ᠵᠠᠯᠠᠭᠤ ᠨᠠᠰᠤ᠎ᠪᠠᠨ ᠬᠦᠰᠡᠯ ᠡᠷᠡᠮᠡᠯᠵᠡᠯ ᠪᠢᠯᠬᠠᠬᠰᠠᠨ ᠬᠦᠲᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ᠎ᠳᠤ ᠵᠤᠷᠢᠭᠤᠯᠤᠨ᠎ᠠ
2025-10-12 11:25:04
ᠵᠣᠬᠢᠶᠠᠭ᠍ᠴᠢ᠄
​ ᠰᠦᠨ ᠯᠢᠦ
ᠣᠩᠱᠢᠭ᠍ᠰᠠᠨ ᠣᠳᠠᠭ᠎ᠠ᠄
★★★☆☆

ᠨᠠᠮᠤᠷ᠎ᠤᠨ ᠪᠣᠷᠣᠭᠠᠨ᠎ᠤ ᠲᠠᠷᠠᠭᠠᠬᠢ ᠣᠷᠳᠣᠰ ᠬᠤᠳᠠ᠎ᠶᠢᠨ ᠦᠦᠰᠢᠨ ᠬᠣᠰᠢᠭᠤᠨ᠎ᠤ ᠰᠢᠷᠠᠠᠤᠰᠤᠨ ᠪᠠᠯᠭᠠᠰᠤ᠎ᠶᠢᠨ ᠠᠯᠲᠠᠨ ᠰᠢᠷᠭᠠᠯ ᠲᠠᠷᠢᠶᠠᠨ ᠭᠠᠵᠠᠷ ᠬᠦᠮᠦᠰ᠎ᠤᠨ ᠬᠠᠷᠠᠭ᠎ᠠ ᠵᠢ ᠪᠤᠯᠢᠶᠠᠨ᠎ᠠ᠃ ᠪᠠᠭ᠎ᠠ ᠰᠢᠪᠠᠷ ᠲᠣᠰᠬᠣᠨ᠎ᠤ ᠶᠡᠷᠡᠭᠡᠳ ᠣᠨ ᠡᠴᠡ ᠬᠣᠢᠰᠢ ᠲᠦᠷᠦᠭᠰᠡᠨ ᠵᠠᠯᠠᠭᠤ ᠭᠤᠤ ᠬᠠᠢ ᠲᠤᠤ ᠵᠢᠯᠣᠭᠣᠴᠢ ᠦᠭᠡᠢ ᠨᠢᠰᠬᠡᠯ᠎ᠢ ᠪᠤᠯᠪᠠᠰᠤᠷᠠᠨᠭᠭᠤᠢ ᠠᠵᠢᠯᠯᠠᠭᠤᠯᠵᠤ᠂ ᠡᠷᠳᠡᠨᠢ ᠰᠢᠰᠢ᠎ᠵᠢ ᠬᠠᠳᠤᠵᠤ ᠬᠤᠷᠢᠶᠠᠬᠤ᠎ᠳᠤ 《ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠵᠢᠯᠣᠭᠣᠳᠤᠯᠭ᠎ᠠ》 ᠬᠠᠩᠭᠠᠨ᠎ᠠ ᠃

《ᠥᠩᠭᠡᠷᠡᠭᠰᠡᠨ᠎ᠳᠦ ᠬᠦᠮᠦᠨ᠎ᠤ ᠬᠦᠴᠦ ᠪᠡᠷ ᠬᠠᠳᠤᠵᠦ ᠬᠤᠷᠢᠶᠠᠵᠦ ᠪᠠᠢᠬᠰᠠᠨ ᠡᠴᠡ ᠤᠳᠤ ᠪᠢᠲᠡ ᠵᠢᠯᠣᠭᠣᠴᠢ ᠦᠭᠡᠢ ᠨᠢᠰᠬᠡᠯ ᠵᠢᠡᠷ ᠲᠠᠷᠢᠶᠠᠨ ᠭᠠᠵᠠᠷ ᠢ᠋ ᠬᠠᠮᠢᠶᠠᠷᠬᠤ ᠪᠤᠯᠪᠠ》 ᠬᠡᠵᠦ ᠭᠣᠤ ᠬᠠᠢ ᠲᠤᠤ ᠢᠨᠢᠶᠡᠮᠰᠦᠭᠯᠡᠨ ᠬᠡᠯᠡᠪᠡ᠃ ᠲᠡᠭᠦᠨ᠎ᠦ ᠠᠷᠤ᠎ᠳᠡᠬᠢ ᠲᠡᠷᠢ ᠲᠡᠭᠰᠢ ᠵᠤᠬᠰᠤᠭᠠᠬᠰᠠᠨ ᠬᠣᠷᠰᠢᠶᠠᠨ᠎ᠤ ᠲᠣᠮᠣ᠌ ᠬᠡᠯᠪᠡᠷᠢ᠎ᠶᠢᠨ ᠲᠠᠷᠢᠶᠠᠯᠠᠩ᠎ᠤᠨ ᠮᠠᠰᠢᠨ ᠨᠤᠭᠤᠳ ᠪᠤᠯ ᠲᠠᠷᠤᠢ ᠰᠢᠨ᠎ᠡ ᠲᠠᠷᠢᠶᠠᠴᠢᠳ᠎ᠤᠨ 《ᠢᠳᠡ ᠬᠦᠴᠦᠨ》 ᠮᠥᠨ ᠃

ᠥᠪᠥᠷ ᠮᠣᠩᠭᠣᠯ᠎ᠤᠨ ᠥᠷᠭᠡᠨ ᠠᠭᠤᠳᠠᠮ ᠬᠦᠲᠡᠭᠡ ᠲᠤᠰᠬᠤᠨ ᠮᠠᠯᠵᠢᠬᠤ ᠣᠷᠣᠨ᠎ᠳᠤ᠂ ᠭᠤᠤ ᠬᠠᠢ ᠲᠤᠤ ᠮᠡᠲᠦ᠎ᠶᠢᠨ ᠲᠣᠭ᠎ᠠ ᠲᠣᠮᠰᠢ ᠦᠭᠡᠢ ᠤᠯᠠᠨ ᠵᠠᠯᠠᠭᠤᠴᠤᠳ ᠤᠶᠤᠨ ᠤᠬᠠᠭᠠᠨ ᠪᠠ ᠬᠦᠴᠦᠨ ᠴᠢᠳᠠᠯ ᠵᠢᠡᠷ᠎ᠢᠶᠡᠨ ᠬᠥᠭᠵᠢᠯᠲᠡ᠎ᠶᠢᠨ ᠦᠯᠢᠭᠡᠷ᠎ᠢ ᠪᠢᠴᠢᠭᠯᠡᠵᠦ ᠪᠠᠢᠨ᠎ᠠ᠃ ᠲᠠᠷᠢᠶᠠᠨ ᠵᠠᠬ᠎ᠠ ᠱᠠᠩ᠎ᠤᠨ ᠲᠡᠷᠬᠡᠲᠡ᠂ ᠲᠠᠯ᠎ᠠ ᠨᠤᠲᠤᠭ ᠮᠠᠯᠵᠢᠬᠤ ᠣᠷᠣᠨ᠂ ᠡᠯᠸᠺᠲᠷᠤᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠦᠷᠦᠭᠡᠨ᠎ᠳᠤ ᠁ ᠵᠠᠯᠠᠭᠤ ᠨᠠᠰᠤᠨ᠎ᠤ ᠬᠦᠴᠦᠨ ᠴᠢᠳᠠᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠲᠠ ᠦᠭᠡᠢ ᠰᠦᠷ ᠳᠠᠯᠠᠢᠴᠠᠲᠠᠢ ᠬᠥᠳᠡᠯᠭᠡᠬᠦ ᠬᠦᠴᠦᠨ ᠨᠡᠮᠡᠷᠢᠯᠡᠵᠦ ᠪᠠᠢᠨ᠎ᠠ᠃

ᠦᠩ ᠰᠢᠮᠡᠯᠢᠭ ᠲᠠᠷᠢᠶᠠᠨ ᠭᠠᠵᠠᠷ᠎ᠤᠨ ᠰᠢᠨ᠎ᠡ ᠲᠠᠷᠢᠶᠠᠴᠢᠳ ᠤᠶᠤᠨᠴᠢ ᠳᠠᠷᠢᠶᠠᠯᠠᠭ᠎ᠠ ᠪᠡᠷ ᠬᠦᠰᠡᠯ ᠵᠢᠡᠠ ᠳᠡᠷᠭᠡᠯᠰᠢᠬᠦᠯᠦᠨ᠎ᠡ

ᠰᠢᠯᠢ  ᠶ᠋ᠢᠨ ᠭᠣᠣᠯ ᠠᠢᠮᠠᠭ᠎ᠤᠨ ᠠᠪᠠᠭ᠎ᠠ ᠬᠣᠰᠢᠭᠤᠨ᠎ᠤ ᠲᠠᠯ᠎ᠠ ᠨᠤᠲᠤᠭ᠎ᠤᠨ ᠭᠦᠨ᠎ᠳᠦ ᠰᠤᠷᠪᠤᠯᠵᠢᠯᠠᠭ᠍ᠴᠢ ᠨᠢᠭᠡᠨ《ᠬᠠᠴᠢᠨ ᠬᠥᠮᠥᠨ》 —  ᠲᠡᠯᠡᠬᠡᠢᠬᠤᠩᠭᠤᠷ᠎ᠲᠠᠢ ᠠᠭᠤᠯᠵᠠᠪᠠ᠃ ᠲᠡᠷᠡ ᠪᠡᠯᠴᠢᠭᠡᠷ ᠳᠡᠭᠡᠷ᠎ᠡ᠎ᠪᠡᠨ ᠪᠦᠭᠳᠦᠢᠵᠦ ᠰᠠᠭᠤᠭᠠᠳ ᠨᠡᠷᠡᠨ᠎ᠦ ᠡᠨᠧᠷᠭᠢ᠎ᠶᠢ ᠬᠢᠨᠠᠨ ᠡᠵᠡᠮᠳᠡᠬᠦ ᠲᠥᠬᠦᠭᠡᠷᠦᠮᠵᠢ᠎ᠶᠢ ᠲᠤᠷᠰᠢᠨ ᠲᠣᠬᠢᠷᠠᠭᠤᠯᠵᠤ ᠪᠠᠢᠪᠠ᠃ 《 ᠪᠠᠭ᠎ᠠ᠎ᠳᠠᠭᠠᠨ ᠠᠪᠤ ᠡᠵᠢ᠎ᠶᠢᠨ᠎ᠢᠶᠡᠨ ᠮᠠᠯ ᠬᠠᠷᠢᠭᠤᠯᠵᠤ ᠵᠦᠲᠡᠷᠡᠳᠡᠭ ᠪᠠᠢᠬᠰᠠᠨ ᠢ᠋ ᠬᠠᠷᠠᠬᠤ᠎ᠳᠠᠭᠠᠨ᠂ ᠲᠠᠳᠠᠨ᠎ᠢ ᠬᠦᠨᠳᠦ ᠨᠦᠰᠠᠷ ᠠᠵᠢᠯ ᠬᠦᠳᠡᠯᠮᠤᠷᠢ ᠡᠴᠡ ᠨᠢ ᠴᠢᠯᠦᠭᠡᠯᠡᠶ᠎ᠠ ᠬᠡᠵᠦ ᠪᠤᠳᠤᠳᠠᠭ ᠪᠠᠢᠭᠰᠠᠨ》᠃ ᠣᠳᠣᠬᠠᠨ᠎ᠳᠤ᠂ ᠲᠡᠭᠦᠨ᠎ᠦ ᠡᠵᠡᠮᠰᠢᠵᠦ ᠪᠠᠢᠭ᠎ᠠ 《ᠨᠤᠲᠤᠭ ᠪᠡᠯᠴᠢᠭᠡᠷ᠎ᠦᠨ ᠤᠲᠠᠰᠤ ᠦᠭᠡᠢ ᠬᠢᠨᠠᠨ ᠡᠵᠡᠮᠳᠡᠬᠦ ᠰᠢᠰᠲᠧᠮ》 ᠂ 《 ᠠᠯᠤᠰ ᠡᠵᠡᠮᠰᠢᠯᠳᠦ ᠤᠰᠤ ᠡᠵᠡᠮᠳᠡᠬᠦ ᠰᠢᠰᠲᠧᠮ》 ᠵᠡᠷᠭᠡ 13 ᠵᠦᠢᠯ᠎ᠦᠨ ᠬᠡᠷᠡᠭᠯᠡᠭᠡᠨ᠎ᠦ ᠰᠢᠨ᠎ᠡ ᠬᠡᠯᠪᠡᠷᠢ᠎ᠶᠢᠨ ᠲᠤᠰᠬᠠᠢ ᠠᠰᠢᠭ᠋ ᠨᠢ ᠨᠢᠭᠡᠨᠲᠡ ᠡᠷᠬᠢᠨ ᠲᠣᠭᠣᠷᠢᠨ᠎ᠤ ᠮᠠᠯᠴᠢᠳ᠎ᠤᠨ ᠬᠡᠷᠡᠭᠯᠡᠬᠦ ᠲᠤᠷᠠᠳᠠᠢ ᠡᠳ᠋ ᠪᠣᠯᠤᠭᠰᠠᠨ ᠪᠠᠢᠨ᠎ᠠ᠃

