ᠤᠯᠠᠭᠠᠨᠬᠠᠳᠠ ᠬᠤᠲᠠ ᠵᠢᠨ ᠰᠣᠶᠣᠯ ᠵᠢᠭᠤᠯᠴᠢᠯᠠᠯᠤᠨ ᠲᠣᠪᠴᠢᠶᠠᠠᠴᠠ ᠣᠢᠯᠠᠭᠠᠭ᠍ᠰᠠᠨ ᠵᠢᠡᠷ᠂ ᠤᠯᠤᠰ ᠤ᠋ᠨ ᠪᠠᠶᠠᠷ᠂ ᠨᠠᠢ᠍ᠮᠠᠨ ᠰᠠᠷᠠ ᠵᠢᠨ ᠲᠡᠷᠭᠡᠯ ᠪᠠᠶᠠᠷ ᠤ᠋ᠨ ᠠᠮᠠᠷᠠᠯᠲᠠᠵᠢᠨ ᠬᠤᠭᠤᠴᠠᠭᠠᠨ ᠳ᠋ᠦ ᠤᠯᠠᠭᠠᠨᠬᠠᠳᠠ ᠬᠤᠲᠠ ᠤᠯᠤᠰᠤᠨ ᠳᠣᠲᠣᠭᠠᠳᠤ ᠵᠢᠨ ᠵᠢᠭᠤᠯᠴᠢᠯᠠᠭᠴᠢ ᠵᠢ ᠨᠡᠢᠲᠡ 330.47 ᠲᠦᠮᠡᠨ ᠬᠥᠮᠦᠨ ᠤᠳᠠᠭᠠ ᠬᠦᠯᠢᠶᠡᠨ ᠠᠪᠴᠤ᠂ ᠪᠥᠬᠦ᠌ ᠣᠷᠣᠨ ᠳ᠋ᠤ ᠬᠤᠶᠠᠳᠤᠭᠠᠷᠲᠤ ᠣᠷᠣᠵᠤ᠂ ᠠᠳᠠᠯᠢ ᠬᠤᠭᠤᠴᠠᠭᠠᠨ ᠤ᠋ ᠬᠢ ᠡᠴᠡ 13.81%ᠪᠠᠷ ᠨᠡᠮᠡᠭ᠌ᠳᠡᠪᠡ᠃ ᠵᠢᠭᠤᠯᠴᠢᠯᠠᠭᠰᠠᠳ ᠤ᠋ᠨ ᠪᠦᠬᠦ᠌ ᠵᠠᠷᠤᠳᠠᠯ 23.22 ᠳ᠋ᠦᠩᠱᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨᠤ ᠬᠢᠡᠴᠡ 13.95% ᠪᠡᠷ ᠨᠡᠮᠡᠭ᠌ᠳᠡᠪᠡ᠃
ᠵᠢᠭᠤᠯᠴᠢᠯᠠᠯ ᠤ᠋ᠨ ᠵᠠᠬᠠ ᠳᠡᠯᠭᠡᠭᠦᠷ ᠲᠤ᠌ ᠨᠠᠩ ᠰᠠᠢᠨ ᠦᠶ᠋ᠯᠡᠴᠢᠯᠡᠬᠦ᠌ ᠵᠢᠨ ᠲᠥᠯᠥᠭᠡ ᠤᠯᠠᠭᠠᠨᠬᠠᠳᠠ ᠬᠣᠲᠠ ᠭᠦᠶ᠋ᠴᠡᠳ ᠪᠡᠯᠡᠳᠭᠡᠯ ᠬᠢᠵᠤ᠂ ᠤᠷᠤᠯᠳᠤᠭᠠᠨ᠂ ᠲᠣᠭ᠍ᠯᠠᠯᠲᠠ᠂ ᠠᠵᠢᠯᠯᠠᠭᠠ᠂ ᠦᠵᠡᠭᠦᠯᠭᠡ᠂ ᠰᠣᠶᠣᠯ ᠤ᠋ᠨ ᠦᠵᠡᠰᠭᠦᠯᠡᠩ ᠵᠡᠷᠭᠡ ᠭᠣᠸ᠋ᠯ ᠰᠡᠳᠦᠪᠦᠨ ᠲᠣᠭᠣᠷᠢᠨᠳᠤ 5 ᠶᠡᠬᠡ ᠲᠥᠷᠥᠯ᠂ 158 ᠵᠦᠶ᠋ᠯ ᠤ᠋ᠨ ᠭᠣᠸ᠋ᠯᠳᠠᠯᠭᠠ ᠲᠠᠢ ᠰᠣᠶᠣᠯ ᠵᠢᠭᠤᠯᠴᠢᠯᠠᠯ ᠤ᠋ᠨ ᠠᠵᠢᠯᠯᠠᠭᠠ ᠥᠷᠨᠢᠭᠦᠯᠵᠡᠢ᠃
ᠤᠯᠤᠰᠤᠨ ᠪᠠᠶᠠᠷᠤᠨ ᠠᠮᠠᠷᠠᠯᠲᠠ ᠵᠢᠨ ᠬᠤᠭᠤᠴᠠᠭᠠᠨᠳᠡᠬᠢ ᠵᠠᠬᠠ ᠳᠡᠯᠭᠡᠭᠦᠷᠦᠨ ᠠᠮᠤᠷ ᠲᠦᠪᠱᠢᠨ᠂ ᠡᠮᠬᠢ ᠳᠢᠭ᠌ᠯᠢᠮ ᠢ᠋ ᠪᠠᠲᠤᠯᠠᠬᠤᠶ᠋ᠢᠨ ᠲᠥᠯᠥᠭᠡ ᠤᠯᠠᠭᠠᠨᠬᠠᠳᠠ ᠬᠣᠲᠠ ᠤᠯᠠᠨ ᠲᠠᠯᠠ ᠵᠢᠨ ᠴᠡᠭ᠌ᠴᠡᠯᠡᠨ ᠵᠠᠰᠠᠬᠤ ᠠᠵᠢᠯᠯᠠᠭᠠ ᠥᠷᠨᠢᠭᠦᠯᠦᠭᠰᠡᠨ ᠮᠦᠷᠲᠡᠭᠡᠨ ᠡᠳᠦᠷ ᠪᠦᠷᠢ ᠦᠵᠡᠮᠵᠢᠶ᠋ᠢᠨ ᠣᠷᠣᠨ ᠵᠢᠡᠷ ᠵᠢᠭᠤᠯᠴᠢᠯᠠᠯ ᠤ᠋ᠨ ᠪᠦᠯᠬᠦᠮ ᠢ᠋ ᠳᠠᠭᠠᠵᠤ ᠳᠠᠯᠳᠠᠭᠤᠷ ᠪᠠᠢᠴᠠᠭᠠᠯᠲᠠ ᠬᠢᠵᠦ᠍᠂ ᠵᠢᠭᠤᠯᠴᠢᠯᠠᠯ ᠤ᠋ᠨ ᠵᠠᠮᠴᠢᠯᠠᠭᠴᠢ ᠵᠢᠨ ᠠᠵᠢᠯ ᠡᠷᠭᠢᠯᠡᠬᠦ᠌ ᠵᠢᠷᠤᠮᠵᠢᠯ᠂ ᠪᠠᠷᠠᠭᠠ ᠬᠤᠳᠠᠯᠳᠤᠨ ᠠᠪᠬᠤ ᠭᠠᠵᠠᠷ ᠲᠤ᠌ ᠪᠠᠢᠬᠤ ᠬᠤᠭᠤᠴᠠᠭᠠ᠂ ᠵᠢᠭᠤᠯᠴᠢᠯᠠᠭ᠍ᠰᠠᠳᠤᠨ ᠬᠠᠷᠢᠭᠤ ᠲᠤᠰᠭᠠᠯ ᠵᠡᠷᠭᠡ ᠵᠢ ᠭᠣᠸ᠋ᠯᠳᠠᠯᠭᠠᠲᠠᠶ ᠪᠠᠢᠴᠠᠭᠠᠵᠤ᠂ ᠵᠢᠭᠤᠯᠴᠢᠯᠠᠭ᠍ᠰᠠᠳ ᠤ᠋ᠨ ᠬᠠᠸ᠋ᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠬᠠᠮᠠᠭᠠᠯᠠᠭᠰᠠᠨ ᠪᠠᠢᠨᠠ᠃