ᠥᠪᠥᠷ ᠮᠣᠩᠭᠣᠯ 3.16 ᠳ᠋ᠦᠩᠱᠢᠭᠤᠷ ᠲᠥᠭᠥᠷᠢᠭ ᠤ᠋ᠨ᠎ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠠᠰᠤᠵᠤ ᠬᠡᠯᠳᠦᠷᠢᠭᠦᠯᠪᠠ
2025-10-12 11:42:13
ᠵᠣᠬᠢᠶᠠᠭ᠍ᠴᠢ᠄
​ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠡᠴᠡ ᠤᠢᠯᠠᠭᠠᠭᠰᠠᠨ ᠢ᠋ᠢᠡᠷ᠂ ᠤᠯᠤᠰ ᠤ᠋ᠨ ᠪᠠᠶᠠᠷ ᠪᠤᠯᠤᠨ ᠨᠠᠶ᠋ᠮᠠᠨ ᠰᠠᠷ᠎ᠠ ᠢ᠋ᠢᠨ ᠲᠡᠷᠭᠡᠯ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠳ᠋ᠤ ᠥᠪᠥᠷ ᠮᠣᠩᠭᠣᠯ 7 ᠰᠠᠭᠤᠳᠠᠯ ᠵᠢᠴᠢ ᠲᠡᠭᠦᠨ ᠡᠴᠡ ᠳᠣᠷᠣᠭ᠍ᠰᠢᠬᠢ ᠪᠠᠭ᠎ᠠ ᠬᠡᠯᠪᠡᠷᠢ ᠢ᠋ᠢᠨ ᠠᠶᠠᠨᠴᠢᠳ ᠤ᠋ᠨ ᠮᠠᠱᠢᠨ ᠲᠡᠷᠭᠡ ᠡᠴᠡ ᠨᠡᠢᠲᠡ 3.16 ᠳ᠋ᠦᠩᠱᠢᠭᠤᠷ ᠲᠥᠭᠥᠷᠢᠭ ᠤ᠋ᠨ᠎ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠠᠰᠤᠵᠤ ᠬᠡᠯᠳᠦᠷᠢᠭᠦᠯᠪᠠ᠃

ᠠᠮᠠᠷᠠᠯᠳᠠ ᠵᠢᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ 《ᠨᠢᠭᠡ ᠥᠷᠲᠡᠭᠡ ᠳ᠋ᠤ ᠨᠢᠭᠡ ᠲᠥᠷᠥ ᠢ᠋ᠢᠨ ᠪᠣᠳᠣᠯᠭ᠎ᠠ ᠬᠡᠷᠡᠭ᠌ᠵᠢᠭᠦᠯᠬᠦ᠌》᠂ 《ᠨᠢᠭᠡ ᠵᠠᠮ᠎ᠳᠤ ᠨᠢᠭᠡ ᠲᠥᠷᠥ ᠢ᠋ᠢᠨ ᠪᠣᠳᠣᠯᠭ᠎ᠠ  ᠬᠡᠷᠡᠭ᠌ᠵᠢᠭᠦᠯᠬᠦ᠌》᠂  《ᠨᠢᠭᠡ ᠲᠣᠭᠣᠷᠢᠭ ᠲᠤ᠌ ᠨᠢᠭᠡ ᠲᠥᠷᠥ ᠢ᠋ᠢᠨ ᠪᠣᠳᠣᠯᠭ᠎ᠠ ᠬᠡᠷᠡᠭ᠌ᠵᠢᠭᠦᠯᠬᠦ᠌》 ᠵᠠᠷᠴᠢᠮ ᠶᠣᠰᠣᠭᠠᠷ᠂ ᠪᠠᠴᠢᠮ ᠪᠠᠢᠳᠠᠯ ᠢ᠋ ᠠᠷᠭᠠᠴᠠᠭᠠᠬᠤ 420 ᠪᠡᠯᠡᠳᠭᠡᠯ ᠲᠥᠰᠦᠯ ᠲᠣᠭ᠍ᠲᠠᠭᠠᠵᠤ᠂ ᠠᠮᠤᠷ ᠲᠦᠪᠱᠢᠨ ᠤ᠋ ᠬᠡᠮ ᠰᠣᠭᠣᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ ᠥᠷᠨᠢᠭᠦᠯᠤᠨ᠂ 1269 ᠵᠦᠶ᠋ᠯ ᠤ᠋ᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠪᠠ; ᠳᠣᠲᠣᠭᠠᠳᠤ ᠢ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠴᠠᠭ᠍ᠳᠠᠭ᠎ᠠ ᠪᠠ ᠵᠠᠮ ᠬᠠᠷᠢᠯᠴᠠᠭᠠᠨ ᠤ᠋ ᠬᠠᠤᠯᠢ ᠬᠡᠷᠡᠭ᠌ᠵᠢᠭᠦᠯᠬᠦ᠌ ᠨᠢᠭᠡᠴᠢ ᠲᠠᠢ ᠬᠠᠮᠲᠤᠷᠠᠨ 504 ᠤᠳᠠᠭ᠎ᠠ ᠡᠭᠦᠷᠭᠡ ᠭᠦᠢᠴᠡᠳᠬᠡᠵᠤ᠂ ᠬᠣᠯᠠ ᠡᠴᠡ ᠰᠠᠯᠭᠠᠨ ᠳᠣᠭᠢᠷᠠᠭᠤᠯᠬᠤ᠂ ᠣᠢᠷ᠎ᠠ ᠡᠴᠡ ᠬᠠᠮᠢᠶᠠᠷᠤᠨ ᠡᠵᠡᠮᠳᠡᠬᠦ᠌᠂ ᠠᠶᠠᠨᠴᠢᠨ ᠪᠠ ᠪᠠᠷᠠᠭ᠎ᠠ ᠢ᠋ᠢ ᠰᠠᠯᠭᠠᠨ ᠳᠣᠭᠢᠷᠠᠭᠤᠯᠬᠤ᠂ ᠲᠡᠷᠭᠡᠨ ᠵᠠᠮ ᠢ᠋ ᠨᠡᠮᠡᠭ᠌ᠳᠡᠭᠦᠯᠬᠦ᠌ ᠵᠡᠷᠭᠡ ᠠᠷᠭ᠎ᠠ ᠬᠡᠯᠪᠡᠷᠢ ᠪᠡᠷ ᠵᠠᠮ ᠨᠡᠪᠲᠡᠷᠡᠯᠭᠡ ᠢ᠋ᠢᠨ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠦᠭᠰᠡᠨ ᠪᠠᠢᠨ᠎ᠠ᠃

ᠠᠮᠠᠷᠠᠯᠲᠠ ᠢ᠋ᠢᠨ ᠬᠤᠭᠤᠴᠠᠭᠠᠨ ᠤ᠋ ᠦᠶ᠋ᠯᠡᠴᠢᠯᠡᠭᠡᠨ ᠤ᠋ ᠶᠠᠰᠤ ᠴᠢᠨᠠᠷ ᠢ᠋ ᠪᠠᠲᠤᠯᠠᠬᠤ ᠢ᠋ᠢᠨ ᠲᠥᠯᠥᠭᠡ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠵᠠᠮ ᠬᠠᠷᠢᠯᠴᠠᠭ᠎ᠠ ᠪᠠ ᠵᠢᠭᠤᠯᠴᠢᠯᠠᠯ ᠤ᠋ᠨ ᠠᠭᠤᠰᠤᠯᠴᠠᠯ ᠢ᠋ ᠭᠤᠤᠯᠳᠠᠯᠭ᠎ᠠ ᠲᠠᠢ ᠠᠬᠢᠭᠤᠯᠵᠤ᠂ ᠭᠤᠤᠯ ᠰᠡᠳᠦᠪᠲᠦ ᠵᠢᠭᠤᠯᠴᠢᠯᠠᠯ ᠤ᠋ᠨ ᠠᠵᠢᠯᠯᠠᠭ᠎ᠠ ᠢ᠋ᠢ ᠤᠬᠠᠭᠠᠯᠠᠨ ᠰᠡᠳᠦᠵᠦ᠍᠂ ᠣᠨᠴᠠᠯᠢᠭ᠍ᠲᠤ ᠦᠶ᠋ᠯᠡᠴᠢᠯᠡᠭᠡᠨ ᠤ᠋ ᠲᠣᠭᠣᠷᠢᠭ  ᠪᠠᠢᠭᠤᠯᠵᠤ᠂ ᠵᠠᠰᠠᠮᠠᠯ ᠵᠠᠮ ᠳᠠᠭᠠᠤ ᠢ᠋ᠢᠨ ᠠᠵᠤ ᠠᠬᠤᠶ ᠬᠢᠭᠡᠳ 《ᠥᠪᠥᠷ ᠮᠣᠩᠭᠣᠯ ᠨᠡᠷᠡᠮᠵᠢᠲᠦ》ᠦᠶ᠋ᠯᠡᠳᠬᠦᠨ ᠤ᠋ ᠬᠥᠭ᠌ᠵᠢᠯᠲᠡ ᠢ᠋ᠢ ᠳᠠᠢᠴᠢᠯᠠᠪᠠ; ᠡᠨᠧᠷᠭᠢ ᠢ᠋ᠢᠨ ᠪᠠᠲᠤᠯᠠᠭ᠎ᠠ ᠢ᠋ᠢ ᠴᠢᠩᠭᠠᠳᠭᠠᠵᠤ᠂ ᠲᠤᠰᠤ ᠬᠡᠢ ᠴᠠᠬᠢᠯᠭᠠᠨ ᠨᠥᠭᠡᠴᠡᠯᠡᠬᠦ᠌ ᠪᠠ ᠲᠣᠣᠷ ᠴᠡᠭ ᠤ᠋ᠨ ᠪᠠᠢᠷᠢᠰᠢᠭᠤᠯᠤᠯᠲᠠ ᠢ᠋ᠢ ᠱᠢᠯᠢᠳᠡᠭ᠌ᠵᠢᠭᠦᠯᠤᠨ᠂ ᠴᠠᠬᠢᠯᠭᠠᠨ ᠴᠡᠨᠡᠭ᠌ᠯᠡᠬᠦ᠌ ᠲᠥᠬᠥᠭᠡᠷᠦᠮᠵᠢ ᠢ᠋ᠢᠨ ᠠᠵᠢᠯᠯᠠᠭᠠᠨ ᠤ᠋ ᠬᠠᠮᠢᠶᠠᠷᠤᠯᠳᠠ ᠢ᠋ᠢ ᠴᠢᠩᠭᠠᠳᠭᠠᠵᠤ᠂ ᠠᠮᠠᠷᠠᠯᠲᠠ ᠢ᠋ᠢᠨ ᠬᠤᠭᠤᠴᠠᠭᠠᠨ ᠳ᠋ᠤ ᠨᠡᠢᠳᠡ 44 ᠲᠦᠮᠡᠨ ᠤᠳᠠᠭ᠎ᠠ ᠵᠢᠨ ᠲᠤᠰᠤ ᠨᠡᠮᠡᠬᠦ᠌ ᠦᠢᠯᠡᠴᠢᠯᠡᠭᠡ᠂ 12.67 ᠲᠦᠮᠡᠨ ᠤᠳᠠᠭ᠎ᠠ ᠵᠢᠨ ᠴᠠᠬᠢᠯᠭᠠᠨ ᠴᠡᠨᠡᠭ᠌ᠯᠡᠬᠦ᠌ ᠦᠢᠯᠡᠴᠢᠯᠡᠭᠡ ᠬᠠᠩᠭᠠᠪᠠ᠃ ᠪᠠᠰᠠ ᠣᠶᠤᠨᠴᠢᠯᠠᠭ᠍ᠰᠠᠨ ᠬᠠᠮᠢᠶᠠᠷᠤᠯᠲᠠ ᠢ᠋ᠢ ᠠᠬᠢᠭᠤᠯᠵᠤ᠂ ᠵᠦᠸᠧᠽᠢ ᠱᠠᠨ ᠦᠢᠯᠡᠴᠢᠯᠡᠭᠡᠨ ᠤ᠋ ᠲᠣᠭᠣᠷᠢᠭ ᠲᠦ᠍ ᠣᠶᠤᠨᠴᠢ ᠱᠢᠰᠲ᠋ᠧᠮ ᠵᠢᠡᠷ ᠳᠠᠮᠵᠢᠨ ᠲᠡᠷᠭᠡᠨ ᠵᠣᠭ᠍ᠰᠣᠭᠠᠯ ᠢ᠋ ᠬᠥᠲᠥᠯᠥᠨ ᠵᠢᠯᠣᠭᠣᠳᠭᠤ᠂ ᠠᠮᠤᠷ ᠲᠦᠪᠱᠢᠨ ᠢ᠋ ᠬᠢᠨᠠᠨ ᠡᠵᠡᠮᠳᠡᠬᠦ᠌ ᠪᠠ ᠥᠨᠳᠥᠷ ᠪᠦᠲᠦᠮᠵᠢᠲᠡᠢ ᠪᠡᠷ ᠲᠣᠬᠢᠷᠠᠭᠤᠯᠬᠤ ᠢ᠋ᠢ ᠪᠡᠶᠡᠯᠡᠭᠦᠯᠵᠦ᠍᠂ ᠡᠵᠡᠩᠨᠡᠯᠲᠡ ᠢ᠋ᠢᠨ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号