2025 ᠣᠨ᠎ᠤ ᠲᠥᠪ᠎ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ 《ᠬᠥᠳᠡᠭᠡ ᠲᠣᠰᠬᠣᠨ᠎ᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳ᠋ᠦ᠄ ᠬᠦᠳᠡᠭᠡ ᠠᠵᠤ ᠠᠬᠤᠢ ᠵᠢᠨ  ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠦᠴᠦᠨ᠎ᠦ ᠬᠠᠮᠵᠢᠯᠴᠠᠨ ᠪᠤᠭᠤᠮᠲᠠ ᠰᠢᠪᠲᠤᠯᠬᠤ ᠵᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠦᠨ ᠴᠤᠭᠯᠠᠷᠠᠯ᠎ᠢ ᠬᠥᠲᠥᠯᠥᠨ ᠳᠠᠭᠠᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠦᠳᠡᠭᠡ ᠠᠵᠤ ᠠᠬᠤᠢ ᠵᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠭᠦᠯᠬᠦ ᠬᠡᠷᠡᠭᠲᠡᠢ ᠬᠡᠵᠦ ᠲᠤᠷᠠᠳᠤᠨ ᠭᠠᠷᠭᠠᠪᠠ᠃

ᠰᠢᠨ᠎ᠡ ᠲᠠᠷᠢᠶᠠᠯᠠᠩ᠎ᠤᠨ ᠮᠠᠰᠢᠨ᠂ ᠰᠢᠨ᠎ᠡ ᠡᠭᠦᠳᠦᠯᠲᠡ᠂ ᠰᠢᠨ᠎ᠡ ᠰᠠᠢᠨ ᠡᠭᠦᠯᠳᠡᠷ ᠁ ᠡᠳᠡᠭᠡᠷ ᠮᠡᠳᠡᠯᠭᠡ᠎ᠲᠠᠢ᠂ ᠮᠡᠷᠭᠡᠵᠢᠯ᠎ᠲᠠᠢ᠂ ᠬᠠᠢᠷ᠎ᠠ ᠰᠡᠳᠬᠢᠯᠭᠡ᠎ᠲᠠᠢ ᠰᠢᠨ᠎ᠡ ᠲᠠᠷᠢᠶᠠᠴᠢᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠡᠳᠦᠷ ᠢᠷᠡᠬᠦᠶ᠎ᠡ ᠴᠢᠬᠤᠯᠠ ᠦᠢᠯᠡᠳᠦᠯ ᠦᠵᠡᠭᠦᠯᠵᠦ ᠪᠤᠢ᠃ 《7 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠳᠠᠪᠰᠢᠯᠲᠠ᠎ᠶᠢᠨ ᠬᠤᠪᠢ ᠨᠡᠮᠡᠷᠢ᠎ᠶᠢᠨ ᠨᠣᠷᠮ᠎ᠠ 62.4% ᠳ᠋ᠤ ᠬᠦᠷᠴᠦ᠂ ᠲᠠᠷᠢᠮᠠᠯ᠎ᠤᠨ ᠵᠦᠢᠯ᠎ᠦᠨ ᠲᠠᠷᠢᠵᠤ ᠬᠤᠷᠢᠶᠠᠬᠤ ᠶᠡᠷᠦᠩᠬᠡᠢᠯᠡᠭᠰᠡᠨ ᠮᠠᠰᠢᠨᠴᠢᠯᠠᠯᠲᠠ᠎ᠶᠢᠨ ᠨᠣᠷᠮ᠎ᠠ 90% ᠶ᠋ᠢ ᠳᠠᠪᠠᠵᠠᠢ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠡᠷᠬᠢᠯᠡᠭᠴᠢ ᠬ᠍ᠸ᠋ ᠶᠢᠤ ᠯᠢᠨ ᠬᠡᠯᠡᠪᠡ᠃

ᠡᠭᠦᠯᠡᠨ ᠦᠵᠦᠬᠦᠷᠯᠢᠭ᠎ᠤᠨ ᠰᠢᠨ᠎ᠡ ᠡᠯᠧᠺᠲᠷᠣᠨ ᠬᠤᠳᠠᠯᠳᠤᠭ᠎ᠠ ᠬᠣᠲᠠ ᠬᠥᠳᠡᠭᠡ  ᠶ᠋ᠢᠨ ᠪᠠᠶᠠᠵᠢᠯ᠎ᠤᠨ ᠵᠠᠮ  ᠢ᠋ ᠨᠡᠪᠲᠡᠷᠡᠭᠦᠯᠤᠨ᠎ᠡ

《ᠨᠠᠢᠵᠠ ᠨᠠᠷ ᠡ᠂ ᠨᠠᠭᠠᠰᠢ ᠪᠠᠨ ᠬᠠᠷᠠᠭᠠᠴᠢ᠂ ᠡᠨᠡ ᠪᠣᠯ ᠮᠠᠨ᠎ᠤ ᠲᠠᠯ᠎ᠠ ᠨᠤᠲᠤᠭ᠎ᠤᠨ ᠬᠠᠲᠠᠭᠠᠬᠰᠠᠨ ᠪᠤᠷᠴᠠ ᠰᠢᠦ᠂ ᠮᠠᠰᠢ ᠠᠮᠳᠠᠳᠠᠢ ᠰᠢᠤ!》 ᠨᠡᠪᠲᠡᠷᠡᠭᠦᠯᠦᠭᠴᠢ ᠨᠢ 《ᠤᠮᠠᠷᠠᠲᠦ ᠬᠢᠯᠢ ᠢ᠋ᠢᠨ ᠵᠠᠯᠠᠭᠤᠴᠤᠳ᠎ᠤᠨ ᠵᠢᠳᠭᠦᠯ》ᠰᠢᠭᠤᠳ ᠨᠡᠪᠲᠡᠷᠡᠭᠦᠯᠭᠡ᠎ᠶᠢᠨ ᠦᠷᠦᠭᠡᠨ᠎ᠳᠤ  ᠰᠦᠯᠵᠢᠶᠡᠨ ᠠᠨᠲᠠ ᠨᠠᠷ᠎ᠲᠤ ᠨᠤᠲᠤᠭ ᠤᠰᠤᠨ᠎ᠤ᠎ᠪᠠᠨ ᠣᠨᠴᠠ ᠭᠠᠷᠤᠯᠲᠠ᠎ᠶᠢ ᠲᠠᠨᠢᠯᠴᠠᠭᠤᠯᠵᠤ ᠪᠠᠢᠯ᠎ᠠ᠃

2023 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠤᠮᠠᠷᠠᠲᠤ ᠬᠢᠯᠢ ᠢ᠋ᠢᠨ ᠵᠠᠯᠠᠭᠤᠴᠤᠳ᠎ᠤᠨ ᠵᠢᠳᠭᠦᠯ》 ᠬᠡᠬᠦ ᠲᠥᠷᠥᠯ ᠵᠦᠢᠯ᠎ᠢ ᠡᠬᠢᠯᠡᠭᠦᠯᠵᠦ᠂ ᠲᠥᠷᠥᠯ ᠵᠦᠢᠯ᠎ᠨᠢ ᠪᠦᠲᠦᠭᠡᠭᠳᠡᠬᠦᠨ ᠰᠣᠩᠭᠣᠬᠤ᠂ ᠨᠡᠪᠲᠡᠷᠡᠭᠦᠯᠬᠦ᠂ ᠪᠣᠯᠪᠠᠰᠤᠷᠠᠯ᠂ ᠰᠠᠭᠤᠷᠢᠨ᠂ ᠡᠳ᠋ ᠪᠠᠷᠠᠭᠠᠨ᠎ᠤ ᠭᠦᠢᠯᠭᠡᠭᠡ᠎ᠶᠢᠨ ᠪᠥᠬᠥ ᠬᠡᠯᠬᠢᠶ᠎ᠡ᠎ᠶᠢ ᠬᠣᠯᠪᠣᠵᠤ᠂ ᠪᠠᠷᠢᠮᠵᠢᠶᠠᠵᠢᠭ᠍ᠰᠠᠨ ᠡᠯᠧᠺᠲᠷᠣᠨ ᠬᠤᠳᠠᠯᠳᠤᠭᠠᠨ᠎ᠤ ᠰᠢᠰᠲᠧᠮ᠎ᠤᠨ ᠪᠦᠲᠦᠭᠡᠨ ᠪᠠᠢᠭᠤᠯᠤᠯᠲᠠ᠎ᠪᠠᠷ ᠤᠮᠠᠷᠠᠲᠤ ᠬᠢᠯᠢ᠎ᠶᠢᠨ ᠰᠠᠢᠨ ᠪᠣᠳᠠᠰ᠎ᠲᠤ 《ᠡᠭᠦᠯᠡᠨ ᠵᠢᠭᠦᠷ》 ᠤᠷᠭᠤᠭᠤᠯᠤᠭᠰᠠᠨ ᠪᠠᠢᠨ᠎ᠠ᠃ 《ᠤᠮᠠᠷᠠᠲᠤ ᠬᠢᠯᠢ ᠢ᠋ᠢᠨ ᠵᠠᠯᠠᠭᠤᠴᠤᠳ᠎ᠤᠨ ᠵᠢᠳᠭᠦᠯ》ᠬᠡᠬᠦ ᠲᠦᠷᠦᠯ ᠵᠦᠢᠯ᠎ᠢ ᠡᠬᠢᠯᠡᠭᠦᠯᠦᠮᠡᠭᠴᠡ ᠦᠦᠡᠳᠡᠷ ᠲᠦᠷᠭᠡᠨ ᠬᠦᠰᠡᠯ ᠪᠤᠳᠤᠯ᠎ᠲᠠᠢ᠂ ᠪᠦᠲᠦᠭᠡᠯᠴᠢ ᠰᠠᠨᠠᠭ᠎ᠠ᠎ᠲᠠᠢ ᠪᠥᠭᠡᠳ ᠨᠤᠲᠤᠭ ᠤᠰᠤᠨ᠎ᠳᠠᠭᠠᠨ ᠬᠦᠴᠦ᠎ᠪᠡᠨ ᠡᠷᠭᠦᠬᠦ᠎ᠶᠢ ᠬᠦᠰᠡᠵᠦ ᠪᠠᠢᠭ᠎ᠠ ᠨᠢᠭᠡ ᠪᠦᠯᠦᠭ ᠵᠠᠯᠠᠭᠤᠴᠤᠳ᠎ᠤᠨ ᠠᠩᠬᠠᠷᠤᠯ᠎ᠢ ᠲᠠᠲᠠᠪᠠ᠃

