ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠲᠣᠮᠣ ᠵᠠᠭ᠍ᠪᠤᠷ᠎ᠤᠨ ᠰᠤᠳᠤᠯᠭᠠᠨ᠎ᠤ ᠬᠦᠷᠢᠶᠡᠯᠡᠩ ᠲᠦᠷᠦᠬᠦᠬᠡᠨ ᠬᠥᠬᠡᠬᠣᠲᠠ᠎ᠳᠤ ᠪᠠᠢᠭᠤᠯᠤᠭ᠍ᠳᠠᠵᠤ᠂ ᠥᠪᠥᠷ ᠮᠣᠩᠭᠣᠯ᠎ᠤᠨ ᠠᠩᠬᠠᠳᠠᠭ᠍ᠴᠢ ᠪᠥᠬᠥ᠌ ᠲᠡᠯᠡᠭᠡᠢ ᠳ᠋ᠤ ᠬᠠᠨᠳᠤᠭᠤᠯᠤᠭ᠍ᠰᠠᠨ ᠱᠢᠨ᠎ᠡ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠲᠣᠮᠣ ᠵᠠᠭ᠍ᠪᠤᠷ — 《IMUT ᠤᠶᠤᠨᠳᠤ ᠲᠤᠮᠤ ᠵᠠᠬᠪᠤᠷ》 ᠢ᠋ ᠵᠢᠩᠬᠢᠨᠢ᠎ᠪᠡᠷ ᠨᠡᠢᠲᠡᠯᠡᠪᠡ᠃ ᠡᠨᠡ ᠨᠢ ᠥᠪᠥᠷ ᠮᠣᠩᠭᠣᠯ᠎ᠤᠨ ᠵᠤᠬᠢᠶᠠᠮᠠᠯ ᠤᠶᠤᠨ ᠴᠢᠳᠠᠪᠤᠷᠢ ᠬᠢᠭᠡᠳ ᠰᠢᠨ᠎ᠠ ᠡᠨᠧᠷᠬᠢ ᠵᠢᠨ ᠬᠦᠷᠢᠶᠡᠨ ᠳ᠋ᠡᠬᠢ ᠬᠦᠨᠵᠡᠭᠡᠢ ᠠᠭᠤᠰᠤᠯᠴᠠᠯ᠎ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠤᠶᠤᠨᠴᠢᠯᠠᠬ᠍ᠰᠠᠨ ᠦᠢᠯᠡᠳᠪᠦᠷᠢᠯᠡᠯ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠤᠷᠤᠨ ᠨᠤᠳᠤᠭ ᠦᠨ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠠ ᠳ᠋ᠤ ᠰᠢᠨ᠎ᠠ ᠠᠮᠢᠵᠢᠷᠠᠯ ᠦᠨ ᠬᠦᠴᠦᠨ ᠤᠯᠭᠤᠬᠤ ᠪᠤᠯᠤᠨ᠎ᠠ᠃
ᠤᠢᠯᠠᠭᠠᠭᠰᠠᠨ᠎ᠢᠶᠡᠷ᠂ ᠲᠤᠰ ᠰᠤᠳᠤᠯᠭᠠᠨ᠎ᠤ ᠬᠦᠷᠢᠶᠡᠯᠡᠩ᠎ᠨᠢ 《ᠱᠢᠨ᠎ᠡ ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠂ ᠣᠷᠣᠨ ᠪᠦᠰᠡ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌᠂ ᠠᠵᠤ ᠦᠶ᠋ᠯᠡᠰ᠎ᠦᠨ ᠲᠠᠰ ᠳᠡᠪᠱᠢᠬᠦ᠌ ᠳ᠋ᠤ ᠴᠢᠳᠠᠪᠤᠷᠢ ᠤᠯᠭᠤᠬᠤ》ᠣᠢᠯᠠᠭᠠᠭ᠍ᠳᠠᠬᠤᠨ ᠢ ᠪᠠᠷᠢᠮᠲᠠᠯᠠᠨ᠂ 《ᠮᠡᠷᠭᠡᠵᠢᠯ᠎ᠦᠨ ᠦᠶ᠋ᠯᠡᠳᠬᠦᠨ᠎ᠢ ᠨᠠᠢᠳᠠᠪᠤᠷᠢᠵᠢᠭᠤᠯᠵᠤ᠂ ᠠᠵᠤ ᠠᠬᠤᠢᠯᠠᠯ ᠤᠨ ᠬᠡᠷᠡᠭ᠌ᠴᠡᠭᠡ ᠱᠠᠭᠠᠷᠳᠠᠯᠭ᠎ᠠ᠎ᠳᠤ ᠦᠶ᠋ᠯᠡᠴᠢᠯᠡᠬᠦ᠌》 ᠪᠠᠷ ᠵᠣᠷᠢᠯᠲᠠ ᠪᠣᠯᠭᠠᠵᠤ᠂ 《ᠴᠢᠳᠠᠪᠤᠷᠢᠲᠠᠨ ᠢ ᠤᠷᠢᠨ ᠠᠪᠴᠢᠷᠠᠬᠤ + ᠱᠢᠨ᠎ᠡ᠎ᠶ᠋ᠢ ᠡᠭᠦᠳᠴᠦ᠍ ᠬᠥᠲᠥᠯᠥᠨ ᠳᠠᠭᠠᠭᠤᠯᠬᠤ + ᠦᠶ᠋ᠯᠡᠳᠬᠦᠨ ᠢ ᠨᠠᠢᠳᠠᠪᠤᠷᠢᠵᠢᠭᠤᠯᠬᠤ》ᠨᠢᠭᠡ ᠴᠣᠭ᠍ᠴᠠᠵᠢᠭᠤᠯᠤᠭ᠍ᠰᠠᠨ ᠬᠥᠭ᠌ᠵᠢᠯᠲᠡ᠎ᠶ᠋ᠢᠨ ᠵᠠᠭ᠍ᠪᠤᠷ᠎ᠢ ᠪᠠᠢᠭᠤᠯᠵᠤ᠂ 《AI + ᠡᠨᠧᠷᠭᠢ》 ᠶ᠋ᠢᠨ ᠭᠤᠤᠯ ᠱᠢᠪᠲᠤᠯᠤᠯᠲᠠ᠎ᠶ᠋ᠢᠨ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠭ᠍ᠰᠠᠨ ᠰᠤᠳᠤᠯᠭᠠᠨ᠎ᠤ ᠲᠥᠪ᠎ᠲᠦ ᠲᠦᠱᠢᠭ᠌ᠯᠡᠨ᠂ ᠰᠤᠷᠭᠠᠭᠤᠯᠢ᠎ᠶ᠋ᠢᠨ ᠳᠠᠪᠠᠭᠤᠯᠢᠭ ᠱᠢᠨᠵᠢᠯᠡᠭᠡᠨ᠎ᠦ ᠰᠠᠯᠠᠭ᠎ᠠ᠎ᠶ᠋ᠢ ᠭᠦᠨᠵᠡᠭᠡᠶ ᠠᠭᠤᠰᠤᠯᠴᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠬᠢ ᠪᠠᠶᠠᠯᠢᠭ᠂ ᠴᠢᠨᠠᠷ ᠰᠠᠢᠲᠠᠶ ᠠᠵᠤ ᠠᠬᠤᠢᠯᠠᠯ᠎ᠤᠨ ᠡᠬᠢ ᠪᠠᠶᠠᠯᠢᠭ ᠵᠢᠴᠢ ᠥᠪᠥᠷ ᠮᠣᠩᠭᠣᠯ᠎ᠤᠨ ᠲᠣᠰ ᠭᠠᠵᠠᠷ᠎ᠤᠨ ᠳᠠᠭᠠᠭᠤᠯᠤᠭ᠍ᠴᠢ ᠠᠵᠤ ᠠᠬᠤᠢᠯᠠᠯ᠎ᠤᠨ ᠡᠬᠢ ᠪᠠᠶᠠᠯᠢᠭ᠎ᠢ ᠬᠣᠯᠪᠣᠵᠤ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠠᠵᠤ ᠠᠬᠤᠶ᠎ᠶ᠋ᠢᠨ ᠳᠡᠭᠡᠳᠦ ᠳᠡᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠢᠵᠢᠬᠦ᠌ ᠳᠠᠢᠰᠢ ᠤᠷᠤᠭ᠍ᠰᠢᠯᠠᠬᠤ᠎ᠳᠤ ᠬᠦᠴᠦᠨ ᠨᠡᠮᠡᠷᠢᠯᠡᠨ᠎ᠡ᠃
《IMUT ᠤᠶᠤᠨᠳᠤ ᠲᠤᠮᠤ ᠵᠠᠬᠪᠤᠷ》ᠪᠣᠯ ᠲᠣᠮᠣ ᠵᠠᠭ᠍ᠪᠤᠷ᠎ᠤᠨ ᠰᠤᠳᠤᠯᠭᠠᠨ᠎ᠤ ᠬᠦᠷᠢᠶᠡᠯᠡᠩ᠎ᠦᠨ ᠠᠩᠬᠠᠳᠠᠭ᠍ᠴᠢ ᠴᠢᠬᠤᠯᠠ ᠶᠡᠬᠡ ᠦᠷ᠎ᠡ ᠪᠦᠲᠦᠭᠡᠯ ᠮᠥᠨ᠃ ᠲᠣᠰ ᠵᠠᠭ᠍ᠪᠤᠷ᠎ᠨᠢ ᠰᠤᠷᠭᠠᠭᠤᠯᠢ᠎ᠶ᠋ᠢᠨ ᠡᠨᠧᠷᠭᠢ᠎ᠶ᠋ᠢᠨ ᠬᠥᠳᠡᠯᠭᠡᠬᠦ ᠬᠦᠴᠦᠨ᠂ ᠵᠣᠬᠢᠶᠠᠮᠠᠯ ᠣᠶᠤᠨ ᠴᠢᠳᠠᠪᠤᠷᠢ ᠵᠡᠷᠭᠡ ᠳᠠᠪᠠᠭᠤᠯᠢᠭ ᠱᠢᠨᠵᠢᠯᠡᠭᠡᠨ᠎ᠦ ᠰᠠᠯᠠᠭ᠎ᠠ᠎ᠳᠤ ᠲᠦᠱᠢᠭ᠌ᠯᠡᠨ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠡᠪᠡᠷᠱᠢᠶᠡᠯ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ API ᠶ᠋ᠢ ᠪᠥᠬᠥ᠌ ᠪᠥᠮᠪᠥᠷᠴᠡᠭ᠎ᠲᠦ ᠬᠣᠯᠪᠣᠨ ᠨᠡᠪᠲᠡᠷᠡᠭᠦᠯᠬᠦ᠌᠎ᠶ᠋ᠢ ᠴᠢᠯᠥᠭᠡᠲᠡᠶ ᠪᠣᠯᠭᠠᠵᠤ᠂ ᠪᠥᠬᠥ᠌ ᠪᠥᠮᠪᠥᠷᠴᠡᠭ᠎ᠦᠨ ᠮᠡᠷᠭᠡᠵᠢᠯ᠎ᠦᠨ ᠬᠠᠮᠵᠢᠯᠴᠠᠭ᠎ᠠ ᠬᠢᠭᠡᠳ ᠬᠡᠷᠡᠭ᠌ᠯᠡᠭᠡᠨ᠎ᠦ ᠵᠠᠮ ᠢ ᠪᠥᠬᠥ᠌ ᠲᠠᠯ᠎ᠠ᠎ᠪᠠᠷ ᠨᠡᠪᠲᠡᠷᠡᠭᠦᠯᠵᠦ᠍᠂ ᠭᠡᠮ ᠰᠤᠭᠤᠭ᠎ᠢ ᠪᠠᠢᠴᠠᠭᠠᠨ ᠬᠡᠮᠵᠢᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠪᠠᠢᠴᠠᠭᠠᠨ ᠬᠡᠮᠵᠢᠬᠦ᠌ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠦᠨ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠦᠨ ᠥᠷᠲᠡᠭ ᠢ ᠪᠠᠭᠤᠷᠠᠭᠤᠯᠬᠤ᠂ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠳ᠋ᠤ ᠤᠯᠠᠮ ᠴᠢᠨᠠᠭᠰᠢᠳᠠ ᠬᠦᠴᠦᠨ ᠨᠡᠮᠡᠷᠢᠯᠡᠬᠦ ᠪᠤᠯᠤᠨ᠎ᠠ᠃
