ᠬᠦᠬᠡᠬᠤᠳᠠ 456.88 ᠲᠦᠮᠡᠨ ᠵᠢᠭᠤᠯᠴᠢᠯᠠᠭᠴᠢ᠎ᠵᠢ ᠬᠦᠯᠢᠶᠡᠨ ᠠᠪᠴᠤ 《ᠬᠠᠮᠤᠭ᠎ᠤᠨ ᠬᠦᠷᠢᠶᠡᠯᠡᠯ ᠲᠠᠢ ᠬᠤᠳᠠ》 ᠪᠤᠯᠵᠠᠢ
2025-10-10 11:38:49
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2025 ᠣᠨ ᠎ᠤ ᠤᠯᠤᠰ ᠎ᠤᠨ ᠪᠠᠶᠠᠷ ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠬᠥᠬᠡᠬᠣᠲᠠ ᠤᠯᠤᠰ᠎ᠤᠨ ᠲᠤᠳᠤᠭᠠᠳᠤ ᠵᠢᠨ ᠵᠢᠭᠤᠯᠴᠢᠯᠠᠭᠴᠢ᠎ᠵᠢ 456.88 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠠᠳᠠᠯᠢ ᠬᠤᠭᠤᠴᠠᠭᠠᠨ᠎ᠤ᠎ᠬᠢ᠎ᠡᠴᠡ 9.28% ᠪᠠᠷ ᠨᠡᠮᠡᠭ᠌ᠳᠡᠵᠦ᠂ ᠤᠯᠤᠰ᠎ᠤᠨ ᠳᠣᠲᠣᠭᠠᠳᠤ᠎ᠶ᠋ᠢᠨ ᠰᠤᠶᠤᠯ ᠵᠢᠭᠤᠯᠴᠢᠯᠠᠯ᠎ᠤᠨ ᠭᠡᠷᠡᠭᠯᠡᠭᠡ 32.53 ᠳ᠋ᠦᠩᠱᠢᠭᠤᠷ ᠲᠥᠭᠥᠷᠢᠭ ᠎ᠢ ᠳᠠᠪᠠᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠠᠳᠠᠯᠢ ᠬᠤᠭᠤᠴᠠᠭᠠᠨ᠎ᠤ᠎ᠬᠢ᠎ᠡᠴᠡ 9.31% ᠎ᠪᠠᠷ ᠨᠡᠮᠡᠭ᠌ᠳᠡᠵᠦ᠍᠂ ᠪᠥᠬᠥ᠌ ᠣᠷᠣᠨ᠎ᠤ ᠵᠢᠭᠤᠯᠴᠢᠯᠠᠯ᠎ᠤᠨ 《ᠬᠠᠮᠤᠭ᠎ᠤᠨ ᠬᠦᠷᠢᠶᠡᠯᠡᠯ ᠲᠠᠢ ᠬᠤᠳᠠ》 ᠪᠤᠯᠵᠠᠢ᠃