ᠬᠥᠯᠥᠨ ᠪᠣᠶ᠋ᠢᠷ ᠬᠣᠲᠠ᠎ᠶᠢᠨ ᠦᠢᠯᠡᠰ ᠪᠤᠰᠬᠠᠬᠴᠢ ᠭᠦᠸᠧ ᠴᠢ᠄ 《〈ᠤᠮᠠᠷᠠᠲᠤ ᠬᠢᠯᠢ ᠵᠢᠨ ᠵᠠᠯᠠᠭᠤᠴᠤᠳ ᠤ᠋ᠨ ᠵᠢᠳᠬᠦᠯ〉 ᠨᠢ ᠪᠢᠳᠡᠨ᠎ᠳᠦ ᠪᠤᠯᠪᠠᠰᠤᠷᠠᠯ᠂ ᠲᠠᠪᠴᠠᠩ ᠪᠠ ᠤᠷᠤᠰᠴᠠ᠎ᠶᠢᠨ ᠳᠡᠮᠵᠢᠯᠭᠡ ᠬᠠᠩᠭᠠᠵᠤ᠂ ᠰᠠᠢᠨ ᠦᠢᠯᠡᠳᠬᠦᠨ᠎ᠢ ᠪᠥᠬᠥ ᠤᠯᠤᠰ᠎ᠤᠨ ᠬᠡᠷᠡᠭᠯᠡᠭᠴᠢᠳ᠎ᠲᠦ ᠰᠢᠭᠤᠳ ᠬᠠᠨᠳᠤᠭᠤᠯᠬᠤ ᠵᠠᠪᠰᠢᠶᠠᠨ᠎ᠤᠯᠭᠤᠪᠠ》 ᠬᠡᠵᠦ  ᠬᠡᠯᠡᠨ᠎ᠡ᠃

ᠣᠳᠣᠬᠠᠨ ᠪᠣᠯᠲᠠᠯ᠎ᠠ 《ᠤᠮᠠᠷᠠᠳᠤ ᠬᠢᠯᠢ ᠵᠢᠨ ᠵᠠᠯᠠᠭᠤᠴᠤᠳ ᠤ᠋ᠨ ᠵᠢᠳᠬᠦᠯ》 ᠎ᠤ᠋ᠨ  ᠲᠥᠷᠥᠯ ᠵᠦᠢᠯ᠎ᠳᠦ ᠨᠢᠭᠡᠨᠲᠡ ᠵᠠᠯᠠᠭᠤᠴᠤᠳ᠎ᠤᠨ ᠭᠣᠣᠯ ᠨᠡᠪᠳᠡᠷᠡᠬᠦᠯᠦᠭᠴᠢ ᠵᠢ ᠨᠡᠶ᠋ᠢᠲᠡ 2000 ᠭᠠᠷᠤᠢ ᠪᠣᠢᠵᠢᠭᠤᠯᠵᠤ᠂ ᠰᠢᠭᠤᠳ ᠨᠡᠪᠲᠡᠷᠡᠭᠦᠯᠭᠡ᠎ᠶᠢ 4900 ᠭᠠᠷᠤᠢ ᠤᠳᠠᠭ᠎ᠠ ᠥᠷᠨᠢᠭᠦᠯᠵᠦ᠂ ᠪᠣᠷᠤᠯᠠᠭᠤᠯᠭ᠎ᠠ᠎ᠶᠢᠨ ᠲᠣᠭ᠎ᠠ ᠨᠢ 1.1 ᠳ᠋ᠦᠩᠰᠢᠭᠤᠷ ᠲᠥᠭᠥᠷᠢᠭ᠎ᠢ ᠳᠠᠪᠠᠪᠠ᠃ ᠨᠠᠷᠢᠬᠠᠨ ᠰᠦᠯᠵᠢᠶᠡᠨ ᠤ᠋ ᠤᠳᠠᠰᠤ ᠨᠢ ᠡᠢᠮᠦᠷᠬᠦᠦ ᠤᠮᠠᠷᠠᠳᠤ ᠬᠢᠯᠢ ᠵᠢᠨ ᠰᠠᠢᠨ ᠡᠳ᠋ ᠪᠠᠷᠠᠭᠠᠨ ᠳ᠋ᠸ᠋ ᠳᠡᠯᠡᠬᠡᠢ ᠳ᠋ᠠᠬᠢᠨ᠎ᠳᠤ ᠨᠡᠪᠲᠡᠷᠡᠬᠦ 《ᠠᠯᠳᠠᠨ ᠬᠥᠭᠥᠷᠭᠡ》 ᠶ᠋ᠢ ᠪᠣᠰᠬᠠᠨ ᠥᠭᠴᠡᠢ᠃