《ᠲᠣᠮᠣ ᠵᠠᠭ᠍ᠪᠤᠷ ᠤᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠤᠬᠰᠠᠨ ᠨᠢ ᠰᠤᠷᠭᠠᠭᠤᠯᠢ᠎ᠶ᠋ᠢᠨ ᠤᠯᠤᠰ᠎ᠤᠨ ᠱᠢᠨ᠎ᠡ ᠨᠢᠭᠡ ᠦᠶ᠎ᠡ᠎ᠶ᠋ᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ᠌ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ〈ᠱᠢᠪᠲᠤᠯᠤᠯᠲᠠ〉 ᠶ᠋ᠢᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠮᠥᠨ᠃ ᠢᠷᠡᠭᠡᠳᠦᠶ᠎ᠳᠦ ᠪᠢᠳᠡ ᠰᠤᠳᠤᠯᠭᠠᠨ᠎ᠤ ᠬᠦᠷᠢᠶᠡᠯᠡᠩ᠎ᠢᠶᠡᠷ ᠠᠴᠢᠶᠠᠯᠠᠪᠤᠷᠢ ᠪᠣᠯᠭᠠᠨ᠂ ᠵᠣᠬᠢᠶᠠᠨ ᠪᠠᠢᠭᠤᠯᠤᠯᠲᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠴᠢᠩᠭᠠᠳᠭᠠᠵᠤ᠂ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠦᠨ᠂ ᠠᠵᠤ ᠦᠶ᠋ᠯᠡᠳᠪᠦᠷᠢ ᠶ᠋ᠢᠨ ᠣᠶᠤᠨᠳᠤ ᠱᠢᠨ᠎ᠡ᠎ᠶ᠋ᠢ ᠡᠭᠦᠳᠬᠦ᠌ ᠥᠨᠳᠥᠷᠯᠢᠭ ᠪᠠ ᠠᠵᠤ ᠦᠶ᠋ᠯᠡᠰ ᠬᠢᠭᠡᠳ ᠰᠤᠷᠭᠠᠨ ᠬᠥᠮᠦᠵᠢᠯ᠎ᠦᠨ ᠠᠭᠤᠰᠤᠯᠴᠠᠯ ᠤᠨ ᠵᠢᠱ᠌ᠢᠶ᠎ᠡ ᠦᠵᠡᠭᠦᠯᠬᠦ᠌ ᠭᠠᠵᠠᠷ᠎ᠢ ᠬᠦᠴᠦᠯᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠶ᠋ᠯᠡᠳᠪᠦᠷᠢ᠎ᠵᠢ ᠣᠶᠤᠨᠴᠢᠯᠠᠭ᠍ᠰᠠᠨ ᠬᠡᠯᠪᠡᠷᠢᠳᠡᠢᠰᠢ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ》ᠭᠡᠵᠦ᠍ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ ᠵᠢᠨ ᠱᠦᠵᠢ ᠯᠢ ᠵᠠᠨ ᠹᠸᠩ ᠢᠯᠡᠷᠬᠡᠢᠯᠡᠪᠡ᠃