ᠴᠢᠩ ᠵᠤᠷᠢᠭ ᠬᠤᠪᠢᠷᠠᠰᠢ ᠦᠭᠡᠢ ᠲᠡᠮᠡᠴᠡᠵᠦ᠍ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠠᠬᠢᠭᠤᠯᠰᠤᠭᠠᠢ
2025-10-01 11:09:09
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠬᠤᠷᠢᠶᠠᠨ᠎ᠤ ᠥᠭᠦᠯᠡᠯ
ᠣᠩᠱᠢᠭ᠍ᠰᠠᠨ ᠣᠳᠠᠭ᠎ᠠ᠄
★★★☆☆

— ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ ᠳᠠᠯᠠᠨ ᠵᠢᠷᠭᠤᠭᠠᠨ ᠵᠢᠯ ᠎ᠦᠨ ᠣᠶ ᠎ᠶ᠋ᠢ ᠪᠠᠶᠠᠷᠯᠠᠨ ᠪᠡᠯᠭᠡᠯᠡᠶ᠎ᠡ


ᠳᠣᠷᠣᠨ᠎ᠠ ᠵᠦᠭ ᠲᠤ᠌ ᠬᠦᠭᠵᠢᠯ ᠪᠠᠳᠠᠷᠠᠯ᠎ᠤᠨ ᠳᠠᠪᠠᠯᠭᠠᠨ ᠤᠢᠯᠤᠨ ᠪᠤᠰᠴᠤ᠂ ᠠᠯᠢᠪᠠ ᠪᠦᠬᠦᠨ ᠦᠬᠡᠳᠡᠯᠡᠨ ᠱᠢᠨᠡᠳᠴᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ᠎ᠢᠶᠠᠷ ᠴᠠᠯᠬᠢᠯᠠᠬᠰᠠᠨ ᠠᠯᠳᠠᠨ ᠨᠠᠮᠤᠷ᠎ᠤᠨ ᠡᠨᠡ ᠰᠠᠢᠬᠠᠨ ᠮᠦᠴᠡ ᠳ᠋ᠤ ᠪᠢᠳᠡ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 76 ᠵᠢᠯ᠎ᠦᠨ ᠤᠢ᠎ᠶ᠋ᠢ ᠤᠭ᠍ᠲᠤᠨ ᠠᠪᠤᠯ᠎ᠠ᠃

《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!》 ᠶᠡᠷᠦᠩᠬᠡᠶ ᠱᠦᠵᠢ ᠰᠢ ᠵᠢᠨ ᠫᠢᠩ ᠲᠢᠶᠠᠨ ᠠᠨ ᠮᠸᠨ ᠠᠰᠠᠷ ᠳᠡᠭᠡᠷ᠎ᠠ ᠡᠢᠨ ᠬᠦ᠌ ᠰᠦᠷ ᠵᠢᠪᠬᠤᠯᠠᠩᠲᠠᠢ ᠲᠤᠩᠬᠠᠭ᠍ᠯᠠᠬᠰᠠᠨ ᠨᠢ ᠲᠡᠦᠬᠡ᠎ᠡᠴᠡ ᠵᠠᠷᠯᠠᠭᠰᠠᠨ ᠦᠨᠡᠨ ᠶᠣᠰᠣ᠂ ᠪᠦᠯᠬᠦᠮᠳᠡᠨ ᠲᠡᠮᠡᠴᠡᠬᠦ᠌ ᠬᠦᠴᠦᠷᠬᠡᠭ ᠳᠠᠭᠤᠨ ᠮᠥᠨ᠃ ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠢᠶᠠᠷ ᠵᠠᠮᠨᠠᠵᠤ᠂ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ᠂ ᠲᠦᠭ ᠲᠦᠮᠡᠨ ᠠᠷᠠᠳ ᠲᠦᠮᠡᠨ ᠡᠷᠡᠯᠭᠡᠭᠯᠡᠨ ᠲᠡᠮᠡᠴᠡᠵᠦ᠍᠂ ᠨᠡᠢᠭᠡᠮ ᠵᠢᠷᠤᠮᠲᠤ ᠳᠤᠮᠳᠠᠳᠤ ᠤᠯᠤᠰ ᠰᠡᠬᠦᠢᠨ ᠰᠦᠨᠳᠡᠷᠯᠡᠨ᠎ᠡ᠃

ᠬᠦᠴᠢᠷ᠎ᠢ ᠲᠤᠭᠤᠯᠤᠨ ᠪᠡᠷᠬᠡ ᠵᠢ ᠲᠠᠪᠠᠵᠤ ᠰᠢᠨᠳᠠᠷᠠᠰᠢ ᠦᠬᠡᠢ ᠴᠢᠷᠮᠠᠢᠬᠰᠠᠨ᠂ ᠤᠷᠪᠠᠭᠠᠨ ᠬᠦᠷᠪᠡᠬᠡᠨ ᠲᠠᠢ ᠴᠠᠭ᠎ᠤᠨ ᠪᠠᠢᠳᠠᠯ᠎ᠤᠨ ᠡᠮᠦᠨ᠎ᠡ ᠯᠠᠪᠳᠠᠭᠤᠨ ᠲᠤᠬᠳᠠᠭᠤᠨ ᠬᠡᠪ᠎ᠢᠶᠠᠷ᠎ᠢᠶᠡᠨ ᠰᠡᠭᠦᠢᠭᠰᠡᠨ ᠲᠡᠮᠡᠴᠡᠯ᠎ᠤᠨ ᠤᠯᠠ ᠮᠥᠷ᠎ᠢ ᠴᠠᠭ ᠮᠦᠴᠡ ᠰᠡᠢᠯᠦᠨ ᠲᠡᠮᠳᠡᠭᠯᠡᠨ᠎ᠡ᠃ ᠡᠨᠡ ᠵᠢᠯ᠎ᠡᠴᠡ ᠨᠠᠭᠠᠰᠢ᠂ ᠪᠢᠳᠡ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠳᠤᠷᠠᠰᠭᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠤᠢ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠬᠠᠯᠠᠭᠤᠨ᠎ᠢᠶᠠᠷ ᠪᠡᠯᠭᠡᠯᠡᠵᠦ᠍᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠡᠷᠡᠯᠬᠡᠭ᠌ᠯᠡᠨ ᠤᠷᠤᠭ᠍ᠰᠢᠯᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠃ ᠬᠦᠴᠢᠷ ᠪᠡᠷᠬᠡᠱᠢᠶᠡᠯ᠎ᠢ ᠢᠯᠠᠨ ᠳᠠᠪᠠᠬᠤ ᠳᠤᠮᠳᠠ ᠦᠰᠦᠨ ᠪᠣᠢᠵᠢᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠡᠷᠭᠢᠯᠲᠡ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠵᠤ᠂ ᠱᠢᠨ᠎ᠡ ᠬᠤᠪᠢᠷᠠᠯᠳᠠ ᠲᠡᠢᠰᠢ ᠤᠷᠤᠭᠰᠢᠯᠠᠵᠤ ᠰᠠᠢᠵᠢᠷᠠᠬᠤ ᠬᠠᠨᠳᠤᠰᠢ᠎ᠲᠠᠶ ᠪᠤᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ ᠵᠢ ᠭᠦᠨᠵᠡᠭᠡᠢᠷᠡᠭᠦᠯᠦᠨ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠵᠦ᠍᠂ 《ᠳᠣᠷᠣᠨᠠᠳᠠᠬᠢᠨ᠎ᠤ ᠲᠡᠰ ᠡᠴᠡ ᠲᠠᠪᠠᠭᠰᠠᠨ ᠴᠠᠭᠠᠷᠢᠭ》᠂ 《ᠽᠣ᠌ ᠴᠥᠩ ᡁᠢ ᠭᠤᠷᠪᠠᠳᠤᠭᠠᠷ》 ᠵᠡᠷᠭᠡ ᠨᠢ ᠳᠡᠯᠡᠬᠡᠢ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ ᠁ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠡᠷᠡᠰ ᠭᠤᠢᠪᠢᠰᠢ ᠦᠭᠡᠢ ᠥᠷᠭᠡᠳᠭᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃

ᠠᠷᠠᠳ ᠲᠦᠮᠡᠨ᠎ᠦ ᠰᠠᠨᠠᠭ᠎ᠠ ᠪᠡᠷ ᠰᠠᠨᠠᠭ᠎ᠠ ᠵᠤᠷᠢᠯᠲᠠ ᠪᠠᠨ ᠪᠣᠯᠭᠠᠵᠤ᠂ ᠳᠡᠯᠡᠬᠡᠢ ᠳ᠋ᠠᠬᠢᠨ᠎ᠤ ᠠᠰᠢᠭ᠋ ᠲᠤᠰᠠ ᠪᠡᠷ᠎ᠠᠰᠢᠭ ᠲᠤᠰᠠ ᠪᠠᠨ ᠪᠤᠯᠭᠠᠭᠰᠠᠨ ᠳᠤᠮᠳᠠᠳᠤ ᠤᠯᠤᠰ᠎ᠤᠨ ᠡᠭᠦᠷᠭᠡᠯᠡᠯ᠎ᠢ ᠳᠡᠯᠡᠬᠡᠢ ᠳ᠋ᠠᠬᠢᠨ᠎ᠢᠶᠠᠷ᠎ᠢᠶᠠᠨ  ᠭᠡᠷᠡᠴᠢᠯᠡᠪᠡ᠃ ᠰᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠠᠩᠬ᠎ᠡ ᠤᠳᠠᠭ᠎ᠠ ᠲᠥᠪ᠎ᠦᠨ ᠬᠦᠷᠰᠢ ᠵᠡᠷᠭᠡᠯᠡᠳᠡᠭᠡ᠎ᠵᠢᠨ ᠠᠵᠢᠯ᠎ᠤᠨ ᠬᠤᠷᠠᠯ᠎ᠢ ᠬᠤᠷᠠᠯᠳᠤᠭᠤᠯᠤᠭᠰᠠᠨ ᠨᠢ ᠲᠣᠮᠣ᠌ ᠤᠯᠤᠰ᠎ᠤᠨ ᠬᠥᠷᠰᠢ ᠤᠯᠤᠰ ᠯᠤᠭ᠎ᠠ ᠬᠠᠷᠢᠯᠴᠠᠬᠤ ᠵᠥᠪ ᠵᠠᠮ᠎ᠢ ᠢᠯᠡᠷᠡᠭᠦᠯᠪᠡ; ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ — ᠳᠤᠮᠳᠠ ᠠᠽᠢᠶ᠎ᠠ᠎ᠶᠢᠨ ᠲᠦᠷᠦᠭᠦᠴᠦᠳ᠎ᠦᠨ ᠬᠤᠷᠠᠯ ᠳᠡᠭᠡᠷ᠎ᠡ 100 ᠭᠠᠷᠤᠢ ᠬᠤᠪᠢ ᠬᠠᠮᠲᠤᠷᠠᠯᠴᠠᠭᠠᠨ᠎ᠤ ᠬᠠᠮᠲᠤ᠎ᠶᠢᠨ ᠲᠠᠨᠢᠯᠲᠠ᠎ᠲᠠᠢ ᠪᠣᠯᠵᠤ᠂ 《ᠳᠤᠮᠳᠠᠳᠤ ᠤᠯᠤᠰ — ᠳᠤᠮᠳᠠ ᠠᠽᠢᠶ᠎ᠠ᠎ᠶᠢᠨ ᠵᠣᠷᠢᠭ᠋ ᠰᠠᠨᠠᠭ᠎ᠠ》 ᠭᠡᠷᠡᠯ ᠬᠢᠯᠪᠠᠭ᠎ᠠ ᠪᠡᠨ ᠰᠠᠴᠤᠷᠠᠭᠤᠯᠪᠠ; ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠢᠶᠠᠨᠵᠢᠨ᠎ᠳ᠋ᠡᠬᠢ ᠲᠦᠷᠦᠭᠦᠴᠦᠳ᠎ᠦᠨ ᠬᠤᠷᠠᠯ ᠠᠮᠵᠢᠯᠲᠠ᠎ᠲᠠᠢ ᠬᠤᠷᠠᠯᠳᠤᠵᠤ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ ᠨᠢ ᠥᠷᠭᠡᠨ ᠳᠡᠯᠭᠡᠷ ᠳᠡᠮᠵᠢᠯᠭᠡ ᠵᠢ ᠤᠯᠪᠠ ᠁ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠎ᠦᠨ ᠰᠥᠷᠭᠡᠦ ᠤᠷᠤᠰᠬᠠᠯ᠎ᠳᠤ ᠬᠠᠨᠳᠤᠬᠤ ᠳ᠋ᠠᠭᠠᠨ᠂ ᠳᠤᠮᠳᠠᠳᠤ ᠤᠯᠤᠰ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠲᠤᠭ᠎ᠢ ᠥᠨᠳᠥᠷ ᠮᠠᠨᠳᠤᠭᠤᠯᠵᠤ᠂ ᠡᠷᠡᠰ ᠪᠠᠲᠤ᠎ᠪᠠᠷ ᠳᠡᠯᠡᠬᠡᠢ᠎ᠶᠢᠨ ᠡᠩᠬᠡ ᠲᠠᠢᠪᠤᠩ᠎ᠤᠨ ᠬᠦᠴᠦᠨ᠂ ᠲᠣᠭᠲᠠᠭᠤᠨ ᠬᠦᠴᠦᠨ᠂ ᠳᠠᠪᠰᠢᠩᠭᠤᠢ ᠬᠦᠴᠦᠨ ᠪᠤᠯᠵᠤ᠂ ᠳᠡᠯᠡᠬᠡᠢ ᠳ᠋ᠠᠬᠢᠨ ᠳ᠋ᠡᠬᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭ᠍ᠲᠠᠷᠠᠭᠤᠯᠬᠤ ᠬᠦᠴᠦᠨ ᠲᠠᠰᠤᠷᠠᠯᠳᠡ ᠦᠭᠡᠢ ᠴᠢᠩᠭᠠᠷᠠᠪᠠ᠃ ᠤᠯᠠᠨ ᠤᠯᠤᠰ᠎ᠤᠨ ᠬᠥᠮᠥᠰ᠄ 《ᠡᠳᠦᠷ ᠢᠷᠡᠬᠦᠶ᠎ᠡ ᠲᠥᠰᠥᠭᠡᠯᠡᠬᠦᠶ᠎ᠡ ᠪᠡᠷᠬᠡ ᠪᠣᠯᠵᠤ ᠪᠠᠢᠭ᠎ᠠ ᠪᠦᠬᠦ ᠪᠥᠮᠪᠥᠷᠴᠡᠭ᠎ᠦᠨ ᠣᠷᠴᠢᠨ ᠨᠦᠬᠦᠴᠡᠯ᠎ᠳᠤ᠂ ᠳᠤᠮᠳᠠᠳᠤ ᠤᠯᠤᠰ ᠪᠣᠯ ᠨᠢᠬᠡᠨ ᠬᠡᠰᠡᠭ ᠲᠣᠭᠲᠠᠭᠠᠯᠲᠤ ᠴᠢᠨᠠᠷ᠎ᠤᠨ ᠪᠠᠶᠠᠨ ᠪᠦᠷᠢᠳᠦ ᠪᠣᠯᠣᠨ᠎ᠠ》 ᠭᠡᠪᠡ᠃

ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠢᠯᠠᠯᠲᠠ᠎ᠶᠢᠨ ᠳᠠᠭᠤᠤ ᠪᠠᠨ ᠬᠠᠨᠭᠭᠢᠨᠠᠭᠤᠯᠤᠭᠰᠠᠭᠠᠷ ᠤᠷᠤᠬᠰᠢᠯᠠᠨ᠎ᠠ᠃ 76 ᠵᠢᠯ᠎ᠦᠨ ᠲᠤᠷᠰᠢᠬᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠶᠡᠷᠦ ᠪᠤᠰᠤ᠎ᠶᠢᠨ ᠥᠩᠭᠡᠷᠡᠯᠲᠡ᠎ᠶᠢ ᠡᠷᠭᠢᠴᠡᠭᠦᠯᠪᠡᠯ᠂ ᠮᠠᠨ᠎ᠤ ᠨᠠᠮ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠵᠦ᠂ ᠬᠡᠳᠦᠬᠡᠨ ᠠᠷᠪᠠᠨ ᠵᠢᠯ᠎ᠦᠨ ᠬᠤᠭᠤᠴᠠᠭᠠᠨ᠎ᠳᠤ ᠬᠥᠭᠵᠢᠭᠰᠡᠨ ᠤᠯᠤᠰ᠎ᠤᠨ ᠬᠡᠳᠦᠨ ᠵᠠᠭᠤᠨ ᠵᠢᠯ ᠶᠠᠪᠤᠬᠰᠠᠨ ᠠᠵᠤ ᠦᠢᠯᠡᠳᠪᠦᠷᠢᠵᠢᠯᠲᠡ᠎ᠶᠢᠨ ᠶᠠᠪᠤᠴᠠ᠎ᠶᠢ ᠪᠡᠶᠡᠯᠡᠭᠦᠯᠵᠦ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠣᠯᠣᠨ ᠨᠡᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ᠎ᠤ ᠬᠣᠶᠠᠷ ᠶᠡᠬᠡ ᠭᠠᠢᠬᠠᠮᠰᠢᠭ᠋᠎ᠢ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠮ᠎ᠢᠶᠠᠷ ᠠᠮᠵᠢᠯᠲᠠ᠎ᠲᠠᠢ ᠵᠠᠮᠨᠠᠵᠤ᠂ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠠᠢ᠃ 《ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠡᠷᠬᠢᠰᠢ ᠦᠭᠡᠢ ᠲᠡᠦᠬᠡ᠎ᠶᠢᠨ ᠠᠬᠢᠴᠠ᠎ᠳᠤ ᠣᠷᠣᠭᠰᠠᠨ》 ᠡᠴᠡ 《ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠰᠦᠷ ᠬᠦᠴᠦᠨ ᠬᠣᠷᠢᠭ᠍ᠯᠠᠭᠳᠠᠰᠢ ᠦᠭᠡᠢ ᠪᠤᠯᠤᠭᠰᠠᠨ》 ᠬᠦᠷᠲᠡᠯ᠎ᠡ᠂ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠡᠢᠰᠢ ᠤᠷᠤᠬᠰᠢᠯᠠᠬᠤ ᠳ᠋ᠠᠭᠠᠨ ᠪᠢᠳᠠ 《ᠬᠣᠶᠠᠷ ᠎ᠢ ᠲᠣᠭᠲᠠᠭᠠᠭᠰᠠᠨ》 ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠬᠤ ᠬᠠᠮᠤᠭ᠎ᠤᠨ ᠶᠡᠬᠡ ᠲᠣᠭᠲᠠᠭᠠᠯᠲᠤ ᠴᠢᠨᠠᠷ᠂ ᠬᠠᠮᠤᠭ᠎ᠤᠨ ᠶᠡᠬᠡ ᠢᠳᠡᠬᠡᠯ ᠬᠦᠴᠦᠨ᠂ ᠬᠠᠮᠤᠭ᠎ᠤᠨ ᠶᠡᠬᠡ ᠪᠠᠲᠤᠯᠠᠭ᠎ᠠ ᠮᠥᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠢ ᠭᠡᠳᠡᠭ᠎ᠢ ᠤᠯᠠᠮ ᠭᠦᠨᠵᠡᠭᠡᠢ ᠲᠠᠨᠢᠵᠤ ᠣᠯᠪᠠ᠃

ᠥᠨᠥᠳᠦᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠠᠶᠠᠨ᠎ᠳᠤ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠨᠡᠩ ᠣᠢᠷᠠᠳᠴᠤ᠌᠂ ᠨᠡᠩ ᠢᠯᠡᠭᠦᠦ ᠢᠲᠡᠭᠡᠯ ᠵᠣᠷᠢᠭ ᠪᠠ ᠴᠢᠳᠠᠪᠤᠷᠢ᠎ᠲᠠᠶ ᠪᠣᠯᠤᠭ᠍ᠰᠠᠨ ᠪᠠᠢᠨ᠎ᠠ᠂ ᠡᠭᠦᠨ᠎ᠦ ᠬᠠᠮᠲᠤ ᠡᠷᠬᠡᠪᠰᠢ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠶ᠋ᠳᠪᠦᠷᠢᠲᠦ ᠳᠠᠢᠯᠠᠯᠳᠤᠭᠠᠨ ᠎ᠢ ᠬᠢᠵᠦ᠍ ᠱᠢᠶ᠋ᠳᠪᠦᠷᠢᠲᠦ ᠢᠯᠠᠯᠲᠠ᠎ᠶ᠋ᠢ ᠲᠡᠮᠡᠴᠡᠨ ᠣᠯᠵᠤ᠂《ᠠᠷᠪᠠᠨ ᠲᠠᠪᠤᠳᠤᠭᠠᠷ ᠲᠠᠪᠤᠨ ᠵᠢᠯ》 ᠢ᠋ ᠲᠥᠯᠥᠪᠵᠢᠭᠦᠯᠦᠨ ᠪᠠᠢᠷᠢᠱᠢᠭᠤᠯᠬᠤ᠎ᠳᠤ᠂ ᠪᠢᠳᠡᠨ᠎ᠳᠦ ᠮᠠᠰᠢ ᠣᠯᠠᠨ ᠳᠠᠪᠠᠭᠤᠯᠢᠭ ᠪᠠ ᠨᠥᠬᠥᠴᠡᠯ ᠪᠠᠢᠬᠤ ᠮᠥᠷᠲᠡᠭᠡᠨ ᠪᠠᠰᠠ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ ᠪᠠ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ᠎ᠪᠡᠷ ᠣᠷᠣᠱᠢᠵᠤ᠂ ᠲᠣᠭ᠍ᠲᠠᠭᠠᠯᠲᠤ ᠪᠤᠰᠤ ᠲᠦᠰᠦᠬᠡᠯᠡᠬᠦᠶ᠎ᠠ ᠪᠡᠷᠬᠡ ᠬᠦᠴᠦᠨ ᠵᠦᠶ᠋ᠯ ᠨᠡᠮᠡᠭ᠌ᠳᠡᠵᠦ᠍ ᠪᠠᠢᠭ᠎ᠠ ᠨᠠᠷᠢᠨ ᠪᠤᠳᠤᠯᠢᠶᠠᠨᠲᠠᠶ ᠣᠷᠴᠢᠨ ᠨᠥᠬᠥᠴᠡᠯ ᠳ᠋ᠤ ᠲᠤᠯᠭᠠᠷᠠᠵᠤ ᠪᠠᠢᠨ᠎ᠠ᠂ ᠢᠯᠠᠩᠭᠤᠶ᠎ᠠ 《ᠬᠣᠶᠠᠷ ᠶᠡᠬᠡ ᠲᠠᠯ᠎ᠠ》 ᠶ᠋ᠢ ᠬᠡᠬᠦᠳᠡᠭ ᠴᠡᠭᠡᠵᠢᠨ᠎ᠳᠡᠭᠡᠨ ᠪᠠᠭ᠍ᠲᠠᠭᠠᠵᠤ᠂ ᠰᠡᠷᠭᠦᠨ ᠮᠠᠨᠳᠤᠯᠲᠠ᠎ᠶ᠋ᠢᠨ ᠬᠣᠷᠢᠭ᠍ᠯᠠᠭ᠍ᠳᠠᠰᠢ ᠥᠬᠡᠶ ᠰᠦᠷ ᠬᠦᠴᠦᠨ ᠳ᠋ᠤ᠂ ᠲᠣᠭ᠍ᠲᠠᠭ᠍ᠰᠠᠨ ᠬᠠᠷᠠᠯᠲᠠ ᠵᠢ ᠵᠤᠷᠢᠨ ᠴᠢᠩ ᠵᠤᠷᠢᠭ ᠬᠤᠪᠢᠷᠠᠰᠢ ᠦᠬᠡᠢ ᠲᠡᠮᠡᠴᠡᠬᠦ᠌ ᠬᠡᠷᠡᠭ᠌ᠲᠡᠶ᠃