ᠥᠪᠥᠷ ᠮᠣᠩᠭᠣᠯ᠎ᠢ ᠪᠠᠷᠠᠯᠠᠬᠤᠶ᠎ᠠ᠂ ᠨᠢᠭᠡᠨᠲᠡ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ 《ᠬᠤᠷᠳᠤᠳᠬᠠᠯ ᠲᠠᠷᠤᠪᠴᠢ》 ᠵᠢ ᠳᠠᠷᠤᠵᠠᠢ — ᠣᠷᠳᠣᠰ ᠬᠣᠲᠠ᠎ᠶᠢᠨ ᠣᠲᠣᠭ ᠬᠣᠰᠢᠭᠤ 《ᠲᠠᠯ᠎ᠠ ᠨᠤᠲᠤᠭ᠎ᠤᠨ ᠲᠣᠰᠬᠣᠨ᠎ᠤ ᠰᠢᠭᠤᠳ ᠨᠡᠪᠲᠡᠷᠡᠭᠦᠯᠭᠡ》 ᠵᠢᠨ ᠲᠦᠷᠦᠯ ᠲᠡᠮᠳᠡᠭ ᠎ᠢ  ᠨᠡᠢᠲᠡᠯᠡᠵᠦ᠂ 《ᠰᠢᠭᠤᠳ ᠨᠡᠪᠲᠡᠷᠡᠭᠦᠯᠭᠡ + 》 ᠠᠭᠤᠰᠤᠯᠴᠠᠯ᠎ᠤᠨ ᠵᠠᠭᠪᠤᠷ᠎ᠢᠶᠠᠷ ᠮᠠᠯᠵᠢᠬᠤ ᠤᠷᠤᠨ ᠬᠦᠳᠡᠬᠡ ᠲᠤᠰᠬᠤᠨ᠎ᠢ ᠬᠦᠭᠵᠢᠬᠦᠯᠦᠨ  ᠮᠠᠨᠳᠤᠭᠤᠯᠬᠤ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠪᠡ; ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤ ᠡᠯᠧᠺᠲᠷᠣᠨ ᠬᠤᠳᠠᠯᠳᠤᠭᠠᠨ᠎ᠤ ᠪᠤᠯᠪᠠᠰᠤᠷᠠᠯ᠎ᠢ ᠥᠷᠨᠢᠭᠦᠯᠬᠦ᠂ ᠰᠦᠯᠵᠢᠶᠡᠨ ᠤᠳᠤᠨ ᠤ᠋ ᠰᠢᠭᠤᠳ ᠨᠡᠪᠳᠡᠷᠡᠬᠦᠯᠬᠡ ᠵᠢ ᠬᠦᠭᠵᠢᠬᠦᠯᠬᠦ ᠵᠡᠷᠭᠡ ᠠᠷᠭ᠎ᠠ ᠬᠡᠯᠪᠡᠷᠢ᠎ᠪᠡᠷ ᠲᠠᠮᠵᠢᠨ᠂ ᠮᠠᠯ᠎ᠤᠨ ᠠᠰᠢᠭ᠋ ᠰᠢᠮ᠎ᠡ᠎ᠲᠠᠷᠢᠶᠠᠯᠠᠩ ᠎ᠤᠨ ᠪᠦᠲᠦᠭᠡᠭᠳᠡᠬᠦᠨ᠎ᠢ 《ᠡᠭᠦᠯᠡᠨ ᠦᠵᠦᠭᠦᠷᠯᠢᠭ》 ᠤ᠋ᠨ ᠲᠦᠷᠭᠡᠨ ᠲᠡᠷᠭᠡᠨ᠎ᠳᠦ ᠰᠠᠭᠤᠯᠭᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠪᠡ; ᠬᠥᠯᠥᠨ ᠪᠣᠶ᠋ᠢᠷ᠎ᠤᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ ᠨᠢ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠢ ᠨᠡᠪᠴᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠮᠡᠷᠭᠡᠵᠢᠯ᠎ᠦᠨ ᠰᠢᠨ᠎ᠡ᠎ᠶᠢ ᠡᠭᠦᠳᠬᠦ᠂ ᠪᠠᠷᠠᠭᠠᠨ᠎ᠤ ᠭᠦᠢᠯᠭᠡᠭᠡ᠎ᠶᠢ ᠲᠣᠬᠢᠷᠠᠭᠤᠯᠤᠨ ᠬᠦᠷᠭᠡᠬᠦ ᠵᠡᠷᠭᠡ ᠣᠯᠠᠨ ᠴᠢᠳᠠᠮᠵᠢ᠎ᠶᠢ ᠨᠢᠭᠡ ᠴᠣᠭᠴᠠᠵᠢᠭᠤᠯᠵᠤ᠂ 2000 ᠭᠠᠷᠤᠢ ᠵᠦᠢᠯ᠎ᠦᠨ ᠣᠨᠴᠠ ᠭᠠᠷᠤᠯᠲᠠ᠎ᠶᠢ 《ᠡᠬᠦᠯᠡᠨ ᠦᠵᠦᠬᠦᠷᠯᠢᠭ》 ᠵᠢᠡᠷ  ᠪᠥᠬᠥ ᠤᠯᠤᠰ᠎ᠲᠤ ᠪᠣᠷᠣᠯᠠᠭᠤᠯᠬᠤ᠎ᠳᠤ ᠬᠦᠴᠦᠨ ᠨᠡᠮᠡᠷᠢᠯᠡᠪᠡ; ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤ ᠬᠣᠶᠠᠷ ᠬᠤᠭᠤᠴᠠᠭᠠᠨ᠎ᠤ ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠨᠠᠢᠷ᠎ᠢᠶᠠᠷ ᠬᠣᠨᠢᠨ ᠮᠢᠬ᠎ᠠ᠎ᠶᠢ 《ᠲᠡᠷᠢᠭᠦᠨ ᠤᠷᠤᠰᠬᠠᠯ》 ᠪᠤᠯᠭᠠᠨ ᠬᠤᠳᠠᠯᠳᠤᠵᠤ ᠁ 《ᠤᠮᠠᠷᠠᠲᠤ ᠬᠢᠯᠢ᠎ᠶᠢᠨ ᠮᠠᠯᠵᠢᠯ᠎ᠤᠨ ᠲᠠᠯᠠᠪᠠᠶ》 ᠨᠢ ᠡᠳᠦᠬᠡ ᠨᠢᠬᠡᠨᠳᠡ ᠪᠦᠬᠦ ᠤᠯᠤᠰ ᠤ᠋ᠨ ᠬᠤᠭᠤᠯᠠᠨ ᠰᠢᠷᠡᠬᠡᠨ ᠲᠡᠭᠡᠷ᠎ᠡ ᠲᠦᠬᠡᠯ᠎ᠡ᠃

