ᠡᠬᠡ ᠤᠯᠤᠰ᠎ᠤᠨ ᠤᠮᠠᠷᠠᠲᠤ ᠬᠢᠯᠢ᠎ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠯᠬᠠᠪᠴᠢ᠎ᠵᠢ ᠬᠠᠮᠲᠤ ᠪᠡᠷ ᠴᠤᠭᠴᠠᠯᠠᠨ᠎ᠠ
2025-10-12 11:34:49
ᠵᠣᠬᠢᠶᠠᠭ᠍ᠴᠢ᠄
​ᠰᠦᠩ ᠱᠤᠸᠠᠩ
ᠣᠩᠱᠢᠭ᠍ᠰᠠᠨ ᠣᠳᠠᠭ᠎ᠠ᠄
★★★☆☆

— 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠯᠠᠭ᠎ᠠ᠎ᠵᠢᠨ ᠲᠤᠬᠠᠢ ᠠᠵᠢᠭᠯᠠᠯᠳᠠ


9 ᠰᠠᠷ᠎ᠠ᠎ᠶ᠋ᠢᠨ 15 ᠎ᠡᠴᠡ 21 ᠤ᠋ ᠡᠳᠦᠷ ᠪᠣᠯᠲᠠᠯ᠎ᠠ᠂ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠢᠳᠡ ᠬᠦᠭ ᠲᠠᠢ ᠶᠠᠪᠤᠭ᠍ᠳᠠᠪᠠ᠃

ᠰᠦᠯᠵᠢᠶᠡᠨ᠎ᠦ ᠠᠮᠤᠷ ᠲᠦᠪᠱᠢᠨ᠎ᠦ ᠱᠢᠨᠵᠢᠯᠡᠭᠡᠨ᠎ᠦ ᠪᠠᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ᠌ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ 《ᠮᠣᠩᠭᠣᠯ ᠮᠣᠷᠢ ᠬᠤᠨᠳᠠᠭᠠᠲᠤ》 ᠰᠦᠯᠵᠢᠶᠡᠨ᠎ᠦ ᠠᠮᠤᠷ ᠲᠦᠪᠱᠢᠨ᠎ᠦ ᠤᠷᠤᠯᠳᠤᠭᠠᠨ ᠵᠢᠴᠢ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠪᠠ ᠮᠡᠳᠡᠭᠡ ᠵᠠᠩᠭᠢᠵᠢᠯᠲᠡ᠎ᠶ᠋ᠢᠨ ᠠᠮᠤᠷ ᠲᠦᠪᠱᠢᠨ᠎ᠦ ᠬᠠᠮᠢᠶᠠᠷᠤᠭ᠍ᠴᠢ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠂ ᠰᠦᠯᠵᠢᠶᠡᠨ᠎ᠦ ᠠᠮᠤᠷ ᠲᠦᠪᠱᠢᠨ᠎ᠦ  ᠪᠡᠶᠡᠴᠢᠯᠡᠨ ᠣᠢᠯᠠᠭᠠᠬᠤ ᠦᠵᠡᠭᠦᠯᠭᠡ᠂ ᠵᠢᠷᠭᠤᠭᠠᠨ ᠶᠡᠬᠡ ᠭᠤᠤᠯ ᠰᠡᠳᠦᠪᠲᠦ ᠡᠳᠦᠷ ᠦᠪᠡᠷᠮᠢᠴᠡ ᠤᠨᠴᠠᠯᠢᠭ ᠲᠠᠢ ᠶᠠᠪᠤᠭᠳᠠᠪᠠ ᠁ ᠡᠨᠡ ᠵᠢᠯ᠎ᠦᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ ᠨᠢ 《ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠦ ᠲᠥᠯᠥᠭᠡ᠂ ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠳᠦ ᠲᠦᠱᠢᠭ᠌ᠯᠡᠨ᠎ᠡ — ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢ ᠰᠠᠬᠢᠨ ᠬᠠᠮᠠᠭᠠᠯᠠᠶ᠎ᠠ》 ᠭᠡᠬᠦ ᠪᠡᠷ ᠭᠤᠤᠯ ᠰᠡᠳᠦᠪ ᠪᠤᠯᠭᠠᠵᠤ᠂ ᠪᠦᠬᠦ᠌ ᠣᠷᠣᠨ ᠳᠠᠶᠠᠭᠠᠷ᠎ᠵᠢᠡᠨ ᠣᠯᠠᠨ ᠲᠦᠮᠡᠨ᠎ᠤ ᠣᠢᠯᠠᠭᠠᠬᠤ᠎ᠳᠤ ᠳᠦᠭᠦᠮ᠂ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠳᠠᠮᠵᠢᠭᠤᠯᠤᠨ᠂ ᠰᠦᠯᠵᠢᠶᠡᠨ᠎ᠦ ᠠᠮᠤᠷ ᠲᠦᠪᠱᠢᠨ᠎ᠦ ᠣᠢᠯᠠᠭᠠᠭ᠍ᠳᠠᠬᠤᠨ᠎ᠢ ᠤᠬᠠᠭᠤᠯᠵᠤ᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠲᠦᠭᠡᠮᠡᠯᠵᠢᠭᠦᠯᠵᠦ᠂ ᠰᠦᠯᠵᠢᠶᠡᠨ᠎ᠦ ᠠᠮᠤᠷ ᠲᠦᠪᠱᠢᠨ᠎ᠦ ᠤᠷ᠎ᠠ ᠴᠢᠳᠠᠪᠤᠷᠢ᠎ᠶ᠋ᠢ ᠳᠡᠯᠭᠡᠷᠡᠭᠦᠯᠵᠦ᠂ ᠰᠦᠯᠵᠢᠶᠡᠨ᠎ᠦ ᠠᠮᠤᠷ ᠲᠦᠪᠱᠢᠨ᠎ᠢ ᠰᠡᠷᠭᠡᠢᠯᠡᠬᠦ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

ᠪᠠᠢᠭᠤᠯᠭ᠎ᠠ᠎ᠡᠴᠡ ᠨᠡᠢᠭᠡᠮ ᠲᠣᠭᠣᠷᠢᠭ ᠬᠦᠷᠲᠡᠯ᠎ᠡ᠂ ᠰᠤᠷᠭᠠᠭᠤᠯᠢ᠎ᠶ᠋ᠢᠨ ᠬᠦᠷᠢᠶ᠎ᠠ᠎ᠡᠴᠡ ᠮᠠᠯᠵᠢᠬᠤ ᠣᠷᠣᠨ ᠬᠦᠷᠲᠡᠯ᠎ᠡ ᠁ ᠤᠳᠠᠭ᠎ᠠ ᠪᠦᠷᠢ᠎ᠶ᠋ᠢᠨ ᠱᠢᠨ᠎ᠡ ᠰᠡᠪᠡᠭᠦᠨ ᠬᠡᠯᠪᠡᠷᠢ᠎ᠵᠢᠨ ᠠᠵᠢᠯᠯᠠᠭ᠎ᠠ ᠨᠢ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠨᠢᠲᠦᠨ᠎ᠳᠤ ᠦᠵᠡᠭᠳᠡᠮ᠎ᠡ ᠭᠠᠷ᠎ᠲᠤ ᠪᠠᠷᠢᠭᠳᠠᠮ᠎ᠠ ᠪᠣᠯᠭᠠᠵᠤ᠂ ᠪᠦᠬᠦ᠌ ᠠᠷᠠᠳ᠎ᠢᠶᠠᠷ᠎ᠢᠶᠠᠨ ᠰᠦᠯᠵᠢᠶᠡᠨ᠎ᠣᠷᠣᠨ ᠵᠠᠢ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠴᠤᠭᠴᠠᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

ᠣᠯᠠᠨ ᠡᠱᠢᠲᠦ ᠬᠠᠮᠵᠢᠯᠴᠠᠭ᠎ᠠ᠎ᠪᠠᠷ ᠰᠦᠯᠵᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠴᠤᠭᠴᠠᠯᠠᠪᠠ

ᠲᠣᠰ ᠤᠳᠠᠭᠠᠨ᠎ᠤ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠳᠤ᠂ ᠣᠯᠠᠨ ᠲᠠᠯ᠎ᠠ᠎ᠶ᠋ᠢᠨ ᠬᠢᠨ ᠣᠷᠣᠯᠴᠠᠭ᠍ᠰᠠᠨ᠂ ᠬᠠᠮᠵᠢᠯᠴᠠᠨ ᠬᠤᠷᠰᠢᠯᠴᠠᠬᠰᠠᠨ 《ᠲᠣᠮᠣ ᠰᠦᠯᠵᠢᠶᠡᠨ᠎ᠦ ᠠᠮᠤᠷ ᠲᠦᠪᠱᠢᠨ》 ᠤ᠋ ᠤᠬᠠᠭᠤᠯᠭ᠎ᠠ᠎ᠶ᠋ᠢᠨ ᠪᠠᠢᠷᠢᠱᠢᠯ᠎ᠢ ᠪᠠᠢᠭᠤᠯᠵᠤ᠂ ᠪᠥᠬᠥ᠌ ᠣᠷᠣᠨ᠎ᠤ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠱᠢᠰᠲ᠋ᠧᠮ ᠡᠴᠡ᠎ᠳᠠᠢᠴᠢᠯᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠰᠤᠷᠭᠠᠭᠤᠯᠢ᠂ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠣᠯᠠᠨ ᠭᠤᠤᠯ ᠴᠣᠭ᠍ᠴᠠ ᠬᠠᠮᠵᠢᠯᠴᠠᠭ᠍ᠰᠠᠨ᠂ ᠺᠠᠳ᠋ᠷ ᠣᠯᠠᠨ ᠲᠦᠮᠡᠨ ᠥᠷᠭᠡᠨ᠎ᠢᠶᠡᠷ ᠣᠷᠣᠯᠴᠠᠭ᠍ᠰᠠᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠦᠨ ᠬᠦᠴᠦᠷᠬᠡᠭ ᠶᠡᠬᠡ ᠬᠠᠮᠲᠤᠷᠠᠯ ᠬᠦᠴᠦᠨ ᠪᠠ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠬᠥᠬᠡᠬᠣᠲᠠ᠂ ᠪᠤᠭᠤᠲᠤ ᠬᠤᠳᠠ᠂ ᠤᠷᠳᠤᠰ ᠬᠤᠳᠠ᠂ ᠤᠯᠠᠭᠠᠨᠴᠠᠪ ᠬᠤᠳᠠ 4 ᠭᠠᠵᠠᠷ᠎ᠤᠨ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠰᠠᠯᠠᠭ᠎ᠠ ᠮᠥᠴᠢᠷ ᠬᠠᠮᠲᠤᠷᠠᠯᠴᠠᠭᠠᠨ᠎ᠤ ᠪᠤᠷᠤ ᠲᠦᠯᠦᠪ᠎ᠤᠨ ᠵᠥᠪᠯᠡᠯᠴᠡᠭᠡᠷ ᠲᠣᠭ᠍ᠲᠠᠵᠤ᠂ ᠣᠷᠣᠨ ᠪᠦᠰᠡ᠎ᠶ᠋ᠢᠨ ᠰᠦᠯᠵᠢᠶᠡᠨ᠎ᠦ ᠠᠮᠤᠷ ᠲᠦᠪᠱᠢᠨ᠎ᠦ ᠡᠬᠢ ᠪᠠᠶᠠᠯᠢᠭ᠎ᠢ ᠨᠡᠢᠳᠭᠡᠬᠦ᠌ ᠪᠠ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠠᠬᠢᠭᠤᠯᠪᠠ᠃

ᠴᠢᠳᠠᠪᠤᠷᠢᠲᠠᠨ ᠬᠥᠮᠦᠵᠢᠭᠦᠯᠬᠦ᠌ ᠪᠣᠯ ᠰᠦᠯᠵᠢᠶᠡᠨ᠎ᠦ ᠠᠮᠤᠷ ᠲᠦᠪᠱᠢᠨ᠎ᠦ ᠰᠠᠭᠤᠷᠢ ᠮᠥᠨ᠃ ᠤᠬᠠᠭᠤᠯᠭ᠎ᠠ᠎ᠶ᠋ᠢᠨ ᠭᠠᠷᠠᠭ᠎ᠤᠨ ᠬᠤᠭᠤᠴᠠᠭᠠᠨ᠎ᠳᠤ 《ᠮᠣᠩᠭᠣᠯ ᠮᠣᠷᠢ ᠬᠤᠨᠳᠠᠭᠠᠲᠤ》ᠰᠦᠯᠵᠢᠶᠡᠨ᠎ᠦ ᠠᠮᠤᠷ ᠲᠦᠪᠱᠢᠨ᠎ᠦ ᠤᠷᠤᠯᠳᠤᠭᠠᠨ ᠵᠢᠴᠢ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠪᠠ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠦ ᠬᠠᠮᠢᠶᠠᠷᠤᠭ᠍ᠴᠢ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠡᠷᠭᠡ ᠪᠡᠷ ᠡᠬᠢᠯᠡᠵᠦ᠍᠂ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠤᠨ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠪᠠᠢᠯᠳᠤᠭᠠᠨ᠎ᠤ ᠬᠡᠯᠪᠡᠷᠢ᠎ᠶ᠋ᠢᠨ ᠰᠦᠯᠵᠢᠶᠡᠨ᠎ᠦ ᠠᠮᠤᠷ ᠲᠦᠪᠱᠢᠨ᠎ᠦ ᠴᠢᠳᠠᠪᠤᠷᠢᠲᠠᠨ᠎ᠢ ᠠᠭᠤᠳᠠᠯᠵᠦ ᠬᠥᠮᠦᠵᠢᠭᠦᠯᠪᠡ᠃ ᠰᠦᠯᠵᠢᠶᠡᠨ᠎ᠦ ᠬᠦᠴᠦᠷᠬᠡᠭ ᠤᠯᠤᠰ᠎ᠤᠨ ᠤᠬᠠᠭᠤᠯᠤᠨ ᠲᠠᠢᠯᠪᠤᠷᠢᠯᠠᠭ᠍ᠴᠢ᠂ 《ᠰᠦᠯᠵᠢᠶᠡᠨ᠎ᠦ ᠬᠠᠤᠯᠢ ᠵᠢᠨ ᠮᠡᠷᠭᠡᠨ ᠬᠦᠮᠦᠨ》 ᠤᠬᠠᠭᠤᠯᠤᠨ ᠲᠠᠢᠯᠪᠤᠷᠢᠯᠠᠬᠤ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ᠎ᠳᠤ 19 ᠲᠥᠯᠥᠭᠡᠯᠡᠭ᠌ᠴᠢᠳ᠎ᠦᠨ ᠠᠩᠭᠢ᠎ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠣᠯᠠᠨ ᠬᠠᠷᠠᠭᠠᠰᠤ᠎ᠡᠴᠡ ᠰᠦᠯᠵᠢᠶᠡᠨ᠎ᠦ ᠬᠦᠴᠦᠷᠬᠡᠭ ᠤᠯᠤᠰ᠎ᠤᠨ ᠠᠮᠢᠳᠤᠯᠢᠭ ᠦᠶ᠋ᠯᠡᠳᠦᠯᠭᠡ᠎ᠶ᠋ᠢ ᠨᠠᠢᠳᠠᠪᠤᠷᠢᠵᠢᠭᠤᠯᠬᠤ ᠪᠠ ᠰᠦᠯᠵᠢᠶᠡᠨ᠎ᠦ ᠠᠮᠤᠷ ᠲᠦᠪᠱᠢᠨ᠎ᠢ ᠠᠬᠢᠭᠤᠯᠬᠤ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠨ᠎ᠡ᠎ᠶ᠋ᠢ ᠡᠭᠦᠳᠦᠭᠰᠡᠨ ᠰᠥᠪᠡᠭ᠌ᠴᠢᠯᠡᠯᠲᠡ᠎ᠶ᠋ᠢ ᠢᠯᠡᠷᠡᠭᠦᠯᠵᠦ᠍᠂ ᠦᠵᠡᠯ ᠰᠠᠨᠠᠭᠠᠨ᠎ᠤ ᠦᠨᠳᠦᠷᠴᠡ ᠲᠠᠢ᠂ ᠲᠤᠰᠭᠠᠶ ᠮᠡᠷᠭᠡᠵᠢᠯ᠎ᠦᠨ ᠭᠦᠨᠴᠡ ᠪᠠ ᠬᠠᠢᠷ᠎ᠠ ᠰᠡᠳᠭᠢᠯᠭᠡ᠎ᠲᠠᠢ ᠤᠬᠠᠭᠤᠯᠤᠨ ᠲᠠᠢᠯᠪᠤᠷᠢᠯᠠᠯᠲᠠ᠎ᠪᠤᠯᠵᠠᠢ᠃

7 ᠡᠳᠦᠷ᠎ᠦᠨ ᠬᠤᠭᠤᠴᠠᠭᠠᠨ᠎ᠳᠤ ᠪᠥᠬᠥ᠌ ᠣᠷᠣᠨ᠎ᠤ ᠡᠯ᠎ᠡ ᠨᠠᠮ ᠵᠠᠰᠠᠭ᠎ᠤᠨ ᠪᠠᠢᠭᠤᠯᠭ᠎ᠠ ᠪᠣᠯᠤᠨ 12 ᠠᠢᠮᠠᠭ ᠬᠣᠲᠠ᠂ 2 ᠲᠤᠰᠠᠭᠠᠷ ᠲᠥᠯᠥᠪᠯᠡᠭᠡᠲᠦ ᠬᠣᠲᠠ᠂ 103 ᠬᠣᠱᠢᠭᠤ ᠱᠢᠶᠠᠨ ᠲᠣᠭᠣᠷᠢᠭ ᠵᠦᠶ᠋ᠯ ᠳᠠᠷᠠᠭᠠᠯᠠᠨ ᠲᠣᠭ᠍ᠲᠠᠭ᠍ᠰᠠᠨ ᠬᠥᠳᠡᠯᠭᠡᠭᠡᠨ᠎ᠢ ᠬᠤᠪᠢᠶᠠᠷᠢᠯᠡᠨ ᠥᠷᠨᠢᠭᠦᠯᠵᠦ᠍᠂ ᠥᠪᠡᠰᠦᠪᠡᠨ ᠰᠣᠩᠭᠣᠬᠤ ᠬᠥᠳᠡᠯᠭᠡᠭᠡᠨ᠎ᠢ ᠨᠠᠷᠢᠨ ᠨᠢᠮᠪᠠᠶ ᠲᠣᠬᠢᠷᠠᠭᠤᠯᠵᠤ᠂ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ ᠥᠷᠨᠢᠭᠦᠯᠵᠦ᠍᠂ ᠪᠥᠬᠥ᠌ ᠨᠡᠢᠭᠡᠮ᠎ᠦᠨ ᠬᠡᠪᠴᠢᠶᠡᠨ᠎ᠳᠦ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠰᠠᠢᠲᠤᠷ ᠰᠤᠷᠤᠯᠴᠠᠵᠤ ᠰᠠᠢᠲᠤᠷ ᠬᠡᠷᠡᠭ᠌ᠯᠡᠬᠦ᠌ ᠤᠬᠠᠭᠤᠯᠭ᠎ᠠ᠎ᠶ᠋ᠢᠨ ᠥᠷᠨᠢᠯᠲᠡ ᠭᠠᠷᠭᠠᠪᠠ᠃

ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠬᠤᠪᠢᠶᠠᠷᠢᠴᠢᠯᠠᠨ ᠳᠠᠮᠵᠢᠭᠤᠯᠵᠤ ᠬᠦᠮᠦᠰ᠎ᠤᠨ ᠲᠠᠷᠢᠬᠢᠨ᠎ᠳᠤ ᠰᠢᠨᠭᠭᠡᠭᠡᠵᠦ ᠰᠡᠳᠬᠢᠯ᠎ᠳᠤ ᠬᠠᠳᠠᠨᠭᠰᠢᠭᠤᠯᠪᠠ

ᠲᠤᠰ ᠬᠤᠭᠤᠴᠠᠭᠠᠨ᠎ᠤ ᠤᠬᠠᠭᠤᠯᠭ᠎ᠠ᠎ᠶ᠋ᠢᠨ ᠭᠠᠷᠠᠭ ᠨᠢ ᠠᠳᠠᠯᠢ ᠪᠤᠰᠤ ᠬᠦᠮᠦᠰ᠎ᠤᠨ ᠣᠨᠴᠠᠯᠢᠭ ᠪᠠ ᠪᠣᠳᠠᠲᠠᠢ ᠬᠡᠷᠡᠭ᠌ᠴᠡᠭᠡ᠎ᠳᠦ ᠴᠢᠭ᠌ᠯᠡᠭᠦᠯᠦᠨ ᠬᠤᠪᠢᠶᠠᠷᠢᠴᠢᠯᠠᠭᠰᠠᠨ᠂ ᠤᠯᠠᠨ ᠲᠦᠮᠡᠨ᠎ᠲᠡᠶ ᠤᠢ᠍ᠢᠷᠠᠳᠤᠭ᠍ᠰᠠᠨ ᠠᠯᠢ ᠤᠯᠠᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠦᠨᠡᠨ ᠬᠦ᠌  ᠬᠦᠮᠦᠰ᠎ᠤᠨ ᠲᠠᠷᠢᠬᠢᠨ᠎ᠳᠤ ᠰᠢᠨᠭᠭᠡᠭᠡᠵᠦ ᠰᠡᠳᠬᠢᠯ᠎ᠳᠤ ᠬᠠᠳᠠᠨᠭᠰᠢᠭᠤᠯᠪᠠ᠃