ᠤᠷᠤᠭᠰᠢᠯᠠᠨ ᠲᠠᠪᠰᠢᠬᠤ᠎ᠳᠠᠭᠠᠨ ᠪᠢᠳᠠ ᠲᠡᠦᠬᠡ᠎ᠶ᠋ᠢᠨ ᠰᠠᠨᠠᠭᠠᠴᠢᠯᠠᠭᠠᠲᠤ ᠤᠪᠤᠷ᠎ᠢᠶᠡᠨ ᠴᠢᠩᠭᠠᠳᠭᠠᠬᠤ ᠬᠡᠷᠡᠭ᠌ᠲᠡᠢ᠃ 1921 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠶᠠᠨ᠎ᠳᠠᠬᠢ ᠨᠢᠭᠡ ᠲᠤᠮᠤ ᠬᠥᠱᠢᠢ᠎ᠡ ᠲᠡᠮᠳᠡᠭ ᠪᠣᠯᠪᠠ᠂ ᠡᠭᠦᠨ᠎ᠡᠴᠡ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭ᠍ᠰᠠᠨ ᠡᠴᠡ᠎ᠪᠠᠨ ᠰᠠᠨᠠᠭᠠᠴᠢᠯᠠᠭ᠎ᠠ᠎ᠲᠠᠶ ᠪᠤᠯᠵᠤ᠂ ᠳᠤᠮᠳᠠᠳᠤ᠎ᠶ᠋ᠢᠨ ᠦᠨᠳᠦᠰᠦᠲᠡᠨ ᠡᠬᠢᠯᠡᠬᠦ ᠳ᠋ᠡᠬᠡᠨ ᠬᠦᠴᠢᠷ ᠪᠡᠷᠬᠡᠱᠢᠶᠡᠯ᠎ᠲᠡᠶ ᠪᠣᠯᠪᠠᠴᠤ᠌ ᠬᠤᠷᠢᠬᠯᠠᠬᠳᠠᠰᠢ ᠦᠭᠡᠢ ᠰᠦᠷ ᠬᠦᠴᠦᠨ᠎ᠢᠶᠡᠷ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠪᠡ᠃ 100 ᠭᠠᠷᠤᠢ ᠵᠢᠯ᠎ᠦᠨ ᠲᠤᠷᠰᠢ᠂ ᠴᠠᠭ᠎ᠤᠨ ᠪᠠᠢᠳᠠᠯ ᠪᠠ ᠡᠭᠦᠷᠭᠡ ᠬᠡᠷᠬᠢᠨ ᠬᠤᠪᠢᠷᠠᠬ᠍ᠰᠠᠨ ᠴᠤ᠌᠂ ᠶᠠᠮᠠᠷ ᠶᠠᠩᠵᠤ᠎ᠶ᠋ᠢᠨ ᠲᠤᠬ᠍ᠰᠢᠨ ᠳᠠᠪᠠᠯᠭᠠᠨ ᠱᠢᠷᠦᠭᠦᠨ ᠲᠤᠯᠬᠢᠶᠠᠨ᠎ᠳᠤ ᠲᠤᠯᠭᠠᠷᠠᠭ᠍ᠰᠠᠨ ᠴᠤ᠌᠂ ᠮᠠᠨ᠎ᠤ ᠨᠠᠮ ᠴᠥᠮ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠡᠷᠬᠡ ᠵᠢ ᠡᠵᠡᠮᠰᠢᠵᠦ᠍᠂ ᠲᠡᠮᠡᠴᠡᠯ᠎ᠦᠨ ᠬᠠᠷᠠᠯᠲᠠ᠎ᠪᠠᠨ ᠪᠠᠳᠤ ᠡᠵᠡᠮᠳᠡᠵᠦ᠂ ᠵᠥᠪ ᠴᠢᠭ᠌ᠯᠡᠯ᠎ᠢᠶᠡᠷ ᠡᠷᠡᠰ ᠪᠠᠲᠤ ᠤᠷᠤᠭ᠍ᠰᠢᠯᠠᠪᠠ᠃ ᠮᠠᠷᠺᠰ᠎ᠤᠨ ᠦᠵᠡᠯ᠎ᠦᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠪᠠᠢᠬᠤ ᠪᠣᠯ ᠮᠠᠨ᠎ᠤ ᠨᠠᠮ᠎ᠤᠨ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠲᠡᠦᠬᠡ ᠎ᠶ᠋ᠢᠨ ᠰᠠᠨᠠᠭᠠᠴᠢᠯᠠᠭᠠᠲᠤ ᠡᠷᠬᠡ᠎ᠵᠢ ᠡᠵᠡᠮᠱᠢᠬᠦ᠌᠎ᠶ᠋ᠢᠨ ᠦᠨᠳᠦᠰᠦ ᠮᠥᠨ ᠭᠡᠳᠡᠭ᠎ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠪᠡ᠃ ᠢᠷᠡᠭᠡᠳᠦᠢ᠎ᠳᠦ ᠬᠠᠨᠳᠤᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨ᠎ᠡ ᠡᠭᠦᠳᠦᠯᠳᠡ᠎ᠶᠢᠨ ᠤᠨᠤᠯ᠎ᠢᠶᠠᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠍᠂ ᠵᠥᠷᠢᠴᠡᠯ ᠪᠠ ᠠᠰᠠᠭᠤᠳᠠᠯ᠎ᠳᠤ ᠱᠢᠭᠤᠳ ᠬᠠᠨᠳᠤᠵᠤ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠎ᠡᠴᠡ ᠤᠬᠤᠷᠢᠬᠤ ᠦᠭᠡᠢ ᠶᠤᠮ ᠪᠣᠯ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠯᠠᠪᠲᠠᠢ ᠨᠡᠭᠡᠭᠡᠵᠦ᠍ ᠴᠢᠳᠠᠨ᠎ᠠ᠃

ᠤᠷᠤᠭᠰᠢᠯᠠᠨ ᠲᠠᠪᠰᠢᠬᠤ ᠳ᠋ᠠᠭᠠᠨ ᠪᠢᠳᠡ ᠪᠣᠳᠠᠲᠠᠢ ᠠᠵᠢᠯᠯᠠᠬᠤ ᠵᠣᠷᠢᠭ᠋ ᠰᠠᠨᠠᠭ᠎ᠠ ᠵᠢ ᠪᠠᠳᠠᠷᠠᠭᠤᠯᠬᠤ ᠬᠡᠷᠡᠭᠲᠡᠢ᠃ ᠬᠥᠮᠥᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠰᠢᠰᠲ᠋ᠸᠮ᠂ ᠨᠡᠢᠭᠡᠮ᠎ᠦᠨ ᠪᠠᠲᠤᠯᠠᠭ᠎ᠠ ᠵᠢᠨ ᠰᠢᠰᠲ᠋ᠸᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲ᠋ᠸᠮ᠎ᠢ ᠪᠠᠢᠭᠤᠯᠵᠤ᠂ ᠳᠡᠯᠡᠬᠡᠢ᠎ᠶᠢᠨ ᠬᠣᠶᠠᠳᠤᠭᠠᠷ ᠲᠣᠮᠣ᠌ ᠠᠵᠤ ᠠᠬᠤᠢ᠎ᠶᠢᠨ ᠴᠣᠭᠴᠠ᠂ ᠪᠠᠷᠠᠭᠠᠨ᠎ᠤ ᠠᠷᠠᠯᠵᠢᠶᠠᠨ᠎ᠤ ᠨᠢᠭᠡᠳᠦᠭᠡᠷ ᠲᠣᠮᠣ᠌ ᠤᠯᠤᠰ᠎ᠤᠨ ᠪᠠᠢᠷᠢ ᠰᠠᠭᠤᠷᠢ ᠪᠠᠨ ᠯᠠᠪᠳᠠᠭᠤᠨ ᠪᠠᠳᠤᠯᠠᠪᠠ ᠁ ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ᠎ᠶᠢ ᠨᠠᠮ ᠪᠣᠯᠣᠨ ᠠᠷᠠᠳ ᠲᠦᠮᠡᠨ ᠬᠠᠮᠲᠤ ᠪᠠᠷ ᠴᠢᠷᠮᠠᠢᠵᠤ᠂ ᠠᠵᠢᠯᠯᠠᠵᠤ᠂ ᠲᠡᠮᠡᠴᠡᠵᠦ ᠪᠠᠢᠭᠠᠳ ᠣᠯᠣᠭᠰᠠᠨ ᠶᠤᠮ᠃ ᠶᠡᠬᠡ ᠶᠤᠰᠤ ᠵᠢ ᠶᠠᠪᠤᠭᠤᠯᠬᠤᠢ ᠳ᠋ᠤ ᠲᠤᠢᠯ᠎ᠤᠨ ᠲᠦᠬᠦᠮ᠂ ᠪᠣᠳᠠᠲᠠᠢ ᠠᠵᠢᠯᠯᠠᠬᠤ ᠨᠢ ᠬᠠᠮᠤᠭ᠎ᠤᠨ ᠴᠢᠬᠤᠯᠠ᠂ 《ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠪᠣᠳᠠᠲᠠᠢ ᠠᠵᠢᠯᠯᠠᠬᠤ᠎ᠳᠤ ᠲᠦᠰᠢᠭᠯᠡᠨ᠎ᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠪᠣᠳᠠᠲᠠᠢ ᠠᠵᠢᠯᠯᠠᠬᠤ᠎ᠳᠤ ᠲᠦᠰᠢᠭᠯᠡᠨ᠎ᠡ》᠃ ᠬᠡᠬᠡᠨ ᠰᠠᠷᠠᠭᠤᠯ ᠵᠠᠮ ᠬᠡᠵᠤ ᠬᠠᠷᠰᠢ ᠰᠠᠭᠠᠳ ᠦᠬᠡᠢ ᠲᠡᠭᠰᠢ ᠠᠭᠤᠳᠠᠮ ᠭᠡᠰᠡᠨ ᠶᠠᠪᠤᠳᠠᠯ ᠪᠢᠰᠢ ᠭᠡᠳᠡᠭ᠎ᠢ ᠡᠷᠬᠡᠪᠰᠢ ᠲᠠᠨᠢᠵᠤ ᠤᠯᠬᠤ ᠬᠡᠷᠡᠭᠲᠡᠢ᠃ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠤ ᠡᠮᠦᠨ᠎ᠡ ᠳᠣᠲᠣᠷ᠎ᠠ᠎ᠪᠠᠨ ᠲᠣᠭ᠎ᠠ᠎ᠲᠠᠢ ᠪᠠᠢᠵᠤ᠂ ᠴᠤᠴᠠᠯᠲᠠ ᠦᠭᠡᠢ ᠤᠷᠤᠭᠰᠢᠯᠠᠬᠤ ᠵᠣᠷᠢᠭ᠋ ᠰᠠᠨᠠᠭ᠎ᠠ᠎ᠪᠠᠷ ᠠᠯᠢᠪᠠ ᠬᠦᠴᠢᠷ ᠪᠡᠷᠬᠡ ᠵᠢ ᠢᠯᠠᠨ ᠲᠠᠪᠠᠵᠤ᠂ ᠠᠯᠢᠪᠠ ᠬᠠᠷᠰᠢ ᠰᠠᠭᠠᠳ᠎ᠢ ᠠᠷᠢᠯᠭᠠᠪᠠᠯ ᠰᠠᠶᠢ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠵᠤ ᠴᠢᠳᠠᠨ᠎ᠠ᠃ ᠢᠷᠡᠭᠡᠳᠦᠢ᠎ᠳᠦ ᠬᠠᠨᠳᠤᠬᠤᠶ᠎ᠠ᠂ ᠵᠦᠪᠬᠡᠨ ᠨᠠᠮ ᠪᠣᠯᠣᠨ ᠠᠷᠠᠳ ᠲᠦᠮᠡᠨ ᠢᠮᠠᠭᠲᠠ ᠬᠠᠮᠲᠦ ᠵᠣᠭᠰᠣᠵᠤ᠂ ᠬᠠᠮᠳᠦ ᠰᠡᠳᠬᠢᠯ ᠨᠢᠬᠡᠳᠴᠤ᠂ ᠬᠠᠮᠳᠦ ᠠᠵᠢᠯᠯᠠᠵᠤ᠂ ᠵᠣᠷᠢᠭ᠍ᠲᠠᠢ᠎ᠪᠠᠷ ᠲᠡᠮᠡᠴᠡᠨ᠂ ᠴᠢᠳᠠᠮᠠᠭᠠᠢ᠎ᠪᠠᠷ ᠡᠭᠦᠳᠦᠨ ᠪᠦᠲᠦᠭᠡᠳᠡᠭ ᠯᠡ ᠶᠤᠮ ᠪᠣᠯ ᠶᠠᠮᠠᠷᠪᠠ ᠰᠠᠯᠬᠢ ᠳᠠᠪᠠᠯᠭᠠᠨ ᠴᠦ᠍ ᠪᠢᠳᠡᠨ᠎ᠦ ᠪᠣᠯᠣᠳ ᠮᠡᠲᠦ ᠰᠥᠰᠥ ᠵᠣᠷᠢᠭ᠋᠎ᠢ ᠭᠤᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠢᠷ ᠪᠡᠷᠬᠡᠰᠢᠶᠡᠯ ᠬᠡᠳ ᠪᠢᠳᠡᠨ᠎ᠦ ᠢᠳᠡᠷᠡᠭᠦᠨ ᠠᠯᠬᠤᠭ᠎ᠠ᠎ᠶᠢ ᠬᠣᠷᠢᠭ᠍ᠯᠠᠵᠤ ᠴᠢᠳᠠᠬᠤ ᠦᠭᠡᠢ ᠶᠤᠮ᠃

ᠤᠷᠤᠬᠰᠢᠯᠠᠯᠳᠠ ᠵᠢᠨ ᠵᠠᠮ ᠬᠡᠬᠡᠨ ᠰᠠᠷᠠᠭᠤᠯ᠂ ᠰᠦᠷ ᠬᠦᠴᠦᠨ ᠬᠤᠷᠢᠭᠯᠠᠭᠳᠠᠰᠢ ᠦᠭᠡᠢ᠃ ᠪᠢᠳᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠡᠨᠡ ᠬᠦ᠌ ᠭᠣᠣᠯ ᠡᠭᠦᠷᠭᠡ᠎ᠶᠢᠨ ᠲᠣᠭᠣᠷᠢᠨ᠎ᠳᠤ᠂ ᠤᠷᠢᠳᠤᠬᠢ᠎ᠶᠢ ᠵᠠᠯᠭᠠᠮᠵᠢᠯᠠᠨ ᠬᠣᠢᠲᠤᠬᠢ᠎ᠳᠤ ᠵᠠᠮ ᠨᠡᠭᠡᠭᠡᠵᠦ᠂ ᠡᠷᠡᠯᠬᠡᠭᠯᠡᠨ ᠤᠷᠤᠭᠰᠢᠯᠠᠵᠠᠭᠠᠶ᠎ᠠ᠃ ᠬᠠᠷᠠᠭᠠᠴᠢ᠂ ᠢᠷᠠᠭᠤ ᠠᠯᠳᠠᠷ ᠪᠠ ᠬᠦᠰᠡᠯ ᠵᠡᠭᠦᠳᠦ ᠶᠠᠭ ᠡᠮᠦᠨ᠎ᠡ ᠪᠤᠢ !

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 30᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号