ᠬᠥᠳᠡᠭᠡ ᠨᠤᠲᠤᠭ᠎ᠤᠨ ᠰᠢᠨ᠎ᠡ ᠵᠠᠰᠠᠯᠲᠠ ᠭᠡᠷ ᠣᠷᠣᠨ᠎ᠤ ᠵᠢᠷᠭᠠᠯᠲᠤ ᠦᠵᠡᠮᠵᠢ᠎ᠶᠢ ᠬᠠᠮᠲᠤ᠎ᠪᠠᠷ ᠵᠢᠷᠤᠭᠯᠠᠨ᠎ᠠ

ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠠᠨ ᠵᠢᠶᠠ ᠸᠧ ᠪᠦᠦ ᠭᠠᠴᠠᠭ᠎ᠠ᠎ᠳᠤ᠂ ᠪᠡᠭᠡᠵᠢᠩ᠎ᠦᠨ ᠬᠢᠮᠢ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠠᠩ ᠢᠦᠢ ᠡᠬᠡ ᠰᠤᠷᠭᠠᠭᠤᠯᠢ᠎ᠶᠢᠨ᠎ᠢᠶᠠᠨ ᠰᠤᠷᠤᠭ᠍ᠴᠢᠳ᠎ᠢ ᠳᠠᠭᠠᠭᠤᠯᠤᠨ ᠲᠣᠰᠬᠣᠨ᠎ᠳᠤ ᠢᠷᠡᠵᠦ᠂ 600 ᠮᠧᠲᠷ᠎ᠦᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠭᠤᠨ ᠮᠧᠲᠷ᠎ᠦᠨ ᠵᠢᠷᠤᠭᠲᠤ ᠬᠣᠩᠭᠢᠯ》᠎ᠢ᠋ ᠵᠢᠷᠤᠵᠤ᠂ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠶᠣᠰᠣ᠌ ᠰᠤᠷᠲᠠᠬᠤᠨ᠎ᠤ ᠵᠢᠷᠤᠮᠵᠢᠯ ᠵᠡᠷᠭᠡ᠎ᠶᠢ ᠬᠡᠷᠡᠮ ᠳᠡᠭᠡᠷ᠎ᠡ ᠪᠢᠴᠢᠵᠦ᠂ ᠬᠥᠳᠡᠭᠡ ᠲᠣᠰᠬᠣᠨ᠎ᠢ 《ᠤᠷᠠᠯᠢᠭ᠋᠎ᠤᠨ ᠬᠡᠪ ᠨᠠᠮᠪᠠ》 ᠎ᠪᠠᠷ ᠪᠢᠯᠬᠠᠭᠤᠯᠪᠠ᠃

ᠬᠥᠬᠡᠬᠣᠲᠠ᠎ᠶᠢᠨ ᠲᠣᠭᠲᠠᠬᠤ ᠰᠢᠶᠠᠨ᠎ᠤ ᠬᠠᠳᠤᠨ ᠭᠣᠣᠯ᠎ᠤᠨ ᠬᠥᠪᠡᠭᠡᠨ᠎ᠳᠡᠬᠢ ᠬᠤᠤ ᠵᠢᠶᠠ ᠶᠣᠣ ᠲᠣᠰᠬᠣᠨ᠎ᠳᠤ᠂ ᠠᠭᠤᠯᠠ ᠳᠦᠭᠦᠷᠡᠩ ᠦᠵᠦᠮ᠎ᠦᠨ ᠵᠢᠶᠠᠰᠠ ᠪᠠ ᠭᠤᠤ ᠭᠠᠩᠭ᠎ᠠ᠎ᠬᠦᠨᠳᠡᠯᠡᠨ ᠭᠤᠯᠳᠤ ᠰᠦᠯᠵᠢᠯᠳᠦᠭᠰᠡᠨ ᠥᠪᠡᠷᠮᠢᠴᠡ ᠣᠨᠴᠠᠯᠢᠭ᠋ ᠪᠦᠬᠦᠢ ᠭᠠᠵᠠᠷ᠎ᠤᠨ ᠭᠠᠳᠠᠷᠭᠤ ᠨᠢ ᠰᠣᠨᠢᠷᠬᠠᠯᠲᠠᠢ ᠪᠠᠢᠵᠤ᠂ ᠤᠯᠠᠭᠠᠨ ᠤᠭᠤᠵᠢ ᠡᠮᠦᠰᠦᠭᠰᠡᠨ ᠰᠠᠢᠨ ᠳᠤᠷᠠᠴᠤᠳ ᠵᠢᠭᠤᠯᠴᠢᠯᠠᠬᠴᠢ ᠵᠢ ᠲᠠᠭᠠᠭᠤᠯᠤᠨ  ᠵᠤᠭᠠᠴᠠᠭᠤᠯᠤᠨ ᠨᠠᠭᠠᠳᠤᠭᠤᠯᠤᠨ᠎ᠠ᠃

ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠯ᠎ᠡ ᠶᠡᠬᠡ ᠳᠡᠭᠡᠳᠦ ᠰᠤᠷᠭᠠᠭᠤᠯᠢ᠎ᠶᠢᠨ 《ᠭᠤᠷᠪᠠ᠎ᠶᠢ ᠬᠥᠳᠡᠭᠡ ᠪᠠᠭᠤᠯᠭᠠᠬᠤ》 ᠨᠡᠢᠭᠡᠮ᠎ᠦᠨ ᠦᠢᠯᠡᠳᠦᠯᠭᠡ᠎ᠶᠢᠨ ᠠᠩᠭᠢ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ᠎ᠳᠤ ᠬᠦᠷᠴᠦ᠂ ᠲᠦᠭᠡᠮᠡᠯᠵᠢᠭᠦᠯᠬᠦ ᠪᠡᠷ ᠲᠠᠷᠢᠶᠠᠯᠠᠩ᠎ᠢ ᠲᠤᠰᠠᠯᠠᠬᠤ᠂ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠂ ᠣᠷᠴᠢᠨ ᠲᠣᠭᠣᠷᠢᠨ᠎ᠤ ᠵᠠᠰᠠᠯᠲᠠ᠂ ᠬᠤᠪᠢᠰᠬᠠᠯ᠎ᠤᠨ ᠬᠥᠮᠦᠵᠢᠯ᠂ ᠰᠤᠷᠭᠠᠨ ᠬᠥᠮᠦᠵᠢᠯ᠎ᠢ ᠳᠡᠮᠵᠢᠵᠦ ᠡᠮ ᠡᠮᠨᠡᠯᠭᠡ᠎ᠶᠢ ᠳᠡᠮᠵᠢᠬᠦ ᠵᠡᠷᠭᠡ ᠡᠯᠪᠡᠭ ᠪᠠᠶᠠᠯᠢᠭ᠋ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠬᠦ᠎ᠪᠡᠷ ᠲᠠᠮᠵᠢᠨ᠂ ᠵᠠᠯᠠᠭᠤ ᠨᠠᠰᠤᠨ᠎ᠤ ᠬᠦᠴᠦᠨ᠎ᠴᠢᠳᠠᠯ᠎ᠢᠶᠡᠷ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠥᠩᠭᠡ ᠭᠡᠷᠡᠯ ᠨᠡᠮᠡᠷᠢᠯᠡᠪᠡ᠃