ᠠᠮᠠᠷᠠᠯᠳᠠ᠎ᠶᠢᠨ ᠬᠤᠭᠤᠴᠠᠭᠠᠨ᠎ᠳᠦ᠂ ᠬᠥᠬᠡᠬᠣᠲᠠ《15 ᠮᠢᠨᠦ᠋ᠲ᠎ᠦᠨ ᠰᠣᠶᠣᠯ ᠵᠢᠭᠤᠯᠴᠢᠯᠠᠯ ᠎ᠤᠨ ᠠᠮᠢᠳᠤᠷᠠᠯ ᠎ᠤᠨ ᠲᠣᠭᠣᠷᠢᠭ》 ᠢ᠋ ᠰᠠᠢᠲᠤᠷ ᠲᠥᠯᠥᠪᠵᠢᠭᠦᠯᠵᠦ᠍᠂ ᠰᠣᠶᠣᠯ ᠵᠢᠭᠤᠯᠴᠢᠯᠠᠯ᠎ᠤᠨ ᠠᠷᠠᠳ᠎ᠲᠤ ᠠᠱᠢᠭ ᠬᠦᠷᠲᠡᠭᠡᠬᠦ᠌ 《ᠪᠦᠷᠢᠨ ᠴᠢᠳᠠᠮᠵᠢᠳᠦ ᠺᠠᠷᠲ》 ᠢ᠋ ᠠᠩᠬ᠎ᠠ ᠲᠠᠷᠬᠠᠭᠠᠵᠤ᠂ ᠪᠥᠬᠥ᠌ ᠬᠣᠲᠠ᠎ᠶ᠋ᠢᠨ 24 ᠦᠵᠡᠮᠵᠢ᠎ᠶ᠋ᠢᠨ ᠣᠷᠣᠨ ᠵᠢᠴᠢ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠦᠨ ᠲᠠᠯᠠᠪᠠᠢ ᠭᠠᠵᠠᠷ᠎ᠲᠤ ᠰᠠᠭᠠᠳ ᠥᠬᠡᠶ ᠵᠢᠭᠤᠯᠴᠢᠯᠠᠬᠤ᠎ᠶ᠋ᠢ ᠪᠡᠶᠡᠯᠡᠭᠦᠯᠵᠦ᠍᠂ ᠬᠦᠮᠦᠰ᠎ᠤᠨ ᠬᠦᠷᠢᠶᠡᠯᠡᠯ ᠎ᠢ ᠤᠯᠵᠠᠢ᠃ ᠠᠮᠠᠷᠠᠯᠳᠠ᠎ᠳᠦ᠂ 《ᠪᠣᠯᠪᠠᠰᠤᠨ ᠠᠶᠠᠯᠠᠯ》 ᠠᠭᠤᠳᠠᠮ ᠲᠠᠯᠠᠪᠠᠢ᠎ᠶ᠋ᠢᠨ ᠪᠥᠵᠢᠭ ᠎ᠦᠨ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ᠎ᠢ ᠡᠷᠬᠢᠯᠡᠵᠦ᠍ ᠂ ᠬᠡᠳᠦᠨ ᠮᠢᠩᠭᠠᠨ ᠬᠦᠮᠦᠰ ᠬᠠᠮᠲᠤ᠎ᠪᠠᠷ ᠪᠥᠵᠢᠭ᠌ᠯᠡᠵᠡᠭᠡᠵᠦ᠍᠂ ᠴᠡᠯᠡᠭᠡᠷ ᠲᠠᠯ᠎ᠠ ᠲᠠᠯ᠎ᠠ ᠨᠤᠲᠤᠭ᠎ᠲᠦ ᠡᠳᠦᠷ ᠪᠦᠷᠢ ᠲᠣᠭ᠍ᠯᠠᠯᠲᠠ ᠭᠠᠷᠭᠠᠨ᠂ 《ᠣᠪᠣᠭᠠᠨ ᠳᠡᠭᠡᠷᠡᠬᠢ ᠠᠭᠤᠯᠵᠠᠯᠲᠠ》᠂ ᠪᠣᠳᠠᠲᠤ ᠦᠵᠡᠭᠳᠡᠯᠳᠦ ᠶᠣᠰᠣᠯᠠᠯ᠎ᠤᠨ ᠲᠤᠭᠯᠠᠯᠳᠠ ᠨᠢ ᠲᠠᠯ᠎ᠠ ᠨᠤᠲᠤᠭ ᠎ᠤᠨ ᠤᠯᠠᠮᠵᠢᠯᠠᠯ ᠎ᠢ ᠬᠠᠷᠠᠭᠤᠯᠵᠦ᠂ ᠭᠣᠢᠳᠠ ᠰᠠᠢᠬᠠᠨ ᠬᠤᠪᠴᠠᠰᠤ ᠵᠠᠰᠠᠯ᠎ᠤᠨ ᠦᠵᠡᠭᠦᠯᠭᠡ ᠨᠢ ᠦᠨᠳᠦᠰᠦᠲᠡᠨ ᠎ᠦ ᠵᠠᠩ ᠦᠢᠯᠡ᠎ᠶ᠋ᠢ ᠢᠯᠡᠷᠡᠭᠦᠯᠪᠡ᠃ 《2025 ᠣᠨ᠎ᠤ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠵᠢᠭᠤᠯᠴᠢᠯᠠᠯ ᠎ᠤᠨ ᠮᠡᠳᠡᠭᠦᠯᠦᠯᠲᠡ》 ᠵᠢ ᠦᠨᠳᠦᠰᠦᠯᠡᠪᠡᠯ᠂ ᠵᠢᠭᠤᠯᠴᠢᠯᠠᠯ᠎ᠤᠨ ᠵᠣᠷᠢᠯᠳᠠᠳᠦ ᠭᠠᠵᠠᠷ᠎ᠤᠨ ᠰᠣᠩᠭᠣᠯᠲᠠ ᠳᠡᠭᠡᠷ᠎ᠡ᠂ ᠬᠥᠬᠡᠬᠣᠲᠠ ᠵᠡᠷᠭᠡ ᠭᠠᠵᠠᠷ᠎ᠢᠶᠠᠷ ᠲᠥᠯᠥᠭᠡᠯᠡᠭᠦᠯᠦᠭ᠌ᠰᠡᠨ ᠬᠤᠯᠠ ᠵᠠᠮ᠎ᠤᠨ ᠭᠦᠨᠵᠡᠬᠡᠢ ᠪᠡᠶᠡᠴᠢᠯᠡᠨ ᠤᠢᠯᠠᠭᠠᠯᠳᠠ ᠎ᠶᠢᠨ ᠵᠢᠭᠤᠯᠴᠢᠯᠠᠯ᠎ᠤᠨ ᠰᠤᠩᠭᠤᠯᠳᠠ ᠢᠯᠡᠷᠬᠡᠶ ᠨᠡᠮᠡᠭᠳᠡᠵᠦ᠂ ᠬᠥᠬᠡᠬᠣᠲᠠ᠎ᠶ᠋ᠢᠨ ᠪᠦᠬᠦᠯᠢ ᠴᠣᠭ᠍ᠴᠠ ᠎ᠶ᠋ᠢᠨ ᠵᠢᠭᠤᠯᠴᠢᠯᠠᠯ᠎ᠤᠨ ᠵᠠᠬᠢᠶᠠᠯᠠᠭ᠎ᠠ᠎ᠶ᠋ᠢᠨ ᠨᠡᠮᠡᠭ᠌ᠳᠡᠯ ᠎ᠦᠨ ᠬᠡᠮᠵᠢᠶ᠎ᠡ᠎ᠨᠢ 30% ᠱᠢᠬᠠᠮ ᠪᠣᠯᠵᠠᠶ᠃ ᠮᠧᠶ ᠲᠣᠧᠠᠨ ᠰᠦᠯᠵᠢᠶ᠎ᠠ᠎ᠶᠢᠨ 《2025 ᠣᠨ᠎ᠤ ᠤᠯᠤᠰ᠎ᠤᠨ ᠪᠠᠶᠠᠷ᠎ᠤᠨ ᠬᠥᠬᠡᠬᠣᠲᠠ᠎ᠶ᠋ᠢᠨ ᠲᠣᠰ ᠭᠠᠵᠠᠷ᠎ᠤᠨ ᠠᠮᠢᠳᠤᠷᠠᠯ᠎ᠤᠨ ᠦᠶ᠋ᠯᠡᠴᠢᠯᠡᠭᠡ ᠬᠡᠷᠡᠭ᠌ᠯᠡᠭᠡᠨ᠎ᠦ ᠮᠡᠳᠡᠭᠦᠯᠦᠯᠲᠡ》 ᠵᠢ ᠦᠨᠳᠦᠰᠤᠯᠡᠪᠡᠯ᠂ ᠬᠥᠬᠡᠬᠣᠲᠠ᠎ᠶ᠋ᠢᠨ ᠲᠣᠰ ᠭᠠᠵᠠᠷ᠎ᠤᠨ ᠠᠮᠢᠳᠤᠷᠠᠯ᠎ᠤᠨ ᠦᠶ᠋ᠯᠡᠴᠢᠯᠡᠭᠡ ᠬᠡᠷᠡᠭ᠌ᠯᠡᠭᠡ᠎ᠶᠢᠨ ᠬᠡᠮᠵᠢᠶ᠎ᠠ ᠠᠳᠠᠯᠢ ᠬᠤᠭᠤᠴᠠᠭᠠᠨ᠎ᠤ᠎ᠬᠢ᠎ᠡᠴᠡ 6.5% ᠪᠠᠷ ᠨᠡᠮᠡᠭ᠌ᠳᠡᠵᠦ᠍᠂ ᠬᠡᠷᠡᠭ᠌ᠯᠡᠭᠡᠨ᠎ᠦ ᠬᠡᠪᠴᠢᠶ᠎ᠡ᠎ᠨᠢ ᠪᠦᠬᠦ ᠣᠷᠣᠨ᠎ᠳᠤ ᠨᠢᠭᠡᠳᠦᠭᠡᠷ᠎ᠲᠦ ᠵᠢᠭ᠍ᠰᠠᠭᠠᠭ᠍ᠳᠠᠵᠤ᠂ ᠪᠥᠬᠥ᠌ ᠤᠯᠤᠰ ᠎ᠲᠤ 52 ᠳ᠋ᠤᠭᠠᠷ᠎ᠲᠤ ᠵᠢᠭ᠍ᠰᠠᠭᠠᠭ᠍ᠳᠠᠵᠠᠶ᠃  ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠎ᠤ ᠬᠡᠷᠡᠭ᠌ᠯᠡᠭᠡ ᠠᠳᠠᠯᠢ ᠬᠤᠭᠤᠴᠠᠭᠠᠨ᠎ᠤ᠎ᠬᠢ᠎ᠡᠴᠡ 61.9% ᠪᠠᠷ ᠨᠡᠮᠡᠭ᠌ᠳᠡᠵᠦ᠍᠂ ᠨᠡᠮᠡᠭ᠌ᠳᠡᠯ ᠎ᠦᠨ ᠬᠡᠮᠵᠢᠶ᠎ᠡ᠎ᠨᠢ ᠬᠠᠮᠤᠭ᠎ᠤᠨ ᠰᠠᠢᠨ ᠪᠣᠯᠵᠠᠶ᠃ ᠡᠭᠦᠨ᠎ᠦ ᠬᠠᠮᠲᠤ᠂ ᠲᠥᠪ ᠲᠧᠯᠸᠢᠰ᠎ᠦᠨ 《ᠦᠷᠯᠦᠬᠡ᠎ᠶ᠋ᠢᠨ ᠰᠣᠨᠣᠰᠭᠠᠯ》 ᠳ᠋ᠦ ᠮᠡᠳᠡᠭᠡᠯᠡᠭ᠌ᠰᠡᠨ᠎ᠢᠶᠡᠷ᠂ ᠬᠥᠬᠡᠬᠣᠲᠠ ᠥᠪᠥᠷ ᠮᠣᠩᠭᠣᠯ ᠎ᠤᠨ  ᠵᠢᠭᠤᠯᠴᠢᠯᠠᠯ᠎ᠤᠨ 《ᠬᠠᠮᠤᠭ᠎ᠤᠨ ᠬᠦᠷᠢᠶᠡᠯᠡᠯ ᠲᠠᠢ ᠬᠤᠳᠠ》 ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号