢᠭᠤᠨ ᠤ᠋ 3 ᠲᠦᠮᠡ ᠭᠠᠷᠤᠢ ᠮᠤ᠌ ᠶ᠋ᠢᠨ ᠨᠢᠭᠡ ᠬᠡᠰᠡᠭ ᠬᠠᠳᠤᠯᠠᠩ ᠤ᠋ᠨ ᠭᠠᠵᠠᠷ ᠤ᠋ᠨ ᠡᠪᠡᠰᠦ ᠬᠠᠳᠤᠬᠤ ᠡᠷᠬᠡ ᠶ᠋ᠢ ᠰᠢᠯᠵᠢᠭᠦᠯᠬᠦ ᠲᠦᠷᠦᠯ ᠵᠦᠢᠯ ᠳ᠋ᠤ 15 ᠪᠡᠯᠡ ᠤᠷᠤᠭᠤᠯᠤᠭᠴᠢ (ᠪᠡᠯᠡ ᠤᠷᠤᠭᠤᠯᠬᠤ ᠪᠠᠢᠭᠤᠯᠤᠮᠵᠢ) 477 ᠡᠭᠡᠯᠵᠢ ᠶ᠋ᠢᠨ 179 ᠤᠳᠠᠭ᠎ᠠ ᠶ᠋ᠢᠨ ᠰᠢᠷᠦᠭᠦᠨ ᠦᠨ᠎ᠠ ᠬᠠᠶᠠᠯᠴᠠᠭᠠᠨ ᠶ᠋ᠢᠡᠷ ᠳᠠᠮᠵᠢᠨ ᠡᠴᠤᠰ ᠲᠡᠭᠡᠨ 129.58% ᠶ᠋ᠢᠨ ᠨᠡᠮᠡᠭᠳᠡᠯ ᠦᠷᠳᠡᠭ ᠶ᠋ᠢᠡᠷ ᠭᠡᠷ᠎ᠠ ᠳᠤᠬᠢᠷᠠᠯᠴᠠᠵᠠᠢ ᠁
ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ 100 ᠭᠠᠷᠤᠢ ᠵᠠᠭᠤᠴᠢᠯᠠᠭᠤᠷ ᠲᠠᠢ ᠬᠠᠮᠵᠢᠯᠴᠠᠨ ᠬᠠᠮ ᠵᠠᠭᠤᠴᠢᠯᠠᠭᠤᠷ ᠤ᠋ᠨ ᠮᠡᠳᠡᠭᠡ ᠵᠠᠩᠬᠢ ᠨᠡᠢᠳᠡᠯᠡᠬᠦ ᠵᠢᠭᠰᠠᠯ ᠢ᠋ ᠪᠦᠷᠢᠯᠳᠦᠭᠦᠯᠵᠤ᠂ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠳᠤᠳᠤᠭᠠᠳᠤ ᠦᠨ᠎ᠠ ᠦᠷᠳᠡᠭ ᠢ᠋ ᠭᠦᠢᠴᠡᠳ ᠠᠭᠤᠳᠠᠯᠵᠠᠢ᠃ 2024 ᠤᠨ ᠤ᠋ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠬᠢᠬᠦ ᠤᠬᠤᠷᠬᠠᠨ 4 ᠰᠠᠷ᠎ᠠ ᠶ᠋ᠢᠨ ᠬᠤᠭᠤᠴᠠᠭᠠᠨ ᠳ᠋ᠤ ᠳᠠᠷᠤᠢ ᠨᠡᠢᠳᠡ 16 ᠳ᠋ᠦᠩᠰᠢᠭᠤᠷ ᠭᠠᠷᠤᠢ ᠲᠦᠭᠦᠷᠢᠭ ᠤ᠋ᠨ ᠳᠦᠷᠢᠶᠡᠰᠦᠨ ᠮᠦᠩᠬᠦ ᠳ᠋ᠤ ᠬᠤᠯᠪᠤᠭᠳᠠᠬᠤ 5500 ᠬᠤᠪᠢ ᠭᠠᠵᠠᠷ ᠲᠠᠷᠢᠶᠠᠨ ᠤ᠋ ᠡᠵᠡᠩᠨᠡᠯᠳᠡ ᠶ᠋ᠢᠨ ᠡᠷᠬᠡ ᠶ᠋ᠢ ᠬᠦᠢᠯᠬᠡᠬᠡᠬᠦ ᠲᠦᠷᠦᠯ ᠵᠦᠢᠯ ᠢ᠋ ᠭᠦᠢᠴᠡᠳᠭᠡᠵᠦ᠂ 1200 ᠲᠦᠮᠡᠨ ᠲᠦᠭᠦᠷᠢᠭ ᠤ᠋ᠨ ᠨᠡᠮᠡᠭᠳᠡᠯ ᠦᠷᠳᠡᠭ ᠡᠭᠦᠳᠴᠤ᠂ 100 ᠲᠦᠮᠡᠨ ᠮᠤ᠌ ᠶ᠋ᠢᠨ ᠭᠠᠵᠠᠷ ᠰᠢᠷᠤᠢ ᠶ᠋ᠢᠨ ᠡᠬᠢ ᠪᠠᠶᠠᠯᠢᠭ ᠢ᠋ ᠠᠮᠢᠯᠠᠭᠤᠯᠪᠠ᠃
ᠬᠦᠳᠡᠭᠡ ᠨᠤᠳᠤᠭ ᠤ᠋ᠨ ᠦᠨᠳᠦᠰᠦᠨ ᠱᠠᠳᠤᠨ ᠤ᠋ ᠵᠠᠰᠠᠯᠳᠠ ᠶ᠋ᠢ ᠰᠢᠯᠢᠳᠡᠭᠵᠢᠭᠦᠯᠪᠡ
ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠢᠨ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠪᠡᠷ ᠭᠠᠴᠠᠭ᠎ᠠ ᠲᠤᠰᠬᠤᠨ ᠤ᠋ ᠬᠠᠮᠳᠤ ᠨᠡᠢᠳᠡ ᠶ᠋ᠢᠨ 《 ᠪᠡᠯᠡ ᠮᠦᠩᠬᠦ᠂ ᠡᠳ᠋ ᠬᠦᠷᠦᠩᠭᠡ᠂ ᠡᠬᠢ ᠪᠠᠶᠠᠯᠢᠭ 》 ᠢ᠋ ᠰᠢᠢᠳᠪᠤᠷᠢᠯᠡᠬᠦ ᠠᠵᠢᠯ ᠢ᠋ ᠠᠬᠢᠭᠤᠯᠤᠨ᠂ ᠬᠦᠳᠡᠭᠡ ᠨᠤᠳᠤᠭ ᠤ᠋ᠨ ᠵᠠᠰᠠᠯᠳᠠ ᠶ᠋ᠢᠨ ᠰᠢᠨ᠎ᠠ ᠵᠠᠭᠪᠤᠷ ᠢ᠋ ᠰᠢᠯᠢᠳᠡᠭᠵᠢᠭᠦᠯᠬᠦ ᠶ᠋ᠢ ᠨᠡᠭᠡᠭᠡᠯᠳᠡᠳᠦ ᠴᠢᠨᠠᠷᠳᠠᠢ ᠪᠡᠷ ᠰᠦᠪᠡᠭᠴᠢᠯᠡᠨ ᠡᠭᠦᠳᠴᠤ᠂ ᠬᠦᠳᠡᠭᠡ ᠨᠤᠳᠤᠭ ᠤ᠋ᠨ ᠦᠨᠳᠦᠰᠦᠨ ᠱᠠᠳᠤᠨ ᠤ᠋ ᠵᠠᠰᠠᠯᠳᠠ ᠶ᠋ᠢ ᠴᠢᠩᠭᠠᠳᠬᠠᠬᠤ᠂ ᠦᠨᠳᠦᠰᠦᠨ ᠱᠠᠳᠤᠨ ᠤ᠋ ᠢᠯᠵᠢᠷᠠᠯ ᠤ᠋ᠨ ᠠᠰᠠᠭᠤᠳᠠᠯ ᠡᠭᠦᠰᠬᠦ ᠶ᠋ᠢ ᠰᠡᠷᠭᠡᠢᠯᠡᠬᠦ ᠳ᠋ᠤ ᠢᠳᠡᠪᠬᠢ ᠦᠢᠯᠡᠳᠦᠯ ᠦᠵᠡᠭᠦᠯᠪᠠ᠃
ᠪᠤᠭᠤᠳᠤ ᠬᠤᠳᠠ ᠶ᠋ᠢᠨ ᠼᠤᠤ ᠵᠢᠶᠠ ᠶᠢᠩ ᠲᠤᠰᠬᠤᠨ 2024 ᠤᠨ ᠳ᠋ᠤ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠲᠤ᠌ ᠨᠠᠢᠳᠠᠨ ᠲᠤᠰᠬᠤᠨ ᠤ᠋ ᠬᠠᠮᠳᠤ ᠨᠡᠢᠳᠡ ᠶ᠋ᠢᠨ ᠦᠮᠴᠢᠯᠡᠯ ᠤ᠋ᠨ ᠭᠡᠷ ᠪᠠᠢᠰᠢᠩ ᠢ᠋ ᠳᠦᠷᠢᠶᠡᠰᠦᠯᠡᠬᠦ ᠪᠡᠷ ᠳᠤᠭᠳᠠᠭᠰᠠᠨ ᠳ᠋ᠤ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠠᠵᠢᠯᠳᠠᠨ᠂ ᠨᠢᠭᠡᠳ ᠨᠢᠭᠡ ᠪᠡᠷ ᠨᠢᠭᠤᠷᠳᠠᠵᠤ ᠪᠠᠢᠭᠠᠳ ᠲᠤᠰᠬᠤᠨ ᠤ᠋ ᠬᠠᠮᠳᠤ ᠨᠡᠢᠳᠡ ᠳ᠋ᠤ ᠬᠠᠮᠵᠢᠨ ᠡᠵᠡᠩᠨᠡᠯᠳᠡ ᠶ᠋ᠢᠨ ᠴᠢᠨᠠᠷᠳᠠᠢ ᠡᠳ᠋ ᠬᠦᠷᠦᠩᠭᠡ ᠶ᠋ᠢ ᠨᠢ ᠡᠮᠬᠢᠯᠡᠵᠦ ᠰᠢᠢᠳᠪᠤᠷᠢᠯᠡᠬᠦ ᠳᠦᠰᠦᠯ ᠳᠤᠭᠳᠠᠭᠠᠵᠤ ᠦᠭᠭᠦ᠂ 《ᠳᠦᠷᠪᠡ ᠶ᠋ᠢ ᠵᠦᠪᠯᠡᠨ ᠬᠤᠶᠠᠷ ᠢ᠋ ᠢᠯᠡ ᠵᠠᠷᠯᠠᠬᠤ 