9 ᠰᠠᠷ᠎ᠠ᠎ᠶ᠋ᠢᠨ 19 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠡᠴᠡ ᠭᠤᠤᠯᠯᠠᠨ ᠡᠷᠭᠢᠯᠡᠭ᠌ᠰᠡᠨ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠵᠠᠯᠠᠭᠤᠴᠤᠳ ᠪᠠᠭᠠᠴᠤᠳ᠎ᠤᠨ ᠡᠳᠦᠷ᠎ᠦᠨ ᠭᠤᠤᠯ ᠰᠡᠳᠦᠪᠲᠦ ᠠᠵᠢᠯᠯᠠᠭ᠎ᠠ ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠵᠤ᠂ 100 ᠭᠠᠷᠤᠶ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠣᠷᠣᠯᠴᠠᠵᠠᠶ᠃ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠲᠠᠢᠯᠤᠮᠵᠢ ᠨᠢ ᠰᠦᠯᠵᠢᠶᠡᠨ᠎ᠦ ᠤᠨᠠᠭᠤᠯᠢ ᠵᠢ ᠢᠯᠡᠷᠡᠭᠦᠯᠵᠦ᠍᠂ ᠰᠤᠷᠤᠭ᠍ᠴᠢᠳ᠎ᠲᠤ ᠮᠡᠬᠡᠯᠡᠯ᠎ᠦᠨ ᠠᠷᠭ᠎ᠠ ᠵᠠᠮ᠎ᠢ ᠲᠣᠳᠣᠷᠬᠠᠶ ᠦᠵᠡᠭᠦᠯᠵᠦ᠍᠂ ᠰᠣᠨᠢᠷᠬᠠᠯᠲᠤ ᠠᠰᠠᠭᠤᠯᠲᠠ ᠬᠠᠷᠢᠭᠤᠯᠲᠠ ᠨᠢ ᠰᠣᠷᠣᠭ᠍ᠰᠠᠨ ᠮᠡᠳᠡᠯᠭᠡ᠎ᠵᠢ ᠨᠢ ᠪᠡᠬᠢᠵᠢᠭᠦᠯᠪᠡ᠃ ᠱᠢᠷᠢᠰ ᠠᠵᠢᠯᠯᠠᠭ᠎ᠠ ᠨᠢ ᠬᠠᠷᠢᠯᠴᠠᠨ ᠠᠪᠴᠠᠯᠳᠤᠵᠤ᠂ ᠪᠠᠶᠠᠷ ᠴᠡᠩᠭᠡᠯ᠎ᠤᠨ ᠳᠤᠮᠳᠠ ᠰᠤᠷᠭᠠᠨ ᠬᠥᠮᠦᠵᠢᠭᠦᠯᠬᠦ ᠵᠢ ᠠᠬᠢᠭᠤᠯᠪᠠ᠃

ᠰᠤᠷᠭᠠᠭᠤᠯᠢ᠎ᠶ᠋ᠢᠨ ᠬᠦᠷᠢᠶᠡᠨ᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠬᠠᠪᠰᠤᠷᠤᠨ ᠵᠢᠯᠤᠭᠤᠳᠤᠭ᠍ᠴᠢ᠎ᠵᠢᠨ ᠲᠣᠭᠣᠷᠢᠭ ᠱᠢᠷᠡᠭᠡ》 ᠪᠣᠯᠤᠨ ᠰᠦᠯᠵᠢᠶᠡᠨ᠎ᠦ ᠠᠮᠤᠷ ᠲᠦᠪᠱᠢᠨ᠎ᠦ ᠪᠢᠴᠢᠯ ᠸᠢᠳᠢᠣ᠋᠎ᠪᠠᠷ ᠠᠴᠢᠶᠠᠯᠠᠪᠤᠷᠢ ᠪᠣᠯᠭᠠᠵᠤ᠂ ᠵᠠᠯᠠᠭᠤᠴᠤᠳ ᠪᠠᠭᠠᠴᠤᠳ᠎ᠤᠨ ᠪᠠᠬᠠᠷᠬᠠᠳᠠᠭ 《ᠰᠦᠯᠵᠢᠶᠡᠨ᠎ᠦ ᠦᠭᠡ ᠬᠡᠯᠡᠯᠭᠡ》 ᠪᠡᠷ ᠰᠦᠯᠵᠢᠶᠡᠨ᠎ᠦ ᠠᠮᠤᠷ ᠲᠦᠪᠱᠢᠨ᠎ᠦ ᠬᠥᠮᠦᠵᠢᠯ᠎ᠦᠨ ᠲᠠᠲᠠᠬᠤ ᠬᠦᠴᠦᠨ ᠪᠣᠯᠤᠨ ᠨᠥᠯᠥᠭᠡᠯᠡᠬᠦ᠌ ᠬᠦᠴᠦᠨ᠎ᠢ ᠨᠡᠮᠡᠭ᠌ᠳᠡᠭᠦᠯᠪᠡ᠃ ᠴᠠᠬᠢᠯᠭᠠᠨ ᠬᠣᠯᠪᠣᠭᠠᠨ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠴᠠᠬᠢᠯᠭᠠᠨ ᠬᠣᠯᠪᠣᠭᠠᠨ᠎ᠤ ᠠᠵᠤ ᠠᠬᠤᠢᠯᠠᠯ᠎ᠲᠠᠶ ᠬᠠᠮᠲᠤᠷᠠᠨ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠪᠡᠷ ᠮᠡᠬᠡᠯᠡᠯ᠎ᠢ ᠡᠰᠡᠷᠭᠦᠴᠡᠬᠦ᠌ ᠮᠡᠳᠡᠯᠭᠡ᠎ᠶ᠋ᠢ ᠲᠦᠭᠡᠮᠡᠯᠵᠢᠭᠦᠯᠵᠦ᠍᠂ 《ᠪᠥᠬᠥ᠌ ᠬᠡᠯᠬᠢᠶ᠎ᠡ᠎ᠪᠡᠷ ᠰᠡᠷᠭᠡᠢᠯᠡᠨ ᠡᠵᠡᠮᠳᠡᠬᠦ᠌᠂ ᠥᠷᠭᠡᠨ᠎ᠢᠶᠡᠷ ᠤᠬᠠᠭᠤᠯᠬᠤ᠂ ᠪᠥᠬᠥ᠌ ᠠᠵᠢᠯ ᠲᠥᠷᠥᠯ ᠬᠠᠮᠲᠤ᠎ᠪᠠᠷ ᠵᠠᠰᠠᠬᠤ》ᠮᠡᠬᠡᠯᠡᠯ᠎ᠢ ᠡᠰᠡᠷᠭᠦᠴᠡᠬᠦ᠌ ᠱᠢᠨ᠎ᠡ ᠲᠣᠭ᠍ᠲᠡᠴᠡ᠎ᠶ᠋ᠢᠨ ᠪᠦᠷᠢᠯᠳᠦᠬᠦ᠌᠎ᠶ᠋ᠢ ᠠᠬᠢᠭᠤᠯᠪᠠ᠃ ᠬᠠᠤᠯᠢ ᠪᠡᠷ ᠵᠠᠰᠠᠬᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠢᠲᠡᠯᠡᠬᠦ᠌ ᠬᠤᠷᠠᠯ᠎ᠬᠢᠵᠦ《ᠰᠦᠯᠵᠢᠶ᠎ᠡ᠎ᠶ᠋ᠢ ᠴᠡᠪᠡᠷᠱᠢᠭᠦᠯᠬᠦ᠌》᠂《ᠰᠦᠯᠵᠢᠶ᠎ᠡ᠎ᠶ᠋ᠢ ᠬᠠᠮᠠᠭᠠᠯᠠᠬᠤ》 ᠠᠵᠢᠯᠯᠠᠭ᠎ᠠ᠎ᠶ᠋ᠢᠨ ᠦᠷ᠎ᠡ ᠪᠦᠲᠦᠭᠡᠯ ᠪᠣᠯᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠨ ᠮᠡᠳᠡᠭ᠌ᠳᠡᠵᠦ᠍᠂ ᠰᠦᠯᠵᠢᠶᠡᠨ᠎ᠦ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳ᠋ᠤ ᠬᠦᠴᠦᠲᠡᠶ ᠰᠦᠷᠳᠡᠭᠦᠯᠦᠯ ᠦᠵᠡᠬᠦᠯᠦᠭᠰᠡᠨ ᠪᠠᠢᠨ᠎ᠠ᠃

