ᠠᠯᠲᠠᠨ ᠨᠠᠮᠤᠷ ᠤ᠋ᠨ ᠤᠯᠠᠷᠢᠯ ᠶ᠋ᠢᠡᠷ ᠲᠦᠩᠯᠢᠶᠣᠣ ᠬᠤᠳᠠ ᠶ᠋ᠢᠨ ᠬᠦᠷᠢᠶ᠎ᠡ ᠬᠣᠰᠢᠭᠤᠨ ᠤ᠋ ᠡᠯ᠎ᠡ ᠭᠠᠵᠠᠷ ᠤ᠋ᠨ ᠮᠠᠯᠴᠢᠨ ᠲᠠᠷᠢᠶᠠᠴᠢᠳ ᠴᠠᠭ ᠢ᠋ ᠠᠮᠵᠢᠨ ᠬᠥᠭᠡ ᠳᠠᠷᠤᠰᠢ ᠶ᠋ᠢᠨ ᠡᠷᠳᠡᠨᠢ ᠰᠢᠰᠢ ᠪᠡᠨ ᠬᠠᠳᠤᠵᠤ ᠬᠤᠷᠢᠶᠠᠬᠤ ᠪᠠ ᠬᠠᠳᠠᠭᠠᠯᠠᠵᠤ ᠲᠠᠷᠤᠰᠢᠭᠤᠯᠬᠤ ᠠᠵᠢᠯ ᠳ᠋ᠤ ᠶᠠᠭᠠᠷᠠᠯᠳᠤᠵᠤ᠂ ᠮᠠᠯ ᠤᠨᠤᠭ᠎ᠠ ᠪᠡᠨ ᠮᠡᠨᠳᠦ ᠤᠨᠳᠤᠷᠤᠭᠤᠯᠬᠤ ᠲᠡᠵᠢᠭᠡᠯ ᠪᠣᠷᠳᠣᠭ᠎ᠠ ᠶ᠋ᠢ ᠱᠠᠯᠠᠪᠳᠠᠨ ᠨᠦᠭᠡᠴᠡᠯᠡᠨᠠ᠃ ᠡᠨᠡ ᠵᠢᠯ ᠲᠤᠰ ᠬᠤᠰᠢᠭᠤ 45 ᠲᠦᠮᠡᠨ ᠮᠤ᠌ ᠶ᠋ᠢᠨ ᠬᠥᠭᠡ ᠳᠠᠷᠤᠰᠢ ᠶ᠋ᠢᠨ ᠡᠷᠳᠡᠨᠢ ᠰᠢᠰᠢ ᠲᠠᠷᠢᠵᠤ᠂ 135 ᠲᠦᠮᠡᠨ ᠲᠣᠨ ᠬᠥᠭᠡ ᠳᠠᠷᠤᠰᠢ ᠲᠠᠷᠤᠰᠢᠭᠤᠯᠬᠤ ᠪᠡᠷ ᠵᠢᠱ᠌ᠢᠵᠦ ᠪᠠᠢᠨ᠎ᠠ᠃

ᠬᠦᠷᠢᠶ᠎ᠠ ᠬᠤᠰᠢᠭᠤ ᠮᠢᠬᠠᠨ ᠤ᠋ ᠦᠭᠡᠷ ᠤ᠋ᠨ ᠠᠵᠤ ᠦᠢᠯᠡᠰ ᠢ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠠᠩᠬᠢᠯᠠᠭ᠎ᠠ ᠶ᠋ᠢᠨ ᠠᠷᠭ᠎ᠠ ᠬᠡᠮᠵᠢᠶ᠎ᠠ ᠶ᠋ᠢᠨ ᠨᠢᠭᠡ ᠪᠤᠯᠭᠠᠵᠤ᠂ ᠬᠡᠪᠴᠢᠶᠡᠵᠢᠭᠰᠡᠨ ᠪᠦᠭᠡᠳ ᠤᠯᠠᠨ ᠡᠰᠢᠴᠢᠯᠡᠭᠰᠡᠨ ᠤᠳᠤ ᠦᠶ᠎ᠠ ᠶ᠋ᠢᠨ ᠲᠡᠵᠢᠭᠡᠨ ᠦᠷᠡᠵᠢᠭᠦᠯᠬᠦ ᠪᠠᠢᠷᠢᠰᠢᠯ ᠢ᠋ ᠨᠢᠭᠡᠨᠳᠡ ᠪᠦᠷᠢᠯᠳᠦᠭᠦᠯᠪᠡ᠃ ᠬᠥᠭᠡ ᠳᠠᠷᠤᠰᠢ ᠶ᠋ᠢᠨ ᠡᠷᠳᠡᠨᠢ ᠰᠢᠰᠢ ᠶ᠋ᠢᠨ ᠤᠷᠭᠤᠯᠳᠠ ᠶ᠋ᠢᠨ ᠬᠤᠭᠤᠴᠠᠭ᠎ᠠ ᠨᠢ ᠣᠬᠣᠷ᠂ ᠨᠢᠭ᠍ᠲᠠ ᠲᠠᠷᠢᠵᠤ ᠪᠤᠯᠬᠤ᠂ ᠤᠨᠠᠯᠲᠠ ᠨᠢ ᠥᠨᠳᠥᠷ᠂ ᠰᠢᠮ᠎ᠡ ᠲᠡᠵᠢᠭᠡᠯ ᠡᠯᠪᠡᠭ ᠵᠡᠷᠭᠡ ᠳᠠᠪᠠᠭᠤᠯᠢᠭ᠋ ᠲᠤ᠌ ᠰᠠᠭᠤᠷᠢᠯᠠᠨ᠂ ᠣᠢᠷᠠᠶᠢᠨ ᠵᠢᠯ ᠳ᠋ᠤ ᠲᠤᠰ ᠬᠣᠰᠢᠭᠤ ᠮᠢᠬᠠᠨ ᠤ᠋ ᠦᠬᠡᠷ ᠦ᠋ᠨ ᠬᠡᠷᠡᠭᠴᠡᠭᠡ ᠳ᠋ᠤ ᠵᠣᠬᠢᠴᠠᠭᠰᠠᠨ ᠬᠥᠭᠡ ᠳᠠᠷᠤᠰᠢ ᠶ᠋ᠢᠨ ᠡᠷᠳᠡᠨᠢ ᠰᠢᠰᠢ ᠳᠠᠷᠢᠬᠤ ᠵᠢ ᠶᠡᠬᠡ ᠪᠡᠷ ᠬᠥᠭᠵᠢᠭᠦᠯᠵᠦ᠂ ᠳᠠᠷᠢᠵᠤ ᠲᠡᠵᠢᠭᠡᠬᠦ ᠶ᠋ᠢ ᠤᠶᠠᠯᠳᠤᠭᠤᠯᠬᠤ ᠠᠷᠭ᠎ᠠ ᠬᠡᠯᠪᠡᠷᠢ ᠪᠡᠷ ᠲᠡᠵᠢᠭᠡᠨ ᠦᠷᠡᠵᠢᠭᠦᠯᠬᠦ ᠦᠢᠯᠡᠰ ᠤ᠋ᠨ ᠥᠪᠡᠷ ᠦ᠋ᠨ ᠥᠷᠲᠡᠭ ᠢ᠋ ᠤᠯᠠᠮ ᠨᠢᠭᠡ ᠠᠯᠬᠤᠮ ᠪᠠᠭᠤᠷᠠᠭᠤᠯᠤᠨ᠂ ᠮᠠᠯᠴᠢᠨ ᠲᠠᠷᠢᠶᠠᠴᠢᠤᠨ ᠤ᠋ᠨ ᠣᠷᠣᠯᠭ᠎ᠠ ᠶ᠋ᠢᠨ ᠨᠡᠮᠡᠭᠳᠡᠯ ᠳ᠋ᠤ ᠬᠦᠴᠦᠨ ᠨᠡᠮᠡᠷᠢᠯᠡᠵᠤ ᠪᠤᠢ᠃
ᠰᠤᠷᠪᠤᠯᠵᠢᠯᠠᠭᠴᠢ ᠬᠦᠷᠢᠶ᠎ᠠ ᠬᠣᠰᠢᠭᠤᠨ ᠤ᠋ ᠬᠦᠷᠢᠶ᠎ᠡ ᠪᠠᠯᠭᠠᠰᠤ ᠶ᠋ᠢᠨ ᠳᠤᠤᠷ᠎ᠠ ᠶᠠᠩᠰᠢᠪ ᠵᠡᠭᠥᠨ ᠭᠠᠴᠠᠭᠠᠨ ᠤ᠋ ᠬᠥᠭᠡ ᠳᠠᠷᠤᠰᠢ ᠶ᠋ᠢᠨ ᠡᠷᠳᠡᠨᠢ ᠰᠢᠰᠢ ᠶ᠋ᠢᠨ ᠲᠠᠷᠢᠶᠠᠨ ᠳ᠋ᠤ ᠬᠦᠷᠪᠡᠯ᠂ ᠡᠷᠳᠡᠨᠢ ᠰᠢᠰᠢ ᠨᠢ ᠭᠦᠢᠴᠡᠳ ᠢᠳᠡᠭᠡᠰᠢᠭᠡᠳ᠂ ᠨᠠᠪᠴᠢ ᠨᠠᠮᠠᠭ᠎ᠠ ᠨᠢ ᠰᠠᠬᠤᠯᠢᠭ᠋ ᠤᠷᠭᠤᠵᠤ᠂ ᠬᠠᠳᠤᠵᠤ ᠬᠤᠷᠢᠶᠠᠵᠤ ᠪᠤᠯᠬᠤ ᠴᠠᠭ ᠲᠠᠭᠠᠨ ᠣᠷᠣᠭᠰᠠᠨ ᠪᠠᠢᠪᠠ᠃ ᠬᠥᠬᠡ ᠳᠠᠷᠤᠰᠢᠶᠢᠨ ᠡᠷᠳᠡᠨᠢ ᠰᠢᠰᠢ ᠪᠠᠨ ᠬᠠᠳᠤᠵᠤ ᠬᠤᠷᠢᠶᠠᠬᠤ ᠪᠡᠷ ᠶᠠᠭᠠᠷᠠᠵᠤ ᠪᠠᠢᠭᠰᠠᠨ ᠲᠤᠰ ᠭᠠᠴᠠᠭᠠᠨ ᠤ᠋ ᠲᠠᠷᠢᠶᠠᠴᠢᠨ ᠬᠤᠩ ᠱᠠᠨ᠄ 《ᠡᠨᠡ ᠵᠢᠯ ᠮᠠᠨ ᠤ᠋ ᠬᠢ 150 ᠮᠦ᠍ ᠶ᠋ᠢᠨ ᠬᠥᠭᠡ ᠳᠠᠷᠤᠰᠢ ᠶ᠋ᠢᠨ ᠡᠷᠳᠡᠨᠢ ᠰᠢᠰᠢ ᠲᠠᠷᠢᠵᠠᠢ᠃ ᠮᠠᠨ ᠤ᠋ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ 150 ᠭᠠᠷᠤᠢ ᠦᠨᠢᠶ᠎ᠡ ᠲᠡᠵᠢᠭᠡᠵᠦ ᠪᠠᠢᠭ᠎ᠠ ᠪᠤᠯᠬᠤᠷ ᠨᠢᠭᠡ ᠦᠬᠡᠷ ᠲᠤ᠌ ᠪᠠᠷᠤᠭ ᠨᠢᠭᠡ ᠮᠦ᠍ ᠬᠦᠬᠡ ᠲᠠᠷᠤᠰᠢ ᠶ᠋ᠢᠨ ᠲᠠᠷᠢᠶ᠎ᠠ ᠨᠤᠬᠳᠠᠭᠤᠯᠬᠤ ᠪᠠᠷᠢᠮᠵᠢᠶ᠎ᠠ ᠪᠡᠷ ᠲᠠᠷᠢᠭᠰᠠᠨ ᠶᠤᠮ᠃ ᠡᠨᠡ ᠵᠢᠯ ᠦ᠋ᠨ ᠤᠨᠠᠯᠲᠠ ᠰᠠᠢᠨ᠂ ᠮᠦ᠍ ᠪᠦᠷᠢ ᠶ᠋ᠢᠨ ᠤᠨᠠᠯᠲᠠ 8000 ᠵᠢᠩ ᠤᠷᠴᠢᠮ ᠳ᠋ᠤ ᠬᠥᠷᠥᠨ᠎ᠡ᠃ ᠬᠥᠭᠡ ᠳᠠᠷᠤᠰᠢ ᠶ᠋ᠢᠨ ᠰᠢᠮ᠎ᠡ ᠲᠡᠵᠢᠭᠡᠯ ᠦ᠋ᠨ ᠥᠷᠲᠡᠭ ᠥᠨᠳᠥᠷ᠂ ᠳᠠᠷᠤᠰᠢᠭᠤᠯᠤᠭᠰᠠᠨ ᠪᠤᠷᠳᠤᠭ᠎ᠠ ᠪᠠᠷ ᠨᠢᠭᠡ ᠪᠦᠯᠦᠭ ᠨᠠᠷᠢᠯᠢᠭ᠋ ᠪᠣᠷᠳᠣᠭ᠎ᠠ ᠶ᠋ᠢ ᠣᠷᠣᠯᠠᠭᠤᠯᠪᠠᠯ ᠮᠠᠯ ᠤ᠋ᠨ ᠤᠯᠠᠨ ᠲᠠᠯ᠎ᠠ ᠶ᠋ᠢᠨ ᠰᠢᠮ᠎ᠡ ᠲᠡᠵᠢᠭᠡᠯ ᠦ᠋ᠨ ᠬᠡᠷᠡᠭᠴᠡᠭᠡ ᠶ᠋ᠢ ᠬᠠᠩᠭᠠᠵᠤ ᠳᠡᠶ᠋ᠢᠯᠬᠦ ᠪᠦᠭᠡᠳ ᠮᠠᠯ ᠲᠡᠵᠢᠭᠡᠬᠦ ᠥᠪᠡᠷ ᠦ᠋ᠨ ᠥᠷᠲᠡᠭ ᠢ᠋ ᠴᠤ᠌ ᠪᠠᠭᠠᠰᠠᠬᠵᠤ᠂ ᠦᠬᠡᠷ ᠪᠦᠷᠢ ᠳ᠋ᠤ ᠵᠢᠯ ᠤ᠋ᠨ 500 ᠲᠥᠭᠥᠷᠢᠭ ᠣᠷᠴᠢᠮ ᠦᠪᠡᠷ ᠤ᠋ᠨ ᠦᠷᠳᠡᠭ ᠢ᠋ ᠠᠷᠪᠢᠯᠠᠵᠤ ᠲᠠᠶ᠋ᠢᠯᠤᠨᠠ》 ᠭᠡᠵᠥ ᠶᠠᠷᠢᠵᠤ ᠪᠠᠢᠯ᠎ᠠ᠃
ᠬᠥᠭᠡ ᠳᠠᠷᠤᠰᠢ ᠵᠢᠨ ᠡᠷᠳᠡᠨᠢ ᠰᠢᠰᠢ ᠲᠠᠷᠤᠰᠢᠭᠤᠯᠬᠤ ᠨᠢ ᠮᠦᠨ ᠴᠤ᠌ ᠵᠠᠩᠭᠢᠯᠠᠭ᠎ᠠ ᠶ᠋ᠢᠨ ᠠᠵᠢᠯ ᠪᠤᠯᠤᠨ᠎ᠠ᠃ ᠰᠤᠷᠪᠤᠯᠵᠢᠯᠠᠭᠴᠢ ᠡᠯᠡᠰᠥᠨ ᠪᠠᠯᠭᠠᠰᠤ ᠵᠢᠨ ᠪᠧᠪᠧ ᠭᠠᠴᠠᠭᠠᠨ ᠤ᠋ ᠮᠠᠯᠴᠢᠨ ᠢᠩᠭᠡᠷ ᠤ᠋ᠨ ᠳ᠋ᠤ ᠬᠦᠷᠪᠡᠯ᠂ ᠲᠤᠯᠤᠭ᠎ᠠ ᠨᠠᠢ᠍ᠮᠠᠨ ᠲᠣᠰᠬᠣᠨ ᠤ᠋ ᠠᠷᠠᠳ ᠰᠠᠶᠢᠬᠠᠨ ᠬᠤᠷᠢᠶᠠᠭᠰᠠᠨ ᠬᠥᠭᠡ ᠳᠠᠷᠤᠰᠢ ᠶ᠋ᠢᠨ ᠡᠷᠳᠡᠨᠢ ᠰᠢᠰᠢ ᠶ᠋ᠢ ᠨᠢ ᠵᠣᠭᠣᠷᠢᠯᠠᠬᠤ ᠳ᠋ᠤ ᠬᠠᠪᠰᠤᠷᠴᠤ ᠪᠠᠢᠪᠠ᠃ ᠳᠡᠳᠡ ᠬᠡᠷᠴᠢᠭᠰᠡᠨ ᠬᠥᠭᠡ ᠳᠠᠷᠤᠰᠢ ᠶ᠋ᠢᠨ ᠡᠷᠳᠡᠨᠢ ᠰᠢᠰᠢ ᠶ᠋ᠢ ᠵᠤᠭᠤᠷᠢ ᠳ᠋ᠤ ᠨᠡᠮᠡᠬᠥ ᠵᠢᠨ ᠳᠠᠭᠠᠤ ᠬᠡᠪᠰᠢᠭᠥᠯᠵᠤ ᠳᠠᠷᠤᠰᠢᠭᠤᠯᠤᠨ᠂ ᠵᠣᠭᠣᠷᠢ ᠳᠦᠭᠦᠷᠦᠭᠰᠡᠨ ᠤ᠋ ᠳᠠᠷᠠᠭ᠎ᠠ ᠰᠦᠯᠢᠶᠥᠦ ᠪᠦᠷᠬᠦᠪᠴᠢ ᠪᠡᠷ ᠨᠢᠭ᠍ᠲᠠ ᠪᠢᠲᠡᠭᠦᠮᠵᠢᠯᠡᠵᠦ᠂ ᠲᠠᠬᠢᠨ ᠨᠠᠷᠢᠨ ᠰᠢᠷᠣᠢ ᠪᠡᠷ ᠳᠠᠷᠤᠵᠤ ᠳᠠᠯᠪᠢᠵᠤ ᠪᠠᠢᠯ᠎ᠠ᠃ ᠡᠨᠡ ᠪᠤᠯ ᠬᠦᠴᠢᠯᠲᠥ᠋ᠷᠥᠭᠴᠢ ᠥᠭᠡᠢᠳᠡᠭᠥᠯᠥᠨ ᠢᠰᠬᠡᠬᠦ ᠪᠡᠷ ᠳᠠᠮᠵᠢᠨ ᠰᠦᠯ ᠰᠠᠢᠲᠠᠢ ᠪᠣᠷᠳᠣᠭ᠎ᠠ ᠪᠣᠯᠭᠠᠬᠤ ᠶᠠᠪᠤᠴᠠ ᠪᠣᠯᠣᠨ᠎ᠠ᠃ ᠡᠢᠨ ᠬᠦ᠌ ᠢᠰᠬᠡᠭᠰᠡᠨ ᠬᠥᠭᠡ ᠳᠠᠷᠤᠰᠢ ᠨᠢ ᠢᠷᠡᠬᠦ ᠵᠢᠯ ᠦ᠋ᠨ ᠬᠠᠪᠤᠷ ᠪᠣᠯᠬᠤ ᠳ᠋ᠤ ᠮᠦᠨ ᠴᠤ᠌ ᠵᠥᠭᠡᠯᠡᠨ ᠰᠢᠭᠦᠰᠦᠯᠢᠭ ᠮᠥᠷᠳᠡᠭᠡᠨ ᠰᠢᠮ᠎ᠡ ᠲᠡᠵᠢᠭᠡᠯ ᠰᠠᠢᠳᠠᠢ ᠪᠠᠢᠳᠠᠭ᠃ 《ᠮᠠᠨ ᠤ᠋ ᠬᠢ ᠡᠨᠡ ᠵᠢᠯ 30 ᠮᠦ᠍ ᠬᠥᠭᠡ ᠳᠠᠷᠤᠰᠢ ᠵᠢᠨ ᠡᠷᠳᠡᠨᠢ ᠰᠢᠰᠢ ᠲᠠᠷᠢᠵᠠᠢ᠃ ᠮᠦ᠍ ᠪᠦᠷᠢ ᠶ᠋ᠢᠨ ᠤᠨᠠᠯᠲᠠ ᠪᠠᠷᠤᠭ 5000 ᠵᠢᠩ ᠳ᠋ᠤ ᠬᠥᠷᠴᠥ᠂ ᠢᠷᠡᠬᠦ ᠬᠠᠪᠤᠷ ᠡᠭᠥᠨ ᠢ᠋ ᠪᠡᠨ ᠬᠠᠭᠤᠷᠠᠢ ᠡᠪᠡᠰᠦ ᠲᠠᠢ ᠬᠤᠯᠢᠵᠤ ᠲᠡᠵᠢᠭᠡᠪᠡᠯ ᠦᠬᠡᠷ ᠲᠠᠷᠭᠤ ᠠᠪᠬᠤ ᠨᠢ ᠲᠦᠷᠭᠡᠨ ᠪᠤᠯᠤᠨ᠎ᠠ ᠳ᠋ᠸ!》 ᠭᠡᠵᠥ ᠢᠩᠭᠡᠷ ᠤᠷᠮᠠᠳᠠᠢ ᠶᠠᠷᠢᠨ᠎ᠠ᠃