ᠡᠳᠦᠭᠡ᠂ ᠣᠶᠤᠲᠠᠨ ᠭᠠᠴᠠᠭᠠᠨ ᠳᠠᠷᠤᠭ᠎ᠠ᠂ ᠪᠠᠷᠠᠭᠤᠨ ᠣᠷᠣᠨ᠎ᠤ ᠲᠥᠯᠥᠪᠯᠡᠭᠡ᠎ᠶᠢᠨ ᠰᠠᠢᠨ ᠲᠤᠷᠠᠴᠤᠳ᠂ ᠲᠠᠷᠢᠶᠠᠯᠠᠩ᠎ᠤᠨ ᠶᠠᠪᠤᠳᠠᠯ᠎ᠤᠨ ᠬᠠᠮᠢᠶᠠᠷᠤᠭ᠍ᠴᠢ ᠵᠡᠷᠭᠡ ᠦᠢ ᠣᠯᠠᠨ ᠵᠠᠯᠠᠭᠤᠴᠤᠳ ᠤᠮᠠᠷᠠᠲᠤ᠎ᠶᠢᠨ ᠡᠬᠡ ᠭᠠᠵᠠᠷ᠎ᠲᠤ ᠣᠳᠣᠨ ᠮᠡᠴᠢᠳ ᠮᠡᠲᠦ ᠲᠦᠭᠡᠵᠦ ᠪᠠᠢᠨ᠎ᠠ᠃ ᠵᠠᠯᠠᠭᠤᠴᠤᠳ ᠬᠥᠳᠡᠭᠡ ᠲᠣᠰᠬᠣᠨ᠎ᠤ ᠵᠠᠰᠠᠯᠲᠠ᠎ᠳᠤ ᠣᠷᠣᠯᠴᠠᠭᠰᠠᠨ ᠨᠢ ᠰᠢᠨ᠎ᠡ ᠰᠣᠷᠭᠣᠭ ᠴᠢᠰᠤ᠎ᠶᠢ ᠠᠪᠴᠢᠷᠠᠭᠰᠠᠨ᠎ᠢᠶᠠᠷ ᠪᠠᠷᠠᠬᠤ ᠦᠭᠡᠢ ᠨᠡᠩ ᠴᠤ᠌ ᠵᠠᠰᠠᠯᠲᠠ᠎ᠶᠢᠨ ᠣᠢᠯᠠᠭᠠᠭᠳᠠᠬᠤᠨ ᠪᠠ  ᠠᠷᠭ᠎ᠠ ᠬᠡᠯᠪᠡᠷᠢ᠎ᠶᠢᠨ ᠣᠳᠣᠬᠢᠴᠢᠯᠠᠭᠰᠠᠨ ᠬᠡᠯᠪᠡᠷᠢ᠎ᠶᠢᠨ ᠬᠤᠪᠢᠷᠠᠯᠲᠠ᠎ᠶᠢ ᠠᠪᠴᠢᠷᠠᠭᠰᠠᠨ ᠪᠠᠢᠨ᠎ᠠ᠃ ᠡᠳᠡᠭᠡᠷ ᠵᠠᠯᠠᠭᠤᠴᠤᠳ ᠬᠥᠳᠡᠭᠡ ᠲᠣᠰᠬᠣᠨ᠎ᠤ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠪᠦᠲᠦᠮᠵᠢᠲᠡᠢ ᠬᠥᠭᠵᠢᠭᠡᠪᠡ᠃

《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠯᠠᠭᠤᠴᠤᠳ ᠳᠤᠷᠠᠲᠠᠶ᠎ᠠ ᠦᠯᠡᠳᠡᠭᠡᠬᠦ ᠵᠢ ᠠᠬᠢᠭᠤᠯᠬᠤ ᠬᠡᠷᠡᠭᠳᠡᠢ᠃ ᠮᠠᠨ᠎ᠤ ᠡᠳᠡᠭᠡᠷ ᠬᠥᠮᠥᠰ ᠪᠣᠯ ᠨᠤᠲᠤᠭ ᠤᠰᠤᠨ᠎ᠳᠠᠭᠠᠨ ᠦᠨᠳᠦᠰᠦ ᠬᠠᠳᠬᠤᠪᠠᠯ ᠰᠢᠯᠢᠳᠡᠭ ᠠᠮᠵᠢᠯᠲᠠ ᠪᠦᠲᠦᠭᠡᠯ ᠭᠠᠷᠭᠠᠵᠤ ᠴᠢᠳᠠᠨ᠎ᠠ ᠭᠡᠳᠡᠭ᠎ᠢ ᠤᠯᠠᠨ᠎ᠳᠦ ᠭᠡᠷᠡᠴᠢᠯᠡᠬᠦ᠎ᠶᠢᠨ ᠲᠥᠯᠥᠭᠡ ᠶᠤᠮ!》 ᠬᠡᠵᠦ ᠶᠠᠩ ᠭᠤᠸᠠᠩ ᠢᠲᠡᠭᠡᠯ ᠲᠡᠭᠦᠯᠳᠡᠷ ᠬᠡᠯᠡᠨ᠎ᠡ᠃ ᠡᠨᠡ ᠬᠦ᠌ ᠢᠳᠡ ᠬᠦᠴᠦᠲᠡᠢ ᠦᠭᠡ ᠨᠢ ᠴᠢᠪ ᠬᠡᠮᠡᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠳᠤᠮᠳᠠᠬᠢ ᠤᠷᠢ ᠵᠠᠯᠠᠭᠤ ᠨᠠᠰᠤᠨ᠎ᠤ ᠴᠤᠤᠷᠢᠶ᠎ᠠ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号