ᠮᠥᠩᠭᠥᠨ ᠭᠦᠶ᠋ᠯᠭᠡᠭᠡᠨ᠎ᠦ ᠡᠳᠦᠷ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ 《ᠵᠣᠭᠣᠰᠣᠨ ᠴᠦᠩᠬᠦ᠌᠎ᠪᠡᠨ ᠪᠠᠲᠤ ᠰᠠᠬᠢᠬᠤ》 ᠲᠤᠰᠭᠠᠶ ᠰᠡᠳᠦᠪᠲᠦ ᠤᠬᠠᠭᠤᠯᠭ᠎ᠠ᠎ᠶ᠋ᠢ ᠥᠷᠨᠢᠭᠦᠯᠵᠦ᠍᠂ ᠣᠯᠠᠨ ᠨᠡᠢᠲᠡ᠎ᠶ᠋ᠢᠨ ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠪᠡ᠃ ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠪᠣᠯᠤᠨ ᠡᠮᠡᠭ᠌ᠲᠡᠢᠴᠦᠳ᠎ᠦᠨ ᠬᠣᠯᠪᠣᠭ᠎ᠠ ᠬᠠᠮᠲᠤ᠎ᠪᠠᠷ  ᠨᠡᠢᠭᠡᠮ ᠲᠣᠭᠣᠷᠢᠭ ᠪᠣᠯᠤᠨ ᠠᠵᠢᠯᠴᠢᠨ᠎ᠤ ᠡᠪᠯᠡᠯ᠎ᠦᠨ ᠥᠷᠲᠡᠭᠡ᠎ᠳᠦ ᠬᠤᠪᠢ ᠬᠥᠮᠦᠨ᠎ᠦ ᠮᠡᠳᠡᠭᠡ ᠵᠠᠩᠭᠢ᠎ᠶ᠋ᠢ ᠬᠠᠮᠠᠭᠠᠯᠠᠬᠤ ᠤᠬᠠᠭᠤᠯᠭ᠎ᠠ᠎ᠶ᠋ᠢ ᠵᠣᠬᠢᠶᠠᠨ ᠪᠠᠢᠭᠤᠯᠬᠤ᠎ᠶ᠋ᠢᠨ ᠬᠠᠮᠲᠤ ᠬᠤᠯᠪᠤᠭᠠᠯᠠᠨ ᠰᠠᠨᠠᠭᠠᠴᠢᠯᠠᠭ᠎ᠠ ᠭᠠᠷᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠪᠣᠯᠤᠨ ᠡᠮᠡᠭ᠌ᠲᠡᠢᠴᠦᠳ᠎ᠢ ᠰᠦᠯᠵᠢᠶᠡᠨ ᠣᠷᠣᠨ ᠵᠠᠶ᠎ᠶ᠋ᠢᠨ ᠬᠠᠮᠠᠭᠠᠯᠠᠭ᠍ᠴᠢ ᠪᠣᠯᠬᠤ ᠵᠢ  ᠤᠷᠢᠶᠠᠯᠠᠪᠠ᠃

ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ᠂ ᠣᠯᠠᠨ ᠬᠠᠷᠠᠭᠠᠰᠤ᠎ᠵᠢᠨ ᠤᠬᠠᠭᠤᠯᠭ᠎ᠠ ᠨᠢ ᠪᠥᠬᠥ᠌ ᠠᠷᠠᠳ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠮᠰᠠᠷ ᠪᠠ ᠰᠡᠷᠭᠡᠢᠯᠡᠨ ᠬᠠᠮᠠᠭᠠᠯᠠᠬᠤ ᠤᠷ᠎ᠠ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃

ᠬᠡᠯᠪᠡᠷᠢ᠎ᠵᠢᠨ ᠱᠢᠨ᠎ᠡ᠎ᠶ᠋ᠢ ᠡᠭᠦᠳᠴᠦ  ᠪᠡᠶᠡᠴᠢ ᠣᠢᠯᠠᠭᠠᠯᠲᠠ ᠪᠡᠷ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ

ᠡᠨᠡ ᠵᠢᠯ᠎ᠦᠨ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠳᠤ  ᠡᠯ᠎ᠡ ᠵᠦᠶ᠋ᠯ᠎ᠦᠨ ᠱᠢᠨ᠎ᠡ ᠰᠡᠪᠡᠭᠦᠨ ᠪᠥᠭᠡᠳ ᠰᠣᠨᠢᠷᠬᠠᠯᠲᠠᠶ 《ᠤᠷᠠᠨ ᠠᠷᠭ᠎ᠠ》 ᠵᠠᠯᠭᠠᠭ᠎ᠠ᠎ᠪᠠᠷ ᠢᠯᠡᠷᠡᠵᠦ᠍᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠪᠡᠶᠡᠴᠢᠯᠡᠨ ᠣᠢᠯᠠᠭᠠᠭᠤᠯᠬᠤ ᠳᠤᠮᠳᠠ ᠬᠦᠮᠦᠰ᠎ᠤᠨ ᠰᠡᠳᠬᠢᠯ ᠳ᠋ᠦ ᠬᠠᠳᠠᠩᠰᠢᠭᠤᠯᠪᠠ᠃

ᠬᠥᠬᠡᠬᠣᠲᠠ ᠣᠯᠠᠨ ᠭᠠᠵᠠᠷ᠎ᠲᠤ  ᠳ᠋ᠧᠩ ᠠᠰᠠᠭᠠᠬᠤ᠂ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢ ᠪᠦᠷᠢᠨ ᠪᠥᠷᠬᠥᠭᠦᠯᠬᠦ᠌ ᠵᠡᠷᠭᠡ ᠬᠡᠯᠪᠡᠷᠢ᠎ᠪᠡᠷ ᠳᠠᠮᠵᠢᠭᠤᠯᠤᠨ ᠰᠦᠯᠵᠢᠶᠡᠨ᠎ᠦ ᠠᠮᠤᠷ ᠲᠦᠪᠱᠢᠨ᠎ᠦ ᠤᠬᠠᠮᠰᠠᠷ᠎ᠢ ᠬᠣᠲᠠ᠎ᠶ᠋ᠢᠨ ᠰᠤᠳᠠᠰᠤᠨ᠎ᠳᠤ ᠠᠭᠤᠰᠭᠠᠨ ᠣᠷᠣᠭᠤᠯᠪᠠ᠃ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠨᠠᠢᠷᠠᠭᠤᠯᠤᠨ ᠵᠣᠬᠢᠶᠠᠭ᠍ᠰᠠᠨ ᠮᠡᠬᠡᠯᠡᠯ᠎ᠢ ᠡᠰᠡᠷᠭᠦᠴᠡᠬᠦ᠌ ᠦᠵᠡᠭ᠌ᠳᠡᠯᠲᠦ ᠵᠦᠴᠦᠭᠡ 《ᠬᠣᠶᠠᠳᠤᠭᠠᠷ ᠨᠠᠭᠠᠴᠤ᠌ ᠡᠵᠢ᠎ᠶ᠋ᠢᠨ〈ᠮᠡᠬᠡᠯᠡᠯ᠎ᠢ ᠡᠰᠡᠷᠭᠦᠴᠡᠬᠦ᠌ ᠬᠣᠯᠪᠣᠭ᠎ᠠ〉》 ᠨᠢ ᠬᠡᠷ ᠪᠦᠯᠢ᠎ᠶ᠋ᠢᠨ ᠵᠦᠴᠦᠭᠡ᠎ᠶ᠋ᠢᠨ ᠦᠶ᠋ᠯᠡ ᠶᠠᠪᠤᠳᠠᠯ᠎ᠢᠶᠠᠷ ᠮᠡᠬᠡᠯᠡᠯ᠎ᠦᠨ ᠠᠷᠭ᠎ᠠ ᠪᠠᠱᠢᠷ᠎ᠢ ᠢᠯᠡᠴᠢᠯᠡᠪᠡ᠃ ᠬᠥᠯᠥᠨ ᠪᠤᠢ᠌ᠷ ᠬᠤᠳᠠ᠎ᠶ᠋ᠢᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠦᠨᠳᠦᠰᠦᠲᠡᠨ᠎ᠦ ᠲᠠᠭᠤᠷᠢᠯᠢᠭ ᠪᠣᠯᠤᠨ ᠤᠷᠠᠯᠢᠭ᠎ᠤᠨ ᠲᠦᠷᠢ ᠲᠥᠷᠬᠦ᠌᠎ᠳᠦ ᠠᠭᠤᠰᠤᠯᠴᠠᠭᠤᠯᠵᠤ᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠤᠯᠠᠨ ᠲᠦᠮᠡᠨ᠎ᠦ ᠳᠡᠷᠭᠡᠳᠡ ᠬᠦᠷᠭᠡᠪᠡ᠃ ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠳᠤ  ᠥᠪᠡᠷᠮᠢᠴᠡ ᠣᠨᠴᠠᠯᠢᠭ ᠪᠦᠬᠦᠢ 《ᠰᠦᠯᠵᠢᠶᠡᠨ᠎ᠦ ᠠᠮᠤᠷ ᠲᠦᠪᠱᠢᠨ᠎ᠤ ᠎ᠦᠶ᠋ᠯᠡᠴᠢᠯᠡᠭᠡ ᠪᠡᠷ ᠣᠯᠠᠨ ᠲᠦᠮᠡᠨ᠎ᠦ ᠵᠣᠯ ᠵᠢᠷᠭᠠᠯ᠎ᠤᠨ ᠱᠤᠭᠤᠮ᠎ᠢ ᠰᠠᠬᠢᠨ ᠬᠠᠮᠠᠭᠠᠯᠠᠬᠤ》 ᠠᠵᠢᠯᠯᠠᠭ᠎ᠠ᠎ᠨᠢ ᠲᠠᠢᠰᠠᠨ᠎ᠤ ᠦᠵᠡᠭᠦᠯᠭᠡ᠂ ᠬᠤᠷᠱᠢᠯᠴᠠᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ ᠥᠭ᠌ᠬᠦ ᠪᠠ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠢᠬᠦ᠌ ᠵᠡᠷᠭᠡ ᠣᠯᠠᠨ ᠡᠰᠢᠲᠦ ᠬᠡᠯᠪᠡᠷᠢ ᠵᠢ ᠠᠭᠤᠰᠤᠯᠴᠠᠭᠤᠯᠤᠨ᠂ ᠮᠠᠯᠴᠢᠨ ᠲᠠᠷᠢᠶᠠᠴᠢᠨ ᠣᠯᠠᠨ ᠲᠦᠮᠡᠨ᠎ᠤ ᠮᠡᠭᠡᠯᠡᠯ᠎ᠢ ᠢᠯᠭᠠᠨ ᠲᠠᠨᠢᠵᠤ ᠰᠡᠷᠭᠡᠢᠯᠡᠬᠦ ᠤᠬᠠᠮᠰᠠᠷ᠎ᠢ ᠨᠢ ᠴᠢᠩᠭᠠᠳᠭᠠᠪᠠ᠃

