《ᠤᠭ ᠴᠢᠨᠠᠷ — ᠲᠠᠯ᠎ᠠ ᠨᠤᠳᠤᠭᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠵᠢᠨ ᠠᠮᠢᠳᠤᠷᠠᠯᠤᠨ ᠪᠤᠳᠠᠳᠤ ᠲᠡᠮᠳᠡᠭᠯᠡᠯ》 ᠬᠡᠬᠦ ᠰᠢᠨ᠎ᠠ ᠨᠤᠮᠤᠨ ᠲᠠᠷᠬᠠᠭᠠᠯᠳᠠ ᠵᠢᠨ ᠶᠤᠰᠤᠯᠠᠯ ᠤᠢᠷᠠᠳᠤ ᠪᠤᠭᠤᠲᠤ ᠬᠤᠳᠠ ᠵᠢᠨ ᠪᠠᠶᠠᠠᠠᠤᠪᠤᠭ᠎ᠠ ᠠᠭᠤᠷᠬᠠᠢ ᠵᠢᠨ ᠲᠤᠭᠤᠷᠢᠭᠤᠨ ᠲᠠᠯ᠎ᠠ ᠨᠤᠳᠤᠭᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠵᠢᠨ ᠦᠢᠯᠡ ᠬᠡᠷᠡᠭᠤᠨ ᠦᠵᠡᠬᠦᠯᠭᠡ ᠵᠢᠨ ᠤᠷᠳᠤᠨ ᠳ᠋ᠤ ᠶᠠᠪᠤᠬᠳᠠᠪᠠ᠃ ᠲᠠᠯ᠎ᠠ ᠨᠤᠳᠤᠭᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠯᠦᠩ ᠮᠧᠢ᠂ ᠢᠤᠢ ᠷᠦᠩ ᠪᠤᠯᠤᠨ ᠲᠤᠰ ᠨᠤᠮᠤᠨ ᠵᠤᠬᠢᠶᠠᠬᠴᠢ ᠪᠡ᠊·ᠨᠠᠰᠤᠠᠠᠤᠷᠳᠤ ᠨᠤᠮ ᠲᠠᠷᠬᠠᠭᠠᠯᠳᠠ ᠵᠢᠨ ᠶᠤᠰᠤᠯᠠᠯ ᠳ᠋ᠤ ᠤᠷᠤᠯᠴᠠᠵᠦ᠂ ᠭᠠᠷᠤᠨ ᠦᠰᠦᠭ ᠵᠢᠷᠤᠵᠦ ᠨᠤᠮ ᠲᠠᠷᠬᠠᠭᠠᠬᠰᠠᠨ ᠪᠠᠢᠨ᠎ᠠ᠃
《ᠤᠭ ᠴᠢᠨᠠᠷ — ᠲᠠᠯ᠎ᠠ ᠨᠤᠳᠤᠭᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠵᠢᠨ ᠠᠮᠢᠳᠤᠷᠠᠯᠤᠨ ᠪᠤᠳᠠᠳᠤ ᠲᠡᠮᠳᠡᠭᠯᠡᠯ》 ᠨᠤᠮ ᠪᠤᠯ ᠵᠤᠬᠢᠶᠠᠯᠴᠢ ᠪᠡ᠊·ᠨᠠᠰᠤᠠᠠᠤᠷᠳᠤ 2021 ᠤᠨ ᠤ 3 ᠰᠠᠷ᠎ᠠ ᠳ᠋ᠤ ᠪᠤᠭᠤᠲᠤ ᠬᠤᠳᠠ ᠵᠢᠨ ᠨᠠᠮᠤᠨ ᠬᠤᠷᠢᠶᠠᠨᠤ ᠤᠬᠠᠭᠤᠯᠬᠤ ᠬᠡᠯᠳᠡᠰ ᠪᠤᠯᠤᠨ ᠪᠠᠶᠠᠠᠠᠤᠪᠤᠭ᠎ᠠ ᠠᠭᠤᠷᠬᠠᠢ ᠵᠢᠨ ᠲᠤᠭᠤᠷᠢᠭᠤᠨ ᠨᠠᠮᠤᠨ ᠬᠤᠷᠢᠶᠠᠨᠤ ᠤᠬᠠᠭᠤᠯᠬᠤ ᠬᠡᠯᠳᠡᠰ ᠤᠨ ᠨᠠᠢᠳᠠᠯᠭ᠎ᠠ ᠵᠢ ᠬᠦᠯᠢᠶᠡᠵᠦ᠂ ᠭᠤᠷᠪᠠᠨ ᠵᠢᠯ ᠤᠨ ᠴᠠᠭ ᠵᠠᠷᠤᠴᠠᠭᠤᠯᠤᠨ ᠵᠤᠬᠢᠶᠠᠨ ᠪᠦᠳᠦᠭᠡᠭᠰᠡᠨ ᠤᠷᠳᠤ ᠮᠡᠳᠡᠭᠡᠯᠡᠯᠤᠨ ᠤᠷᠠᠨ ᠵᠤᠬᠢᠶᠠᠯ ᠪᠤᠯᠤᠨ᠎ᠠ᠃ ᠲᠤᠰ ᠨᠤᠮ ᠳ᠋ᠤ 《ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ》 ᠬᠡᠳᠤᠨ ᠠᠷᠪᠠᠨ ᠵᠢᠯᠤᠨ ᠲᠤᠷᠰᠢ ᠤᠭ ᠴᠢᠨᠠᠷ ᠵᠢᠡᠨ ᠬᠠᠳᠠᠭᠠᠯᠠᠵᠦ᠂ ᠨᠠᠮ ᠵᠢᠡᠨ ᠬᠠᠢᠷᠠᠯᠠᠬᠤ᠂ ᠤᠯᠤᠰ ᠵᠢᠡᠨ ᠬᠠᠢᠷᠠᠯᠠᠬᠤ᠂ ᠨᠤᠳᠤᠭ ᠤᠰᠤ ᠪᠡᠨ ᠬᠠᠢᠷᠠᠯᠠᠬᠤ᠂ ᠠᠷᠠᠳ ᠲᠦᠮᠡᠨ ᠵᠢᠡᠨ ᠬᠠᠢᠷᠠᠯᠠᠬᠤ ᠵᠢ ᠴᠠᠭ ᠢᠮᠠᠬᠳᠠ ᠪᠠᠷᠢᠮᠳᠠᠯᠠᠨ᠂ ᠤᠯᠤᠰ ᠵᠢᠡᠨ ᠬᠠᠢᠷᠠᠯᠠᠬᠤ ᠦᠵᠡᠯ᠂ ᠨᠡᠢᠳᠡᠴᠢ ᠦᠵᠡᠯ᠂ ᠯᠧᠢ ᠹᠧᠩᠤᠨ ᠵᠤᠷᠢᠭ ᠰᠠᠨᠠᠭ᠎ᠠ ᠵᠢ ᠦᠷᠬᠦᠯᠵᠢᠯᠡᠨ ᠪᠠᠳᠠᠷᠠᠭᠤᠯᠵᠦ᠂ ᠨᠡᠢᠭᠡᠮ ᠵᠢᠷᠤᠮᠤᠨ ᠪᠦᠳᠦᠭᠡᠨ ᠪᠠᠢᠭᠤᠯᠤᠯᠳᠠ ᠪᠤᠯᠤᠨ ᠦᠭᠡᠷᠡᠴᠢᠯᠡᠯᠳᠡ ᠬᠦᠭᠵᠢᠯᠳᠡ ᠵᠢᠨ ᠦᠢᠯᠡᠰ ᠲᠤ᠌ ᠭᠠᠪᠢᠶ᠎ᠠ ᠵᠢᠳᠬᠦᠯ ᠦᠵᠡᠬᠦᠯᠵᠦ ᠶᠠᠪᠤᠬᠰᠠᠨ ᠠᠮᠢᠳᠤᠷᠠᠯ ᠲᠡᠮᠡᠴᠡᠯᠤᠨ ᠲᠡᠤᠬᠡ ᠵᠢ ᠪᠢᠴᠢᠭᠯᠡᠭᠰᠡᠨ ᠪᠠᠢᠨ᠎ᠠ᠃ ᠭᠤᠷᠪᠠᠨ ᠵᠢᠯᠤᠨ ᠬᠤᠭᠤᠴᠠᠭᠠᠨ ᠳ᠋ᠤ᠂ ᠵᠤᠬᠢᠶᠠᠯᠴᠢ ᠪᠡ᠊·ᠨᠠᠰᠤᠠᠠᠤᠷᠳᠤ ᠲᠠᠰᠤᠷᠠᠯᠳᠠ ᠦᠭᠡᠢ ᠰᠤᠷᠪᠤᠯᠵᠢᠯᠠᠨ ᠤᠢᠯᠠᠭᠠᠵᠦ᠂ ᠪᠤᠷᠤ ᠮᠠᠲᠧᠷᠢᠶᠠᠯ ᠬᠤᠷᠠᠮᠳᠤᠭᠤᠯᠤᠨ᠂ ᠨᠢᠮᠪᠠᠢ ᠰᠡᠳᠬᠢᠨ ᠪᠢᠴᠢᠵᠡᠢ᠃ ᠤᠢᠯᠠᠭᠠᠬᠰᠠᠨ ᠵᠢᠡᠷ᠂ ᠲᠤᠰ ᠨᠤᠮ ᠨᠢ ᠮᠦᠨ ᠴᠤ᠌ ᠦᠪᠡᠷᠳᠡᠭᠡᠨ ᠵᠠᠰᠠᠬᠤ ᠤᠷᠤᠨᠤ 2024 ᠤᠨᠤ ᠴᠢᠬᠤᠯᠠ ᠶᠡᠬᠡ ᠭᠤᠤᠯ ᠰᠡᠳᠤᠪᠳᠤ ᠡᠭᠦᠳᠤᠨ ᠪᠦᠳᠦᠭᠡᠯᠭᠡ ᠵᠢᠨ ᠲᠦᠷᠤᠯ ᠵᠦᠢᠯ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号