》 ᠵᠡᠷᠭᠡ ᠬᠠᠮᠳᠤ ᠨᠡᠢᠳᠡ ᠶ᠋ᠢᠨ ᠡᠳ᠋ ᠬᠦᠷᠦᠩᠭᠡ ᠶ᠋ᠢ ᠰᠢᠢᠳᠪᠤᠷᠢᠯᠡᠬᠦ ᠵᠢᠷᠦᠮᠵᠢᠯ ᠤ᠋ᠨ ᠴᠢᠨᠠᠷᠳᠠᠢ ᠵᠢᠯᠤᠭᠤᠳᠤᠮᠵᠢ ᠬᠢᠭᠡᠳ ᠬᠠᠪᠰᠤᠷᠤᠮᠵᠢ ᠵᠡᠷᠭᠡ ᠡᠮᠦᠨᠡᠬᠢ ᠬᠤᠭᠤᠴᠠᠭᠠᠨ ᠤ᠋ ᠦᠢᠯᠡᠴᠢᠯᠡᠭᠡ ᠬᠠᠩᠭᠠᠵᠤ᠂ ᠦᠮᠴᠢᠯᠡᠯ ᠤ᠋ᠨ ᠡᠷᠬᠡ ᠨᠢ ᠲᠤᠳᠤᠷᠬᠠᠢ 30 ᠡᠭᠦᠳᠡᠨ ᠭᠡᠷ ᠵᠡᠷᠭᠡ ᠡᠳ᠋ ᠬᠦᠷᠦᠩᠭᠡ ᠶ᠋ᠢ ᠲᠢᠭᠯᠡᠵᠦ ᠭᠠᠷᠭᠠᠭᠰᠠᠨ ᠪᠦᠭᠡᠳ ᠪᠦᠬᠦᠨ ᠢ᠋ ᠢᠯᠡ ᠪᠡᠷ ᠫᠠᠢᠰᠠ ᠡᠯᠭᠦᠨ ᠳᠦᠷᠢᠶᠡᠰᠦᠯᠡᠬᠦ ᠵᠠᠷ ᠬᠢᠵᠦ᠂ ᠤᠷᠤᠨ ᠤ᠋ ᠲᠤᠳᠤᠨ᠎ᠠ ᠭᠠᠳᠠᠨ᠎ᠠ ᠶ᠋ᠢᠨ 70 ᠭᠠᠷᠤᠢ ᠡᠵᠡᠩᠨᠡᠯᠳᠡ ᠶ᠋ᠢᠨ ᠭᠤᠤᠯ ᠴᠤᠭᠴᠠ ᠶ᠋ᠢ ᠳᠠᠳᠠᠵᠤ ᠠᠪᠴᠢᠷᠠᠨ᠂ ᠤᠳᠤᠬᠠᠨ ᠪᠤᠯᠳᠠᠯ᠎ᠠ ᠲᠤᠰᠬᠤᠨ ᠤ᠋ ᠬᠠᠮᠳᠤ ᠨᠡᠢᠳᠡ ᠳ᠋ᠤ 300 ᠲᠦᠮᠡᠨ ᠲᠦᠭᠦᠷᠢᠭ ᠤ᠋ᠨ ᠤᠷᠤᠯᠭ᠎ᠠ ᠡᠭᠦᠳᠴᠤ ᠦᠭᠭᠦᠭᠰᠡᠨ ᠪᠠᠢᠨ᠎ᠠ᠃
ᠼᠤᠤ ᠵᠢᠶᠠ ᠶᠢᠩ ᠲᠤᠰᠬᠤᠨ ᠳ᠋ᠤ ᠬᠠᠷᠢᠶᠠᠯᠠᠭᠳᠠᠬᠤ ᠪᠤᠭᠤᠳᠤ ᠬᠤᠳᠠ ᠶ᠋ᠢᠨ ᠪᠤᠯᠤᠳ ᠲᠡᠮᠦᠷ ᠤ᠋ᠨ ᠶᠡᠬᠡ ᠵᠡᠭᠡᠯᠢ ᠶ᠋ᠢᠨ ᠨᠢᠭᠡᠨ ᠤᠷᠤᠨ ᠰᠠᠭᠤᠴᠠ ᠶ᠋ᠢᠨ ᠠᠰᠠᠷ ᠲᠤᠤᠷᠠᠬᠢ ᠳᠡᠯᠭᠡᠭᠦᠷ ᠢ᠋ ᠳᠦᠷᠢᠶᠡᠰᠦᠯᠡᠬᠦ ᠲᠦᠷᠦᠯ ᠵᠦᠢᠯ ᠳ᠋ᠤ 7 ᠪᠡᠯᠡ ᠤᠷᠤᠭᠤᠯᠤᠭᠴᠢ 273 ᠡᠭᠡᠯᠵᠢ ᠶ᠋ᠢᠨ ᠬᠤᠷᠴᠠ ᠰᠢᠷᠦᠭᠦᠨ ᠦᠨ᠎ᠠ ᠬᠠᠶᠠᠯᠴᠠᠭᠠᠨ ᠶ᠋ᠢᠡᠷ ᠳᠠᠮᠵᠢᠨ ᠡᠴᠤᠰ ᠲᠡᠭᠡᠨ 99% ᠶ᠋ᠢᠨ ᠦᠷᠳᠡᠭ ᠨᠡᠮᠡᠭᠳᠡᠯ ᠶ᠋ᠢᠡᠷ 2 ᠵᠢᠯ ᠤ᠋ᠨ ᠬᠤᠭᠤᠴᠠᠭ᠎ᠠ ᠪᠡᠷ ᠳᠦᠷᠢᠶᠡᠰᠦᠯᠡᠬᠦ ᠭᠡᠷ᠎ᠠ ᠳᠤᠬᠢᠷᠠᠯᠴᠠᠵᠤ᠂ ᠲᠤᠰᠬᠤᠨ ᠤ᠋ ᠬᠠᠮᠳᠤ ᠨᠡᠢᠳᠡ ᠶ᠋ᠢᠨ ᠤᠷᠤᠯᠭ᠎ᠠ ᠶ᠋ᠢ 53 ᠲᠦᠮᠡᠨ ᠲᠦᠭᠦᠷᠢᠭ ᠨᠡᠮᠡᠭᠳᠡᠭᠦᠯᠪᠠ᠃ ᠲᠦᠷᠦᠯ ᠵᠦᠢᠯ ᠢ᠋ ᠴᠦᠮ ᠢᠯᠡ ᠪᠡᠷ ᠦᠨᠳᠦᠷ ᠪᠦᠲᠦᠮᠵᠢᠳᠠᠢ ᠬᠡᠷᠡᠭᠵᠢᠭᠦᠯᠦᠭᠰᠡᠨ ᠶ᠋ᠢᠡᠷ ᠲᠤᠰᠬᠤᠨ ᠤ᠋ ᠠᠷᠠᠳ ᠤ᠋ᠨ ᠲᠤᠰᠬᠤᠨ ᠤ᠋ ᠠᠷᠠᠳ ᠤ᠋ᠨ ᠵᠦᠪᠯᠡᠯ ᠢ᠋ ᠢᠳᠡᠭᠡᠵᠦ ᠳᠡᠮᠵᠢᠬᠦ ᠰᠡᠳᠬᠢᠯᠭᠡ ᠶ᠋ᠢ ᠶᠡᠬᠡ ᠪᠡᠷ ᠨᠡᠮᠡᠭᠳᠡᠭᠦᠯᠦᠨ᠂ ᠦᠨᠳᠦᠰᠦᠨ ᠱᠠᠳᠤᠨ ᠤ᠋ ᠠᠮᠦᠷ ᠳᠤᠭᠳᠠᠭᠤᠨ ᠪᠠ ᠬᠦᠳᠡᠭᠡ ᠨᠤᠳᠤᠭ ᠤ᠋ᠨ ᠪᠤᠯᠪᠠᠰᠤᠨ ᠤ᠋ ᠪᠠᠢᠭᠤᠯᠤᠯᠳᠠ ᠶ᠋ᠢ ᠠᠬᠢᠭᠤᠯᠵᠤ᠂ ᠬᠦᠳᠡᠭᠡ ᠨᠤᠳᠤᠭ ᠤ᠋ᠨ ᠦᠨᠳᠦᠰᠦᠨ ᠱᠠᠳᠤᠨ ᠤ᠋ ᠵᠠᠰᠠᠯᠳᠠ ᠶ᠋ᠢᠨ ᠲᠦᠪᠰᠢᠨ ᠢ᠋ ᠲᠠᠰᠤᠷᠠᠯᠳᠠ ᠦᠭᠡᠢ ᠳᠡᠭᠡᠭᠰᠢᠯᠡᠭᠦᠯᠵᠠᠢ᠃
ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠳᠠᠪᠴᠠᠩ ᠨᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠵᠠᠬ᠎ᠠ ᠳᠡᠯᠭᠡᠭᠦᠷ ᠤ᠋ᠨ ᠰᠠᠭᠤᠷᠢ ᠲᠦᠬᠦᠭᠡᠷᠦᠮᠵᠢ ᠪᠤᠯᠤᠭᠰᠠᠨ ᠤ᠋ ᠬᠤᠪᠢ ᠳ᠋ᠤ᠂ ᠲᠦᠷᠦᠯ ᠵᠦᠢᠯ ᠢ᠋ ᠲᠦᠰᠦᠪᠯᠡᠬᠦ᠂ ᠭᠦᠢᠯᠭᠡᠭᠡᠵᠤ ᠠᠷᠠᠯᠵᠢᠶᠠᠯᠠᠬᠤ᠂ ᠢᠯᠡ ᠰᠢᠢᠳᠪᠤᠷᠢ ᠭᠠᠷᠭᠠᠬᠤ᠂ ᠰᠢᠯᠭᠠᠨ ᠳᠤᠭᠳᠠᠭᠠᠬᠤ ᠬᠠᠮᠢᠶᠠᠷᠤᠯᠳᠠ ᠶᠠᠪᠤᠭᠤᠯᠬᠤ ᠵᠡᠷᠭᠡ ᠶ᠋ᠢ ᠨᠢᠭᠡ ᠴᠤᠭᠴᠠᠵᠢᠭᠤᠯᠤᠭᠰᠠᠨ ᠶᠡᠷᠦᠩᠬᠡᠢᠯᠡᠭᠰᠡᠨ ᠠᠷᠠᠯᠵᠢᠶᠠᠨ ᠤ᠋ ᠦᠢᠯᠡᠴᠢᠯᠡᠭᠡ ᠪᠡᠷ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠤ᠋ ᠴᠢᠬᠤᠯᠠ ᠬᠦᠴᠦᠨ ᠵᠦᠢᠯ ᠤ᠋ᠨ ᠡᠬᠢ ᠪᠠᠶᠠᠯᠢᠭ ᠤ᠋ᠨ ᠭᠦᠢᠯᠭᠡᠭᠡᠨ ᠤ᠋ ᠵᠠᠮ ᠢ᠋ ᠰᠢᠯᠤᠭᠤᠳᠬᠠᠵᠤ᠂ ᠬᠠᠮᠳᠤ ᠨᠡᠢᠳᠡ ᠶ᠋ᠢᠨ ᠤᠷᠤᠯᠭ᠎ᠠ ᠶ᠋ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠢ᠋ ᠪᠠᠶᠠᠵᠢᠭᠤᠯᠬᠤ ᠪᠠ ᠤᠯᠠᠨ ᠶ᠋ᠢᠡᠷ ᠶ᠋ᠢᠡᠨ ᠬᠠᠮᠳᠤ ᠪᠡᠷ ᠪᠠᠶᠠᠵᠢᠬᠤ ᠶ᠋ᠢ ᠪᠡᠶᠡᠯᠡᠭᠦᠯᠬᠦ ᠳ᠋ᠤ ᠢᠳᠡᠪᠬᠢᠳᠠᠢ ᠠᠬᠢᠭᠤᠯᠬᠤ ᠦᠢᠯᠡᠳᠦᠯ ᠦᠵᠡᠭᠦᠯᠵᠤ ᠪᠠᠢᠨ᠎ᠠ᠃