ᠠᠮᠢᠳᠤ  ᠪᠤᠳᠠᠳᠠᠢ ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ᠂ ᠣᠢᠯᠠᠭᠠᠬᠤ᠎ᠳᠤ ᠬᠢᠯᠪᠠᠷ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠸᠢᠳᠢᠣ᠋᠂ ᠰᠣᠨᠢᠷᠬᠠᠯᠲᠠᠶ ᠮᠡᠳᠡᠯᠭᠡ᠎ᠶ᠋ᠢᠨ ᠠᠰᠠᠭᠤᠯᠲᠠ ᠬᠠᠷᠢᠭᠤᠯᠲᠠ ᠁ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠠᠬᠤᠢ ᠲᠠᠯᠠᠪᠠᠢ᠎ᠵᠢᠨ ᠬᠠᠷᠢᠯᠴᠠᠨ ᠬᠥᠳᠡᠯᠦᠯᠴᠡᠬᠦ᠌ ᠪᠠ ᠰᠦᠯᠵᠢᠶᠡᠨ ᠳᠡᠭᠡᠷ᠎ᠡ ᠤᠯᠠᠮᠵᠢᠯᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠡᠯ᠎ᠡ ᠲᠥᠷᠥᠯ᠎ᠦᠨ ᠠᠵᠢᠯᠯᠠᠭ᠎ᠠ᠎ᠶ᠋ᠢ 6300 ᠭᠠᠷᠤᠶ ᠲᠠᠯᠠᠪᠤᠷ ᠤᠳᠠᠭ᠎ᠠ ᠡᠷᠭᠢᠯᠡᠵᠦ᠍᠂ ᠬᠡᠷ᠎ᠦᠨ ᠭᠠᠳᠠᠨᠠᠬᠢ ᠡᠯᠧᠺᠲ᠋ᠷᠣᠨ ᠳᠡᠯᠭᠡᠴᠡ᠎ᠶ᠋ᠢ 6000 ᠭᠠᠷᠤᠶ ᠬᠡᠰᠡᠭ ᠳᠠᠢᠴᠢᠯᠠᠨ᠂ ᠰᠦᠯᠵᠢᠶᠡᠨ᠎ᠦ ᠠᠮᠤᠷ ᠲᠦᠪᠱᠢᠨ᠎ᠦ ᠭᠤᠤᠯ ᠰᠡᠳᠦᠪᠲᠦ ᠨᠡᠢᠲᠡ᠎ᠶ᠋ᠢᠨ ᠠᠰᠠᠷᠠᠮᠵᠢ᠎ᠶ᠋ᠢᠨ ᠣᠬᠣᠷ ᠮᠡᠳᠡᠭᠡ᠎ᠶ᠋ᠢ 1.06 ᠳ᠋ᠦᠩᠱᠢᠭᠤᠷ ᠵᠤᠷᠪᠤᠰ ᠢᠯᠡᠭᠡᠵᠦ᠍᠂ ᠪᠥᠬᠥ᠌ ᠠᠷᠠᠳ᠎ᠲᠤ ᠰᠦᠯᠵᠢᠶᠡᠨ᠎ᠦ ᠠᠮᠤᠷ ᠲᠦᠪᠱᠢᠨ᠎ᠢ ᠠᠩᠬᠠᠷᠬᠤ᠎ᠶ᠋ᠢ ᠰᠠᠨᠠᠭᠤᠯᠪᠠ᠃

ᠤᠬᠠᠭᠤᠯᠭ᠎ᠠ᠎ᠶ᠋ᠢᠨ ᠭᠠᠷᠠᠭ᠎ᠤᠨ ᠲᠡᠭᠦᠰᠭᠦ᠎ᠶ᠋ᠢ ᠳᠠᠭᠠᠯᠳᠤᠨ᠂ ᠰᠦᠯᠵᠢᠶᠡᠨ᠎ᠦ ᠠᠮᠤᠷ ᠲᠦᠪᠱᠢᠨ᠎ᠦ ᠤᠬᠠᠮᠰᠠᠷ ᠨᠢᠭᠡᠨᠲᠡ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠡ᠎ᠶ᠋ᠢᠨ ᠠᠯᠪᠠᠨ ᠬᠡᠷ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠰᠦᠯᠵᠢᠶᠡᠨ᠎ᠦ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号