ᠦᠪᠦᠷ ᠮᠤᠩᠭᠤᠯ 2.4 ᠳ᠋ᠦᠩᠱᠢᠭᠤᠷ ᠲᠥᠭᠥᠷᠢᠭ ᠪᠠᠭᠤᠯᠭᠠᠵᠤ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠳᠡᠮᠵᠢᠵᠤ ᠪᠤᠢ
2025-10-13 11:21:18
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠰᠤᠷᠪᠤᠯᠵᠢᠯᠠᠭᠴᠢ ᠦᠪᠦᠷ ᠮᠤᠩᠭᠤᠯ᠎ᠦᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠣᠲᠣ ᠪᠣᠯᠲᠠᠯ᠎ᠠ ᠦᠪᠦᠷ ᠮᠤᠩᠭᠤᠯ᠎ᠦᠨ ᠥᠪᠡᠷᠲᠡᠭᠡᠨ ᠵᠠᠰᠠᠬᠤ ᠣᠷᠣᠨ᠎ᠠᠴᠠ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢᠨ ᠲᠤᠰᠭᠠᠶ ᠪᠠᠯᠠ ᠮᠥᠩᠭᠥ᠎ᠶ᠋ᠢ ᠨᠡᠢᠲᠡ 2.4 ᠳ᠋ᠦᠩᠱᠢᠭᠤᠷ ᠲᠥᠭᠥᠷᠢᠭ ᠪᠠᠭᠤᠯᠭᠠᠵᠤ᠂ ᠳᠤᠮᠳᠠᠳᠤ  ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠪᠠᠭ᠍ᠰᠢ ᠎ᠶ᠋ᠢᠨ ᠤᠯᠤᠰ ᠎ᠤᠨ  ᠲᠠᠰ ᠎ᠤᠨ  ᠪᠤᠯᠪᠠᠰᠤᠷᠡᠯ  ᠤ᠋ᠨ ᠲᠥᠯᠥᠪᠯᠡᠭᠡ᠎ᠶ᠋ᠢ ᠥᠷᠨᠢᠭᠦᠯᠬᠦ᠌᠂ 《ᠭᠤᠷᠪᠠᠨ ᠣᠷᠣᠨ》 ᠎ᠤ᠋ ᠴᠢᠳᠠᠪᠤᠷᠢᠲᠠᠨ ᠢ᠋ ᠲᠡᠮᠵᠢᠬᠦ ᠲᠥᠯᠥᠪᠯᠡᠭᠡ ᠎ᠶ᠋ᠢᠨ ᠪᠠᠭ᠍ᠰᠢ᠎ᠶ᠋ᠢᠨ ᠲᠤᠰᠭᠠᠶ ᠠᠵᠢᠯ᠎ᠢ ᠥᠷᠨᠢᠭᠦᠯᠬᠦ᠌ ᠱᠢᠯᠢᠳᠡᠭ ᠵᠠᠯᠠᠭᠤ ᠪᠠᠭ᠍ᠰᠢ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠵᠡᠷᠭᠡ ᠠᠵᠢᠯ ᠢ᠋  ᠳᠡᠮᠵᠢᠵᠦ᠍᠂ ᠪᠠᠭ᠍ᠰᠢ᠎ᠶ᠋ᠢᠨ ᠡᠩᠨᠡᠭᠡ᠎ᠶ᠋ᠢᠨ ᠬᠡᠪ  ᠪᠤᠯᠪᠠᠰᠤᠷᠡᠯ  ᠢ᠋  ᠳᠡᠭᠡᠭ᠌ᠰᠢᠯᠡᠭᠦᠯᠬᠦ᠌᠎ᠳᠦ  ᠬᠦᠴᠦᠲᠡᠶ  ᠲᠤᠯᠭᠠᠭᠤᠷᠢᠯᠠᠯ  ᠬᠠᠨᠭᠭᠠᠪᠠ᠃

2025 ᠣᠨ᠎ᠳᠤ ᠦᠪᠦᠷ ᠮᠤᠩᠭᠤᠯ 2955 ᠲᠦᠮᠡᠨ ᠲᠥᠭᠥᠷᠢᠭ ᠲᠣᠬᠢᠷᠠᠭᠤᠯᠵᠤ ᠬᠥᠳᠡᠭᠡ ᠲᠣᠰᠭᠣᠨ᠎ᠤ ᠪᠠᠭ᠍ᠰᠢ᠎ᠶ᠋ᠢᠨ ᠠᠮᠢᠳᠤᠷᠠᠯ᠎ᠤᠨ ᠨᠥᠬᠥᠪᠥᠷᠢ ᠮᠥᠩᠭᠥ ᠤᠯᠭᠤᠬᠤ ᠳ᠋ᠤ ᠬᠡᠷᠡᠭᠯᠡᠵᠤ᠂ ᠬᠥᠳᠡᠭᠡ ᠲᠣᠰᠭᠣᠨ᠎ᠤ ᠰᠤᠷᠭᠠᠭᠤᠯᠢ᠎ᠳᠤ ᠠᠵᠢᠯᠯᠠᠵᠤ ᠪᠠᠢᠭ᠎ᠠ ᠪᠠᠭ᠍ᠰᠢ ᠨᠢᠭᠡᠪᠦᠷᠢ᠎ᠳᠦ ᠰᠠᠷ᠎ᠠ ᠪᠦᠷᠢ 300 ᠲᠥᠭᠥᠷᠢᠭ᠎ᠦᠨ ᠠᠮᠢᠳᠤᠷᠠᠯ᠎ᠤᠨ ᠨᠥᠬᠥᠪᠥᠷᠢ ᠣᠯᠭᠣᠵᠤ᠂ ᠲᠣᠰᠭᠣᠨ᠎ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠯᠲᠠ᠎ᠶ᠋ᠢᠨ ᠴᠡᠭ᠎ᠲᠦ ᠠᠵᠢᠯᠯᠠᠵᠤ ᠪᠠᠢᠭ᠎ᠠ ᠪᠠᠭ᠍ᠰᠢ ᠨᠢᠭᠡᠪᠦᠷᠢ᠎ᠳᠦ ᠰᠠᠷ᠎ᠠ ᠪᠦᠷᠢ 400 ᠲᠥᠭᠥᠷᠢᠭ᠎ᠦᠨ ᠠᠮᠢᠳᠤᠷᠠᠯ᠎ᠤᠨ ᠨᠥᠬᠥᠪᠥᠷᠢ ᠣᠯᠭᠣᠵᠤ᠂ ᠪᠠᠭ᠍ᠰᠢ᠎ᠶ᠋ᠢᠨ ᠬᠥᠳᠡᠭᠡ ᠲᠣᠰᠭᠣᠨ᠎ᠳᠤ ᠠᠵᠢᠯᠯᠠᠬᠤ᠎ᠳᠤ ᠨᠠᠩ ᠪᠦᠲᠦᠮᠵᠢᠲᠡᠶ ᠠᠮᠢᠳᠤᠷᠠᠯ᠎ᠤᠨ ᠪᠠᠲᠤᠯᠠᠭ᠎ᠠ ᠬᠠᠨᠭᠭᠠᠪᠠ; ᠱᠢᠯᠢᠳᠡᠭ ᠪᠠᠭ᠍ᠰᠢ᠎ᠶ᠋ᠢ ᠰᠣᠩᠭᠣᠨ ᠲᠣᠮᠢᠯᠠᠬᠤ᠎ᠶ᠋ᠢ ᠳᠡᠮᠵᠢᠵᠦ᠍ ᠬᠣᠱᠢᠭᠤ ᠱᠢᠶᠠᠨ᠎ᠤ ᠱᠠᠲᠤᠨ᠎ᠠᠴᠠ ᠳᠣᠷᠣᠭ᠍ᠰᠢᠬᠢ ᠪᠠᠭ᠍ᠰᠢ ᠢ᠋ᠢᠨ ᠡᠨᠭᠨᠡᠬᠡ ᠢ᠋ᠢᠨ ᠪᠠᠢᠭᠤᠯᠤᠯᠳᠡ ᠪᠠᠭᠤᠷᠠᠶ ᠰᠤᠷᠭᠠᠭᠤᠯᠢ᠎ᠳᠤ ᠪᠦᠯᠬᠦᠮ ᠪᠠᠢᠭᠤᠯᠬᠤ ᠮᠠᠶᠢᠭ᠎ᠢ᠋ᠢᠡᠷ ᠲᠤᠰᠠᠯᠠᠮᠵᠢ ᠦᠵᠡᠭᠦᠯᠵᠦ᠍᠂ ᠱᠢᠯᠢᠳᠡᠭ ᠵᠠᠯᠠᠭᠤ ᠪᠠᠭ᠍ᠰᠢ᠎ᠨᠠᠷ᠎ᠲᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠬᠦ᠌ ᠰᠤᠷᠭᠠᠨ ᠬᠥᠮᠦᠵᠢᠯ᠎ᠢ ᠳᠡᠮᠵᠢᠬᠦ᠌ ᠨᠥᠬᠥᠪᠥᠷᠢ ᠮᠥᠩᠭᠥ᠌ 1389 ᠲᠦᠮᠡᠨ ᠲᠥᠭᠥᠷᠢᠭ ᠲᠣᠬᠢᠷᠠᠭᠤᠯᠵᠤ᠂ ᠦᠶ᠋ᠯᠡᠴᠢᠯᠡᠭᠡᠨ᠎ᠦ ᠬᠤᠭᠤᠴᠠᠭᠠᠨ᠎ᠳᠤ ᠬᠦᠳᠡᠬᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠢ᠋ᠢ ᠠᠬᠢᠭᠤᠯᠬᠤ ᠰᠤᠷᠭᠠᠨ ᠬᠥᠮᠦᠵᠢᠯ᠎ᠢ ᠳᠡᠮᠵᠢᠬᠦ᠌ ᠪᠠᠭ᠍ᠰᠢ᠎ᠨᠢᠬᠡᠪᠤᠷᠢ ᠳ᠋ᠤ᠌ ᠡᠳᠦᠷ᠎ᠲᠦ 100 ᠲᠥᠭᠥᠷᠢᠭ᠎ᠦᠨ ᠪᠠᠷᠢᠮᠵᠢᠶ᠎ᠠ᠎ᠪᠠᠷ ᠠᠮᠢᠳᠤᠷᠠᠯ᠎ᠤᠨ ᠨᠥᠬᠥᠪᠥᠷᠢ ᠣᠯᠭᠣᠪᠡ᠃ ᠡᠲᠡᠭᠡᠷ ᠪᠠᠯᠠ ᠮᠥᠩᠭᠥ᠎ᠶ᠋ᠢᠨ ᠣᠷᠣᠭᠤᠯᠤᠯᠲᠠ ᠪᠠ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠨᠢ ᠬᠥᠳᠡᠭᠡ ᠲᠣᠰᠭᠣᠨ᠎ᠳᠤ ᠠᠵᠢᠯᠯᠠᠵᠤ ᠪᠠᠢᠭ᠎ᠠ ᠪᠠᠭ᠍ᠰᠢ᠎ᠳ᠋ᠤ᠌ ᠬᠠᠷᠠᠭᠠᠯᠵᠠᠯ ᠦᠵᠡᠬᠦᠯᠬᠦ ᠢ᠋ᠢ ᠬᠦᠴᠦᠲᠡᠶ ᠪᠠᠲᠤᠯᠠᠵᠤ᠂ ᠬᠥᠳᠡᠭᠡ ᠲᠣᠰᠭᠣᠨ᠎ᠤ ᠰᠤᠷᠭᠠᠨ ᠬᠥᠮᠦᠵᠢᠯ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠣᠯᠭᠣᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号